ᠤᠷᠭᠤᠮᠠᠯ ᠤᠨ ᠬᠢᠵᠢᠭ ᠪᠠᠶᠢᠴᠠᠭᠠᠬᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ ᠮᠠᠨ ᠤ ᠣᠷᠣᠨ ᠤ ᠲᠠᠷᠢᠶᠠᠯᠠᠩ ᠤᠨ ᠦᠢᠯᠡᠳᠪᠦᠷᠢᠯᠡᠯ ᠤᠨ ᠠᠮᠤᠷ ᠲᠦᠪᠰᠢᠨ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2024/10/12
      ᠮᠠᠨ ᠤ ᠣᠷᠣᠨ ᠤ ᠤᠷᠭᠤᠮᠠᠯ ᠤᠨ ᠬᠢᠵᠢᠭ ᠪᠠᠶᠢᠴᠠᠭᠠᠬᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠥᠬᠦ ᠣᠷᠣᠨ ᠤ ᠲᠤᠰᠬᠠᠢ ᠲᠤᠰᠢᠶᠠᠯᠲᠤ ᠤᠷᠭᠤᠮᠠᠯ ᠤᠨ ᠬᠢᠵᠢᠭ ᠪᠠᠶᠢᠴᠠᠭᠠᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯ ᠤᠨ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠬᠦ  ᠶᠢᠨ ᠲᠤᠰᠠᠳᠠ᠂ 10 ᠰᠠᠷ᠎ᠠ ᠶᠢᠨ 9︱10 ᠤ ᠡᠳᠦᠷ ᠪᠣᠯᠲᠠᠯ᠎ᠠ ᠥᠪᠡᠷᠲᠡᠭᠡᠨ ᠵᠠᠰᠠᠬᠤ ᠣᠷᠣᠨ ᠤ ᠤᠷᠭᠤᠮᠠᠯ ᠤᠨ ᠬᠠᠮᠠᠭᠠᠯᠠᠯᠲᠠ ᠤᠷᠭᠤᠮᠠᠯ ᠤᠨ ᠪᠠᠶᠢᠴᠠᠭᠠᠯᠲᠠ ᠶᠢᠨ ᠲᠥᠪ ᠠᠴᠠ ᠲᠦᠩᠯᠢᠶᠣᠣ ᠬᠤᠲᠠ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠪᠦᠯᠦᠭ ᠤᠨ ᠰᠢᠨ᠎ᠡ ᠪᠠᠷ ᠨᠡᠮᠡᠭᠳᠡᠭᠦᠯᠬᠦ ᠪᠠᠷ ᠪᠠᠶᠢᠭ᠎ᠠ ᠲᠠᠷᠢᠶᠠᠯᠠᠩ ᠤᠨ ᠲᠤᠰᠬᠠᠢ ᠲᠤᠰᠢᠶᠠᠯᠲᠤ ᠤᠷᠭᠤᠮᠠᠯ ᠤᠨ ᠬᠢᠵᠢᠭ ᠪᠠᠶᠢᠴᠠᠭᠠᠭᠴᠢ ᠶᠢᠨ ᠪᠣᠯᠪᠠᠰᠤᠷᠠᠯ ᠤᠨ ᠠᠩᠭᠢ︾  ᠶᠢ ᠡᠷᠭᠢᠯᠡᠵᠦ᠂ ᠪᠥᠬᠦ ᠣᠷᠣᠨ ᠤ 12 ᠠᠶᠢᠮᠠᠭ ᠬᠤᠲᠠ ᠶᠢᠨ 58 ᠬᠤᠰᠢᠭᠤ ︵ᠰᠢᠶᠠᠨ᠂ ᠲᠣᠭᠤᠷᠢᠭ︶ ᠠᠴᠠ ᠢᠷᠡᠭᠰᠡᠨ ᠰᠢᠨ᠎ᠡ ᠪᠠᠷ ᠨᠡᠮᠡᠭᠳᠡᠭᠦᠯᠬᠦ ᠪᠠᠷ ᠪᠠᠶᠢᠭ᠎ᠠ 180 ᠭᠠᠷᠤᠢ ᠲᠤᠰᠬᠠᠢ ᠲᠤᠰᠢᠶᠠᠯᠲᠤ ᠤᠷᠭᠤᠮᠠᠯ ᠤᠨ ᠬᠢᠵᠢᠭ ᠪᠠᠶᠢᠴᠠᠭᠠᠭᠴᠢ ᠪᠣᠯᠪᠠᠰᠤᠷᠠᠯ ᠳᠤ ᠣᠷᠣᠯᠴᠠᠵᠠᠢ᠃ ᠠᠩᠭᠢ ᠡᠬᠢᠯᠡᠬᠦ ᠶᠣᠰᠣᠯᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠤᠷᠭᠤᠮᠠᠯ ᠤᠨ ᠬᠠᠮᠠᠭᠠᠯᠠᠯᠲᠠ ᠤᠷᠭᠤᠮᠠᠯ ᠤᠨ ᠪᠠᠶᠢᠴᠠᠭᠠᠯᠲᠠ ᠶᠢᠨ ᠲᠥᠪ ᠤᠨ ᠡᠷᠬᠢᠯᠡᠭᠴᠢ ᠰᠢᠨ᠎ᠡ ᠪᠠᠶᠢᠳᠠᠯ ᠳᠣᠣᠷᠠᠬᠢ ᠤᠷᠭᠤᠮᠠᠯ ᠤᠨ ᠬᠢᠵᠢᠭ ᠢ ᠪᠠᠶᠢᠴᠠᠭᠠᠬᠤ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠥᠷᠢᠰᠦᠯᠳᠦᠭᠡᠨ ᠵᠢᠴᠢ ᠰᠡᠳᠬᠢᠮᠵᠢ ᠪᠠᠨ ᠬᠡᠷᠬᠢᠨ ᠬᠤᠪᠢᠷᠠᠭᠤᠯᠬᠤ᠂ ᠤᠷᠭᠤᠮᠠᠯ ᠤᠨ ᠬᠢᠵᠢᠭ ᠢ ᠪᠠᠶᠢᠴᠠᠭᠠᠬᠤ ᠠᠵᠢᠯ ᠤᠨ ᠰᠢᠨ᠎ᠡ ᠪᠠᠶᠢᠳᠠᠯ ᠢ ᠡᠭᠦᠳᠬᠦ ᠵᠡᠷᠭᠡ ᠲᠠᠯ᠎ᠠ ᠪᠠᠷ ᠴᠢᠬᠤᠯᠠ ᠶᠠᠷᠢᠶ᠎ᠠ ᠲᠠᠯᠪᠢᠪᠠ᠃
1.png
 
2.png
      ᠪᠣᠯᠪᠠᠰᠤᠷᠠᠯ ᠳᠤ ᠪᠥᠬᠦ ᠤᠯᠤᠰ ᠤᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠦᠢᠯᠡᠴᠢᠯᠡᠭᠡᠨ ᠤ ᠲᠥᠪ ᠤᠨ ᠬᠢᠵᠢᠭ ᠪᠠᠶᠢᠴᠠᠭᠠᠬᠤ ᠭᠠᠵᠠᠷ ᠤᠨ ᠳᠡᠳ᠋ ᠳᠠᠷᠤᠭ᠎ᠠ ᠸᠠᠩ ᠰᠢᠶᠣᠣ ᠯᠢᠶᠠᠩ ᠢ ᠤᠷᠢᠵᠤ᠂ ᠪᠥᠬᠦ ᠤᠯᠤᠰ ᠤᠨ ᠲᠠᠷᠢᠶᠠᠯᠠᠩ ᠤᠨ ᠤᠷᠭᠤᠮᠠᠯ ᠤᠨ ᠬᠢᠵᠢᠭ ᠪᠠᠶᠢᠴᠠᠭᠠᠬᠤ ᠳᠦᠷᠢᠮ᠂ ᠠᠷᠭ᠎ᠠ ᠬᠡᠮᠵᠢᠶ᠎ᠡ ᠵᠢᠴᠢ ᠰᠤᠳᠤᠯᠤᠨ ᠰᠡᠳᠬᠢᠬᠦ ᠲᠤᠬᠠᠢ ᠲᠤᠰᠬᠠᠢ ᠰᠡᠳᠦᠪᠲᠦ ᠲᠠᠶᠢᠯᠤᠮᠵᠢ ᠬᠢᠯᠭᠡᠪᠡ︔ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠮᠢᠲᠠᠨ ᠤ ᠰᠤᠳᠤᠯᠭᠠᠨ ᠤ ᠭᠠᠵᠠᠷ᠂ ᠨᠠᠨᠵᠢᠩ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠤᠰᠬᠠᠢ ᠮᠡᠷᠭᠡᠵᠢᠯᠲᠡᠨ ᠲᠣᠰ ᠲᠣᠰ ᠬᠢᠵᠢᠭ ᠤᠨ ᠪᠠᠶᠢᠴᠠᠭᠠᠯᠲᠠ ᠶᠢᠨ ᠴᠢᠨᠠᠷᠲᠠᠢ ᠡᠪᠡᠳᠴᠢᠨ ᠤ ᠬᠥᠨᠥᠭᠡᠯ᠂ ᠬᠥᠨᠥᠭᠡᠯᠳᠦ ᠰᠢᠪᠠᠵᠢ ᠶᠢ ᠢᠯᠭᠠᠨ ᠲᠠᠨᠢᠬᠤ᠂ ᠬᠢᠨᠠᠨ ᠬᠡᠮᠵᠢᠵᠦ ᠪᠠᠶᠢᠴᠠᠭᠠᠬᠤ ᠪᠠ ᠰᠡᠷᠭᠡᠶᠢᠯᠡᠨ ᠡᠵᠡᠮᠳᠡᠬᠦ ᠵᠡᠷᠭᠡ ᠲᠠᠯ᠎ᠠ ᠪᠠᠷ ᠬᠢᠴᠢᠶᠡᠯᠯᠡᠵᠡᠢ᠃
3.png
4.png
5.png
6.png
7.png
      10 ᠰᠠᠷ᠎ᠠ ᠶᠢᠨ 10 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠤᠷᠭᠤᠮᠠᠯ ᠤᠨ ᠬᠠᠮᠠᠭᠠᠯᠠᠯᠲᠠ ᠤᠷᠭᠤᠮᠠᠯ ᠤᠨ ᠪᠠᠶᠢᠴᠠᠭᠠᠯᠲᠠ ᠶᠢᠨ ᠲᠥᠪ ᠤᠨ ᠲᠤᠰᠬᠠᠢ ᠮᠡᠷᠭᠡᠵᠢᠯᠲᠡᠨ ᠮᠠᠨ ᠤ ᠣᠷᠣᠨ ᠤ ᠬᠢᠵᠢᠭ ᠤᠨ ᠪᠠᠶᠢᠴᠠᠭᠠᠯᠲᠠ ᠶᠢᠨ ᠴᠢᠨᠠᠷᠲᠠᠢ ᠬᠥᠨᠥᠭᠡᠯᠲᠡᠢ ᠠᠮᠢᠳᠤ ᠪᠣᠳᠠᠰ ᠤᠨ ᠡᠭᠦᠰᠦᠭᠰᠡᠨ ᠪᠠᠶᠢᠳᠠᠯ ᠢ ᠵᠠᠷᠯᠠᠨ ᠮᠡᠳᠡᠭᠳᠡᠬᠦ ᠶᠢᠨ ᠬᠠᠮᠲᠤ᠂ ᠬᠢᠵᠢᠭ ᠤᠨ ᠪᠠᠶᠢᠴᠠᠭᠠᠯᠲᠠ ᠶᠢᠨ ᠠᠵᠢᠯ ᠤᠨ ᠪᠣᠳᠠᠲᠤ ᠠᠵᠢᠯᠯᠠᠭ᠎ᠠ ᠳᠤ ᠲᠠᠶᠢᠯᠤᠮᠵᠢ ᠬᠢᠬᠦ ᠶᠢᠨ ᠬᠠᠮᠲᠤ ᠪᠣᠯᠪᠠᠰᠤᠷᠠᠯ ᠳᠤ ᠣᠷᠣᠯᠴᠠᠭᠰᠠᠳ ᠢ ᠵᠣᠬᠢᠶᠠᠨ ᠪᠠᠶᠢᠭᠤᠯᠤᠨ ᠲᠦᠩᠯᠢᠶᠣᠣ ᠬᠤᠲᠠ ᠶᠢᠨ ᠬᠤᠷᠴᠢᠨ ᠲᠣᠭᠤᠷᠢᠭ ᠤᠨ ᠭᠠᠷᠤᠯᠲᠠ ᠶᠢᠨ ᠣᠷᠣᠨ ᠤ ᠬᠢᠵᠢᠭ ᠤᠨ ᠪᠠᠶᠢᠴᠠᠭᠠᠯᠲᠠ ᠪᠠ ᠰᠢᠯᠵᠢᠭᠦᠯᠦᠨ ᠲᠡᠭᠡᠭᠡᠪᠦᠷᠢᠯᠡᠬᠦ ᠬᠢᠵᠢᠭ ᠤᠨ ᠪᠠᠶᠢᠴᠠᠭᠠᠯᠲᠠ ᠶᠢᠨ ᠲᠠᠩᠰᠠ ᠡᠪᠬᠡᠮᠡᠯ ᠢ ᠲᠤᠬᠠᠢ ᠶᠢᠨ ᠲᠠᠯᠠᠪᠤᠷ ᠲᠤᠨᠢ ᠲᠣᠭᠤᠷᠢᠨ ᠰᠤᠷᠤᠯᠴᠠᠭᠤᠯᠪᠠ᠃      ᠪᠣᠯᠪᠠᠰᠤᠷᠠᠯ ᠳᠠᠭᠤᠰᠤᠭᠰᠠᠨ ᠤ ᠳᠠᠷᠠᠭ᠎ᠠ᠂ ᠪᠣᠯᠪᠠᠰᠤᠷᠠᠯ ᠳᠤ ᠣᠷᠣᠯᠴᠠᠭᠰᠠᠳ ᠲᠤ ᠲᠤᠬᠠᠢ ᠶᠢᠨ ᠲᠠᠯᠠᠪᠤᠷ ᠤᠨ ᠰᠢᠯᠭᠠᠯᠲᠠ ᠬᠢᠵᠡᠢ᠃
8.png
9.png
      ᠲᠣᠰ ᠤᠳᠠᠭᠠᠨ ᠤ ᠪᠣᠯᠪᠠᠰᠤᠷᠠᠯ ᠢᠶᠠᠷ ᠳᠡᠮᠵᠢᠨ᠂ ᠮᠠᠨ ᠤ ᠣᠷᠣᠨ ᠤ ᠲᠠᠷᠢᠶᠠᠯᠠᠩ ᠤᠨ ᠤᠷᠭᠤᠮᠠᠯ ᠤᠨ ᠬᠢᠵᠢᠭ ᠪᠠᠶᠢᠴᠠᠭᠠᠭᠴᠢ ᠶᠢᠨ ᠡᠩᠨᠡᠭᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠪᠤᠵᠠᠭᠠᠶᠢᠷᠠᠭᠤᠯᠵᠤ᠂ ᠲᠠᠷᠢᠶᠠᠯᠠᠩ ᠤᠨ ᠤᠷᠭᠤᠮᠠᠯ ᠤᠨ ᠬᠢᠵᠢᠭ ᠤᠨ ᠪᠠᠶᠢᠳᠠᠯ ᠢ ᠬᠠᠮᠢᠶᠠᠷᠤᠨ ᠡᠵᠡᠮᠳᠡᠬᠦ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠦᠨ᠂ ᠲᠠᠷᠢᠶᠠᠯᠠᠩ ᠤᠨ ᠠᠶᠤᠯᠭᠦᠢ ᠦᠢᠯᠡᠳᠪᠦᠷᠢᠯᠡᠯ ᠢ ᠬᠠᠮᠠᠭᠠᠯᠠᠨ᠎ᠠ᠃ 
 
ᠢᠷᠡᠯᠲᠡ᠄ ᠥᠪᠥᠷ ᠮᠣᠩᠭᠤᠯ ᠤᠨ ​ᠤᠷᠭᠤᠮᠠᠯ ᠤᠨ ᠬᠠᠮᠠᠭᠠᠯᠠᠯᠲᠠ ᠤᠷᠭᠤᠮᠠᠯ ᠤᠨ ᠪᠠᠶᠢᠴᠠᠭᠠᠯᠲᠠ ᠶᠢᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号