ᠰᠢᠨ᠎ᠡ ᠴᠠᠭ ᠦᠶ᠎ᠡ ᠶᠢᠨ ᠬᠥᠳᠡᠭᠡ ᠠᠵᠤ ᠠᠬᠤᠢ ᠬᠥᠳᠡᠭᠡ ᠲᠣᠰᠬᠤᠨ ᠤ ᠬᠥᠭᠵᠢᠯᠲᠡ ᠶᠢᠨ ᠶᠡᠭᠡ ᠠᠬᠤᠢ | ᠪᠠᠶᠢᠳᠠᠯ ᠳᠣᠣᠷ᠎ᠠ᠂ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠦᠯᠦᠭᠵᠢᠯ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠬᠤ ᠪᠣᠯ ᠬᠥᠳᠡᠭᠡ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ | ᠥᠭᠡᠷᠡᠴᠢᠯᠡᠯᠲᠡ ᠶᠢ ᠲᠦᠷᠭᠡᠳᠬᠡᠬᠦ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ | ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠣᠶᠢᠷ᠎ᠠ ᠶᠢᠨ ᠵᠢᠯ ᠳᠤ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ᠂ ᠡᠳ᠋ ᠤᠨ ᠵᠠᠰᠠᠭ ᠤᠨ ᠰᠠᠯᠠᠭ᠎ᠠ ᠮᠥᠴᠢᠷ ᠨᠢᠭᠲᠠ ᠬᠠᠮᠲᠤᠷᠠᠯᠴᠠᠨ᠂ | ᠲᠥᠷᠥᠯ ᠵᠦᠢᠯ ᠤᠨ ᠡᠳ᠋ ᠤᠨ ᠵᠠᠰᠠᠭ ᠤᠨ ᠪᠡᠯᠡ ᠮᠥᠩᠭᠦᠨ ᠤ ᠬᠠᠮᠢᠶᠠᠷᠤᠯᠲᠠ ᠶᠢᠨ ᠲᠥᠷᠥᠯ ᠵᠦᠢᠯ ᠤᠨ | ᠬᠡᠷᠡᠭᠵᠢᠭᠦᠯᠦᠯᠲᠡ ᠪᠠ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡ ᠶᠢ ᠴᠢᠩᠭᠠᠳᠬᠠᠵᠤ᠂ ︽ᠨᠢᠭᠡ | ᠬᠠᠷᠠᠯᠲᠠ︾ ᠶᠢ ᠲᠣᠭᠲᠠᠭᠠᠬᠤ᠂ ︽ᠬᠤᠶᠠᠷ ᠳᠦᠷᠢ︾ ᠶᠢ ᠰᠠᠶᠢᠲᠤᠷ ᠭᠦᠢᠴᠡᠳᠬᠡᠬᠦ᠂ ︽ᠭᠤᠷᠪᠠᠨ ᠳᠦᠷᠢᠮ︾ ᠢ | ᠪᠠᠶᠢᠭᠤᠯᠬᠤ᠂ ︽ᠲᠦᠷᠪᠡᠨ ᠰᠢᠪᠲᠤᠯᠤᠯᠲᠠ︾ ᠶᠢ ᠪᠡᠶᠡᠯᠡᠭᠦᠯᠬᠦ ︽ᠨᠢᠭᠡ ᠬᠤᠶᠠᠷ ᠭᠤᠷᠪᠠ ᠳᠥᠷᠪᠡ︾ ᠶᠢᠨ ᠠᠵᠢᠯ ᠤᠨ | ᠵᠠᠭᠪᠤᠷ ᠢᠶᠠᠷ ᠳᠠᠮᠵᠢᠭᠤᠯᠤᠨ᠂ ᠤᠯᠤᠰ ᠤᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠥᠭᠡᠮᠨᠡᠷᠡᠯ ᠤᠨ ᠪᠦᠲᠦᠭᠡᠨ | ᠪᠠᠶᠢᠭᠤᠯᠤᠯᠲᠠ ᠪᠠ ᠲᠥᠪ ᠤᠨ ᠡᠳ᠋ ᠤᠨ ᠵᠠᠰᠠᠭ ᠤᠨ ᠪᠡᠯᠡ ᠮᠥᠩᠭᠦ ᠶᠢ ᠥᠭᠬᠦ ᠠᠵᠢᠯ ᠢ ᠪᠦᠲᠦᠮᠵᠢᠲᠡᠶ ᠪᠠᠷ ᠲᠦᠯᠬᠢᠨ | ᠠᠬᠢᠭᠤᠯᠵᠤ᠂ ᠤᠯᠤᠰ ᠤᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠥᠭᠡᠮᠨᠡᠷᠡᠯ ᠢ ᠴᠢᠨᠠᠷ ᠰᠠᠶᠢᠲᠠᠢ ᠪᠦᠲᠦᠭᠡᠨ | ᠪᠠᠶᠢᠭᠤᠯᠬᠤ ᠳᠤ ᠪᠠᠲᠤ ᠪᠠᠬᠢ ᠪᠠᠲᠤᠯᠠᠭ᠎ᠠ ᠬᠠᠩᠭᠠᠭᠰᠠᠨ ᠪᠠᠶᠢᠨ᠎ᠠ᠃ | | | | | | ᠨᠢᠭᠡ᠂ ︽ᠨᠢᠭᠡ ᠬᠠᠷᠠᠯᠲᠠ︾ ᠶᠢ ᠲᠣᠭᠲᠠᠭᠠᠵᠤ᠂ ᠠᠵᠤ ᠦᠢᠯᠡᠰ ᠤᠨ ᠪᠥᠭᠡᠮᠨᠡᠷᠡᠯ ᠤᠨ ᠪᠡᠯᠡ ᠮᠥᠩᠭᠦ ᠶᠢ ᠥᠭᠬᠦ | ᠠᠵᠢᠯ ᠢ ᠡᠷᠡᠰ ᠭᠤᠶᠢᠪᠢᠰᠢ ᠦᠭᠡᠢ ᠪᠠᠲᠤ ᠬᠦᠴᠦᠨ ᠢᠶᠠᠷ ᠲᠦᠯᠬᠢᠨ ᠠᠬᠢᠭᠤᠯᠵᠠᠢ᠃ | ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠥᠭᠡᠮᠨᠡᠷᠡᠯ ᠤᠨ ᠪᠦᠲᠦᠭᠡᠨ ᠪᠠᠶᠢᠭᠤᠯᠤᠯᠲᠠ ᠶᠢ ᠥᠷᠨᠢᠭᠦᠯᠬᠦ | ᠪᠣᠯ ᠮᠠᠯᠵᠢᠬᠤ ᠲᠠᠷᠢᠶᠠᠯᠠᠬᠤ ᠣᠷᠣᠨ ᠤ ᠠᠵᠢᠯ ᠣᠯᠭᠤᠯᠲᠠ ᠶᠢ ᠪᠦᠲᠦᠮᠵᠢᠲᠡᠶ ᠥᠷᠭᠡᠳᠬᠡᠬᠦ᠂ ᠲᠠᠷᠢᠶᠠᠴᠢᠳ ᠤᠨ | ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠬᠦ᠂ ᠲᠠᠷᠢᠶᠠᠴᠢᠳ ᠲᠤ ᠬᠤᠶᠠᠳᠤᠭᠠᠷ ᠭᠤᠷᠪᠠᠳᠤᠭᠠᠷ ᠠᠵᠤ | ᠦᠢᠯᠡᠰ ᠤᠨ ᠠᠰᠢᠭ ᠣᠷᠣᠯᠭ᠎ᠠ ᠶᠢ ᠵᠦᠢ ᠵᠣᠬᠢᠰᠲᠠᠢ ᠡᠳ᠋ᠯᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠂ ᠲᠠᠷᠢᠶᠠᠯᠠᠩ ᠤᠨ | ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠶᠢᠨ ᠵᠠᠶᠢᠯᠠᠰᠢ ᠦᠭᠡᠢ ᠰᠣᠩᠭᠤᠯᠲᠠ ᠮᠥᠨ᠃ ᠭᠡᠪᠡᠴᠦ ᠡᠯ᠎ᠡ | ᠭᠠᠵᠠᠷ ᠠᠵᠤ ᠦᠢᠯᠡᠰ ᠤᠨ ᠪᠥᠭᠡᠮᠨᠡᠷᠡᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠶᠠᠪᠤᠴᠠ ᠳᠤ᠂ | ᠠᠳᠠᠯᠢ ᠪᠤᠰᠤ ᠬᠡᠮᠵᠢᠶ᠎ᠡ ᠪᠠᠷ ᠲᠥᠷᠥᠯ ᠵᠦᠢᠯ ᠤᠨ ᠪᠡᠯᠡ ᠮᠥᠩᠭᠦ ᠶᠢ ᠥᠭᠬᠦ ᠨᠢ ᠤᠳᠠᠭᠠᠰᠢᠷᠠᠬᠤ ᠦᠵᠡᠭᠳᠡᠯ ᠢᠯᠡᠷᠡᠵᠦ᠂ | ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠥᠭᠡᠮᠨᠡᠷᠡᠯ ᠤᠨ ᠪᠦᠬᠦᠯᠢ ᠴᠣᠭᠴᠠ ᠶᠢᠨ ᠪᠦᠲᠦᠭᠡᠨ | ᠪᠠᠶᠢᠭᠤᠯᠤᠯᠲᠠ ᠶᠢᠨ ᠠᠬᠢᠴᠠ ᠵᠢᠴᠢ ᠦᠷ᠎ᠡ ᠪᠦᠲᠦᠮᠵᠢ ᠶᠢ ᠨᠥᠯᠥᠭᠡᠯᠡᠵᠦ ᠪᠠᠶᠢᠨ᠎ᠠ᠃ ᠠᠰᠠᠭᠤᠳᠠᠯ ᠳᠤ ᠴᠢᠭᠯᠡᠭᠦᠯᠦᠨ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ | ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠠᠴᠠ ᠲᠥᠷᠥᠯ ᠵᠦᠢᠯ ᠤᠨ ᠡᠳ᠋ ᠤᠨ ᠵᠠᠰᠠᠭ ᠤᠨ | ᠪᠡᠯᠡ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠥᠭᠡᠮᠨᠡᠷᠡᠯ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠬᠤ ᠶᠢᠨ ᠲᠡᠷᠢᠭᠦᠨ ᠴᠢᠬᠤᠯᠠ ᠬᠠᠷᠠᠯᠲᠠ ᠪᠣᠯᠤᠭᠰᠠᠨ ᠤ ᠬᠤᠪᠢ ᠳᠤ᠂ ︽ᠡᠳᠦᠷ ᠲᠤᠲᠤᠮ ᠤᠨ | ᠲᠣᠬᠢᠷᠠᠭᠤᠯᠤᠯᠲᠠ᠂ ᠤᠯᠠᠷᠢᠯ ᠤᠨ ᠮᠡᠳᠡᠭᠡᠯᠡᠯ᠂ ᠲᠠᠪᠴᠠᠩ ᠢᠶᠠᠷ ᠳᠠᠮᠵᠢᠭᠤᠯᠤᠨ ᠬᠢᠨᠠᠯᠲᠠ ᠲᠠᠯᠪᠢᠬᠤ᠂ ᠲᠤᠬᠠᠢ ᠶᠢᠨ | ᠭᠠᠵᠠᠷ ᠲᠤᠨᠢ ᠰᠢᠮᠳᠠᠭᠤᠯᠤᠨ ᠵᠢᠯᠤᠭᠤᠳᠬᠤ᠂ ᠪᠡᠯᠡ ᠮᠥᠩᠭᠦ ᠶᠢ ᠬᠥᠳᠡᠯᠦᠩᠭᠦᠢ ᠪᠠᠷ ᠲᠣᠬᠢᠷᠠᠭᠤᠯᠬᠤ︾ ᠵᠡᠷᠭᠡ ᠠᠷᠭ᠎ᠠ | ᠬᠡᠮᠵᠢᠶ᠎ᠡ ᠠᠪᠬᠤ ᠪᠠᠷ ᠳᠠᠮᠵᠢᠭᠤᠯᠤᠨ᠂ 3 ᠰᠠᠷ᠎ᠠ ᠶᠢᠨ ᠳᠣᠲᠣᠷ᠎ᠠ ᠪᠥᠬᠦ ᠣᠷᠣᠨ ᠤ ᠳᠠᠪᠠᠭᠤᠯᠢᠭ ᠣᠨᠴᠠᠯᠢᠭᠲᠤ ᠠᠵᠤ | ᠦᠢᠯᠡᠰ ᠤᠨ ᠪᠥᠭᠡᠮᠨᠡᠷᠡᠯ ᠤᠨ ᠲᠣᠭᠠᠴᠠᠭ᠎ᠠ ᠬᠢᠬᠦ ᠨᠣᠷᠮ᠎ᠠ ᠶᠢ ᠪᠦᠬᠦᠯᠢ ᠴᠣᠭᠴᠠ ᠪᠠᠷ 7.96% ᠳᠡᠭᠡᠭᠰᠢᠯᠡᠭᠦᠯᠵᠦ᠂ | 8354.2 ᠲᠦᠮᠡᠨ ᠲᠥᠭᠦᠷᠢᠭ ᠤᠨ ᠵᠠᠷᠤᠯᠭ᠎ᠠ ᠶᠢ ᠰᠢᠨ᠎ᠡ ᠪᠠᠷ ᠨᠡᠮᠡᠭᠳᠡᠭᠦᠯᠵᠦ᠂ ᠳᠠᠪᠠᠭᠤᠯᠢᠭ ᠣᠨᠴᠠᠯᠢᠭᠲᠤ ᠠᠵᠤ | ᠦᠢᠯᠡᠰ ᠤᠨ ᠪᠥᠭᠡᠮᠨᠡᠷᠡᠯ ᠤᠨ ᠪᠡᠯᠡ ᠮᠥᠩᠭᠦ ᠶᠢ ᠭᠦᠢᠴᠡᠳ ᠬᠡᠷᠡᠭᠯᠡᠵᠦ ᠰᠠᠶᠢᠲᠤᠷ ᠬᠡᠷᠡᠭᠯᠡᠬᠦ ᠶᠢ ᠪᠥᠬᠦ | ᠬᠦᠴᠦᠨ ᠢᠶᠠᠷ ᠢᠶᠠᠨ ᠪᠠᠲᠤᠯᠠᠬᠤ ᠪᠠᠷ ᠪᠠᠶᠢᠨ᠎ᠠ᠃ | ᠬᠤᠶᠠᠷ᠂ ︽ᠬᠤᠶᠠᠷ ᠳᠦᠷᠢ︾ ᠶᠢ ᠰᠠᠶᠢᠲᠤᠷ ᠡᠭᠦᠷᠭᠡᠯᠡᠵᠦ᠂ ᠠᠵᠤ ᠦᠢᠯᠡᠰ ᠤᠨ ᠰᠦᠷᠦᠭᠵᠢᠯ ᠤᠨ ︽ᠬᠢᠨᠠᠨ | ᠪᠠᠶᠢᠴᠠᠭᠠᠭᠴᠢ︾ ᠪᠠ ︽ᠦᠢᠯᠡᠴᠢᠯᠡᠭᠴᠢ︾ ᠶᠢᠨ ᠦᠢᠯᠡᠳᠦᠯ ᠢ ᠭᠦᠢᠴᠡᠳ ᠪᠠᠳᠠᠷᠠᠭᠤᠯᠵᠠᠢ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ | ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠨᠢ ᠠᠵᠤ ᠦᠢᠯᠡᠰ ᠤᠨ ᠪᠥᠭᠡᠮᠨᠡᠷᠡᠯ ᠤᠨ | ᠪᠦᠲᠦᠭᠡᠨ ᠪᠠᠶᠢᠭᠤᠯᠤᠯᠲᠠ ᠶᠢᠨ ᠮᠤᠵᠢ ᠶᠢᠨ ᠱᠠᠲᠤᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠭᠰᠠᠨ ᠤ | ᠬᠤᠪᠢ ᠳᠤ᠂ ᠥᠪᠡᠷ ᠢ ᠪᠠᠨ ︽ᠬᠢᠨᠠᠨ ᠪᠠᠶᠢᠴᠠᠭᠠᠭᠴᠢ︾ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠪᠠᠷ ᠪᠠᠷᠠᠬᠤ | ᠦᠭᠡᠢ ᠪᠠᠰᠠ ︽ᠦᠢᠯᠡᠴᠢᠯᠡᠭᠴᠢ︾ ᠶᠢᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ ᠬᠡᠷᠡᠭᠲᠡᠢ ᠭᠡᠵᠦ | ᠱᠠᠭᠠᠷᠳᠠᠵᠠᠢ᠃ ᠨᠢᠭᠡ ᠲᠠᠯ᠎ᠠ ᠪᠠᠷ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ᠂ ᠡᠳ᠋ ᠤᠨ ᠵᠠᠰᠠᠭ ᠤᠨ ᠶᠠᠮᠤᠨ ᠤ | ᠲᠥᠷᠥᠯ ᠵᠦᠢᠯ ᠤᠨ ᠬᠠᠮᠢᠶᠠᠷᠤᠯᠲᠠ ᠶᠢᠨ ᠱᠠᠭᠠᠷᠳᠠᠯᠭ᠎ᠠ ᠶᠣᠰᠣᠭᠠᠷ᠂ ᠳᠦᠷᠢᠮ ᠲᠣᠭᠲᠠᠭᠠᠯ ᠲᠣᠭᠲᠠᠭᠠᠵᠤ᠂ | ᠭᠤᠣᠯᠳᠠᠯᠭ᠎ᠠ ᠲᠠᠢ ᠭᠠᠵᠠᠷ ᠣᠷᠣᠨ ᠳᠤ ᠭᠦᠨᠵᠡᠭᠡᠶᠢᠷᠡᠨ᠂ ᠡᠯ᠎ᠡ ᠱᠠᠲᠤᠨ ᠤ ᠵᠠᠰᠠᠭ ᠤᠨ ᠣᠷᠳᠣᠨ ᠪᠣᠯᠣᠨ ᠲᠠᠷᠢᠶᠠᠯᠠᠩ | ᠮᠠᠯ ᠠᠵᠤ ᠠᠬᠤᠢ᠂ ᠡᠳ᠋ ᠤᠨ ᠵᠠᠰᠠᠭ ᠤᠨ ᠰᠠᠯᠠᠭ᠎ᠠ ᠮᠥᠴᠢᠷ ᠢ ᠢᠳᠡᠪᠬᠢᠲᠡᠢ ᠵᠣᠬᠢᠴᠠᠭᠤᠯᠵᠤ᠂ ᠡᠯ᠎ᠡ ᠭᠠᠵᠠᠷ ᠤᠨ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠶᠢ | ᠨᠡᠮᠡᠭᠳᠡᠭᠦᠯᠦᠨ᠂ ᠬᠠᠮᠢᠶ᠎ᠠ ᠪᠦᠬᠦᠢ ᠰᠠᠯᠠᠭ᠎ᠠ ᠮᠥᠴᠢᠷ ᠢ ᠲᠤᠬᠠᠢ ᠶᠢᠨ ᠲᠠᠯᠠᠪᠤᠷ ᠲᠤᠨᠢ ᠵᠢᠯᠤᠭᠤᠳᠴᠤ ᠪᠠᠶᠢᠭᠠᠳ | ᠲᠥᠷᠥᠯ ᠵᠦᠢᠯ ᠢ ᠬᠡᠷᠡᠭᠵᠢᠭᠦᠯᠬᠦ ᠱᠠᠭᠠᠷᠳᠠᠯᠭ᠎ᠠ ᠲᠠᠢ ᠬᠠᠷᠢᠴᠠᠭᠤᠯᠤᠨ᠂ ᠵᠦᠢᠯ ᠳᠠᠷᠠᠭᠠᠯᠠᠨ ᠡᠮᠬᠢᠯᠡᠨ ᠵᠠᠳᠠᠯᠵᠤ᠂ | ᠠᠰᠠᠭᠤᠳᠠᠯ ᠤᠨ ᠵᠠᠩᠭᠢᠯᠠᠭ᠎ᠠ ᠶᠢ ᠣᠨᠣᠪᠴᠢᠲᠠᠶ ᠡᠷᠢᠵᠦ᠂ ᠠᠰᠠᠭᠤᠳᠠᠯ ᠤᠨ ᠦᠨᠳᠦᠰᠦ ᠰᠤᠷᠪᠤᠯᠵᠢ ᠶᠢ ᠭᠦᠨ | ᠠᠭᠤᠳᠠᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠲᠣᠭᠲᠠᠭᠠᠨ᠂ ᠠᠵᠢᠯ ᠤᠨ ᠬᠠᠷᠠᠯᠲᠠ ᠪᠠᠨ | ᠲᠣᠳᠣᠷᠬᠠᠶᠢᠯᠠᠵᠤ᠂ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠪᠠᠲᠤᠯᠠᠵᠠᠢ᠃ ᠨᠥᠭᠦᠭᠡ ᠲᠠᠯ᠎ᠠ ᠪᠠᠷ | ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠ ᠪᠡᠯᠡ ᠮᠥᠩᠭᠦᠨ ᠤ ᠪᠠᠲᠤᠯᠠᠭ᠎ᠠ ᠳᠤ ᠲᠥᠪ ᠤᠨ ᠪᠡᠯᠡ ᠮᠥᠩᠭᠦ ᠶᠢᠨ | ᠳᠡᠮᠵᠢᠯᠭᠡ ᠶᠢᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠤᠯᠤᠰ ᠤᠨ | ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠥᠭᠡᠮᠨᠡᠷᠡᠯ ᠢ ᠪᠠᠶᠢᠭᠤᠯᠬᠤ ᠪᠠᠷ ᠵᠥᠪᠰᠢᠶᠡᠷᠡᠭᠳᠡᠭᠰᠡᠨ ᠭᠠᠵᠠᠷ ᠣᠷᠣᠨ | ᠪᠠ ᠲᠥᠷᠥᠯ ᠵᠦᠢᠯ ᠳᠤ ᠲᠥᠪ ᠤᠨ ᠡᠳ᠋ ᠤᠨ ᠵᠠᠰᠠᠭ ᠤᠨ ᠪᠡᠯᠡ ᠮᠥᠩᠭᠦ ᠶᠢᠨ 10% ᠪᠠᠷ ᠱᠠᠩᠨᠠᠵᠤ | ᠨᠥᠬᠦᠪᠦᠷᠢᠯᠡᠵᠦ᠂ ᠱᠠᠩᠨᠠᠵᠤ ᠨᠥᠬᠦᠪᠦᠷᠢᠯᠡᠬᠦ ᠪᠡᠯᠡ ᠮᠥᠩᠭᠦ ᠶᠢ ᠳᠤᠲᠠᠭᠤᠳᠠᠯ ᠢ ᠨᠥᠬᠦᠪᠦᠷᠢᠯᠡᠬᠦ᠂ ᠬᠦᠴᠦᠷᠬᠡᠭ ᠪᠠᠭᠤᠷᠠᠢ | ᠵᠦᠢᠯᠡᠰ ᠢ ᠨᠥᠬᠦᠪᠦᠷᠢᠯᠡᠬᠦ᠂ ᠬᠡᠯᠬᠢᠶ᠎ᠡ ᠶᠢ ᠤᠷᠲᠤᠳᠬᠠᠬᠤ ᠰᠡᠳᠬᠢᠮᠵᠢ ᠪᠠᠷ᠂ ᠲᠠᠷᠢᠶᠠᠯᠠᠩ ᠤᠨ ᠠᠵᠤ ᠦᠢᠯᠡᠰ ᠢ | ᠠᠭᠤᠰᠤᠯᠴᠠᠭᠤᠯᠬᠤ ᠲᠥᠷᠥᠯ ᠵᠦᠢᠯ ᠢ ᠬᠥᠭᠵᠢᠭᠦᠯᠬᠦ ᠵᠠᠩᠭᠢᠯᠠᠭ᠎ᠠ ᠶᠢᠨ ᠴᠡᠭ᠂ ᠴᠢᠬᠤᠯᠠ ᠭᠠᠵᠠᠷ ᠲᠤ ᠬᠡᠷᠡᠭᠯᠡᠵᠦ᠂ ᠡᠯ᠎ᠡ | ᠭᠠᠵᠠᠷ ᠤᠨ ᠠᠵᠤ ᠦᠢᠯᠡᠰ ᠤᠨ ᠪᠥᠭᠡᠮᠨᠡᠷᠡᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠢᠳᠡᠪᠬᠢᠵᠢᠯ ᠢ | ᠬᠥᠭᠵᠢᠭᠡᠵᠡᠢ᠃ ᠡᠭᠦᠨ ᠤ ᠬᠠᠮᠲᠤ᠂ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠥᠭᠡᠮᠨᠡᠷᠡᠯ ᠤᠨ ᠪᠦᠲᠦᠭᠡᠨ | ᠪᠠᠶᠢᠭᠤᠯᠤᠯᠲᠠ ᠶᠢᠨ ᠪᠣᠯᠪᠠᠰᠤᠷᠠᠯ ᠤᠨ ᠠᠩᠭᠢ ᠶᠢ ᠢᠳᠡᠪᠬᠢᠲᠡᠢ ᠡᠷᠭᠢᠯᠡᠵᠦ᠂ ᠮᠠᠳᠠᠭ ᠲᠠᠢ ᠠᠰᠠᠭᠤᠳᠠᠯ ᠢ | ᠰᠢᠢᠳᠪᠦᠷᠢᠯᠡᠵᠦ ᠲᠥᠭᠡᠷᠢᠭᠳᠡᠯ ᠢ ᠲᠠᠶᠢᠯᠬᠤ ᠶᠠᠷᠢᠯᠴᠠᠬᠤ ᠬᠤᠷᠠᠯ ᠬᠤᠷᠠᠯᠳᠤᠭᠤᠯᠵᠤ᠂ ᠡᠯ᠎ᠡ ᠭᠠᠵᠠᠷ ᠢ ᠬᠠᠪᠰᠤᠷᠤᠨ | ᠢᠲᠡᠭᠡᠯ ᠵᠣᠷᠢᠭ ᠢ ᠨᠢ ᠪᠠᠲᠤᠳᠬᠠᠨ᠂ ᠴᠤᠭ ᠰᠦᠯᠳᠡ ᠶᠢ ᠨᠢ ᠬᠥᠭᠵᠢᠭᠡᠵᠦ᠂ ᠪᠦᠲᠦᠭᠡᠨ ᠪᠠᠶᠢᠭᠤᠯᠤᠯᠲᠠ ᠶᠢᠨ | ᠰᠡᠳᠬᠢᠮᠵᠢ ᠶᠢ ᠨᠢ ᠲᠣᠳᠣᠷᠬᠠᠢ ᠪᠣᠯᠭᠠᠵᠤ᠂ ᠳᠤᠲᠠᠭᠤᠳᠠᠯ ᠪᠠᠭᠤᠷᠠᠢ ᠲᠠᠯ᠎ᠠ ᠶᠢ ᠨᠢ ᠣᠨᠣᠪᠴᠢᠲᠠᠶ ᠡᠷᠢᠨ ᠣᠯᠵᠤ᠂ | ᠠᠵᠤ ᠦᠢᠯᠡᠰ ᠤᠨ ᠪᠥᠭᠡᠮᠨᠡᠷᠡᠯ ᠤᠨ ᠠᠵᠢᠯᠲᠠᠨ ᠤ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠪᠠ ᠶᠡᠷᠦᠩᠬᠡᠶᠢᠯᠡᠭᠰᠡᠨ | ᠴᠢᠳᠠᠪᠤᠷᠢ ᠶᠢ ᠳᠡᠭᠡᠭᠰᠢᠯᠡᠭᠦᠯᠦᠨ᠂ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠥᠭᠡᠮᠨᠡᠷᠡᠯ ᠤᠨ ᠪᠦᠲᠦᠭᠡᠨ | ᠪᠠᠶᠢᠭᠤᠯᠤᠯᠲᠠ ᠶᠢᠨ ᠦᠷ᠎ᠡ ᠪᠦᠲᠦᠮᠵᠢ ᠣᠯᠬᠤ ᠶᠢ ᠵᠢᠷᠤᠮᠵᠢᠭᠤᠨ ᠪᠥᠭᠡᠳ ᠡᠮᠬᠢ ᠵᠢᠷᠤᠮ ᠲᠠᠢ ᠲᠦᠯᠬᠢᠨ ᠠᠬᠢᠭᠤᠯᠬᠤ | ᠠᠬᠢᠭᠤᠯᠵᠠᠢ᠃ | ᠭᠤᠷᠪᠠ᠂ ︽ᠭᠤᠷᠪᠠᠨ ᠳᠦᠷᠢᠮ︾ ᠢ ᠪᠠᠶᠢᠭᠤᠯᠤᠨ᠂ ᠠᠵᠤ ᠦᠢᠯᠡᠰ ᠤᠨ ᠲᠥᠪᠯᠡᠷᠡᠯ ᠤᠨ ᠪᠦᠲᠦᠭᠡᠨ | ᠪᠠᠶᠢᠭᠤᠯᠤᠯᠲᠠ ᠶᠢᠨ ᠠᠵᠢᠯ ᠢ ᠵᠢᠷᠤᠮᠵᠢᠭᠤᠯᠤᠨ ᠥᠷᠨᠢᠭᠦᠯᠬᠦ ᠶᠢ ᠪᠡᠶᠡᠯᠡᠭᠦᠯᠵᠡᠢ᠃ | ᠤᠯᠤᠰ ᠤᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠥᠭᠡᠮᠨᠡᠷᠡᠯ ᠤᠨ ᠲᠥᠷᠥᠯ ᠵᠦᠢᠯ ᠤᠨ | ᠬᠠᠮᠢᠶᠠᠷᠤᠯᠲᠠ ᠶᠢ ᠴᠢᠩᠭᠠᠳᠬᠠᠨ ᠵᠢᠷᠤᠮᠵᠢᠭᠤᠯᠵᠤ᠂ ᠲᠥᠷᠥᠯ ᠵᠦᠢᠯ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ | ᠠᠰᠢᠭ ᠢ ᠳᠡᠭᠡᠭᠰᠢᠯᠡᠭᠦᠯᠵᠦ᠂ ᠤᠯᠤᠰ ᠤᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠥᠭᠡᠮᠨᠡᠷᠡᠯ ᠤᠨ ᠪᠦᠲᠦᠭᠡᠨ | ᠪᠠᠶᠢᠭᠤᠯᠤᠯᠲᠠ ᠶᠢᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ | ᠡᠳ᠋ ᠤᠨ ᠵᠠᠰᠠᠭ ᠤᠨ ᠲᠢᠩᠬᠢᠮ ᠠᠴᠠ ︽2024 ᠣᠨ ᠤ ᠤᠯᠤᠰ ᠤᠨ ᠳᠠᠪᠠᠭᠤᠯᠢᠭ ᠣᠨᠴᠠᠯᠢᠭᠲᠤ ᠠᠵᠤ | ᠦᠢᠯᠡᠰ ᠤᠨ ᠪᠥᠭᠡᠮᠨᠡᠷᠡᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠲᠦᠯᠬᠢᠨ ᠠᠬᠢᠭᠤᠯᠬᠤ ᠲᠥᠰᠥᠯ︾ ᠢ | ᠬᠠᠮᠲᠤᠷᠠᠨ ᠲᠣᠭᠲᠠᠭᠠᠵᠤ᠂ ︽ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠥᠭᠡᠮᠨᠡᠷᠡᠯ ᠢ ᠬᠢᠨᠠᠨ ᠬᠡᠮᠵᠢᠵᠦ ᠦᠨᠡᠯᠡᠬᠦ | ᠳᠦᠷᠢᠮ︾ ᠢ ᠲᠡᠭᠦᠯᠳᠡᠷᠵᠢᠭᠦᠯᠦᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠠᠪᠠᠭᠤᠯᠢᠭ | ᠣᠨᠴᠠᠯᠢᠭᠲᠤ ᠠᠵᠤ ᠦᠢᠯᠡᠰ ᠤᠨ ᠪᠥᠭᠡᠮᠨᠡᠷᠡᠯ ᠤᠨ ᠲᠥᠷᠥᠯ ᠵᠦᠢᠯ ᠤᠨ ᠬᠠᠮᠢᠶᠠᠷᠤᠯᠲᠠ ᠶᠢᠨ ︵ᠲᠤᠷᠰᠢᠨ | ᠬᠡᠷᠡᠭᠵᠢᠭᠦᠯᠬᠦ︶ ᠠᠷᠭ᠎ᠠ︾ ᠶᠢ ᠨᠡᠶᠢᠲᠡᠯᠡᠬᠦ ᠪᠠᠷ ᠪᠣᠶ᠃ ᠭᠤᠣᠯᠯᠠᠬᠤ ᠠᠵᠤ ᠦᠢᠯᠡᠰ ᠤᠨ ᠬᠥᠭᠵᠢᠯᠲᠡ᠂ ᠡᠵᠡᠩᠨᠡᠯᠲᠡ ᠶᠢᠨ | ᠭᠤᠣᠯ ᠴᠣᠭᠴᠠ ᠶᠢ ᠪᠣᠶᠢᠵᠢᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠤᠯᠭᠠᠭᠤᠷᠢᠯᠠᠯ | ᠵᠡᠷᠭᠡ 8 ᠳᠦᠷᠦᠯ ᠵᠦᠢᠯ ᠤᠨ ᠲᠣᠭᠤᠷᠢᠨ ᠳᠤ 40 ᠳᠦᠷᠦᠯ ᠤᠨ ᠠᠮᠵᠢᠯᠲᠠ ᠪᠦᠲᠦᠮᠵᠢ ᠶᠢ ᠬᠢᠨᠠᠨ ᠬᠡᠮᠵᠢᠵᠦ | ᠦᠨᠡᠯᠡᠬᠦ ᠭᠦᠢᠴᠡᠳᠬᠡᠯ ᠲᠤᠭ᠎ᠠ ᠶᠢ ᠲᠣᠭᠲᠠᠭᠠᠪᠠ︔ ᠲᠥᠷᠥᠯ ᠵᠦᠢᠯ ᠤᠨ 5 ᠶᠡᠭᠡ ᠥᠨᠳᠥᠷ ᠦᠷ᠎ᠡ ᠪᠦᠲᠦᠮᠵᠢᠲᠡᠢ | ᠬᠠᠮᠢᠶᠠᠷᠤᠯᠲᠠ ᠶᠢᠨ ᠰᠢᠰᠲ᠋ᠧᠮᠵᠢ ︵ᠳᠠᠷᠤᠢ᠄ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠭᠤᠣᠯ ᠴᠣᠭᠴᠠ ᠶᠢᠨ | ᠬᠠᠮᠢᠶᠠᠷᠤᠯᠲᠠ᠂ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠶᠢᠨ ᠬᠠᠮᠢᠶᠠᠷᠤᠯᠲᠠ᠂ ᠲᠥᠷᠥᠯ ᠵᠦᠢᠯ ᠢ ᠬᠤᠪᠢᠷᠠᠭᠤᠯᠬᠤ | ᠲᠠᠰ ᠳᠠᠷᠠᠭᠠᠯᠠᠯ ᠤᠨ ᠬᠠᠮᠢᠶᠠᠷᠤᠯᠲᠠ᠂ ᠲᠥᠷᠥᠯ ᠵᠦᠢᠯ ᠢ ᠰᠢᠯᠭᠠᠨ ᠠᠪᠬᠤ ᠴᠤᠪᠤᠷᠠᠯ ᠤᠨ ᠬᠠᠮᠢᠶᠠᠷᠤᠯᠲᠠ︶ ᠶᠢ | ᠰᠢᠨᠵᠢᠯᠡᠬᠦ ᠤᠬᠠᠭᠠᠨᠴᠢ ᠪᠠᠷ ᠪᠠᠶᠢᠭᠤᠯᠵᠤ᠂ 27 ᠵᠤᠷᠪᠤᠰ ᠪᠣᠳᠠᠲᠠᠢ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠴᠢᠩᠭ᠎ᠠ | ᠲᠣᠭᠲᠠᠭᠠᠨ᠂ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠥᠭᠡᠮᠨᠡᠷᠡᠯ ᠤᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠬᠡᠷᠡᠭᠵᠢᠭᠦᠯᠬᠦ ᠪᠥᠬᠦ ᠶᠠᠪᠤᠴᠠ ᠳᠤ ᠵᠢᠷᠤᠮᠯᠠᠬᠤ ᠳᠦᠷᠢᠮ ᠲᠠᠢ᠂ ᠵᠢᠷᠤᠮᠯᠠᠬᠤ ᠳᠦᠷᠢᠮ ᠲᠠᠢ | ᠪᠠᠶᠢᠬᠤ ᠶᠢ ᠦᠨᠡᠨᠬᠦ ᠪᠠᠲᠤᠯᠠᠵᠠᠢ᠃ | ᠳᠥᠷᠪᠡ᠂ ︽ᠳᠥᠷᠪᠡᠨ ᠰᠢᠪᠲᠤᠯᠤᠯᠲᠠ︾ ᠶᠢ ᠪᠡᠶᠡᠯᠡᠭᠦᠯᠵᠦ᠂ ᠠᠵᠤ ᠦᠢᠯᠡᠰ ᠤᠨ ᠪᠥᠭᠡᠮᠨᠡᠷᠡᠯ ᠤᠨ ᠪᠦᠲᠦᠭᠡᠨ | ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠬᠦᠴᠦᠯᠡᠨ ᠠᠬᠢᠭᠤᠯᠵᠠᠢ᠃ | ᠣᠶᠢᠷ᠎ᠠ ᠶᠢᠨ ᠵᠢᠯ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ | ᠲᠢᠩᠬᠢᠮ ᠴᠥᠬᠦᠷᠡᠰᠢ ᠦᠭᠡᠢ ᠴᠢᠷᠮᠠᠶᠢᠯᠭ᠎ᠠ ᠪᠠᠷ ᠳᠠᠮᠵᠢᠨ᠂ ᠳᠠᠪᠠᠭᠤᠯᠢᠭ ᠣᠨᠴᠠᠯᠢᠭᠲᠤ ᠠᠵᠤ ᠦᠢᠯᠡᠰ ᠤᠨ | ᠪᠦᠯᠦᠭᠵᠢᠯ ᠤᠨ ᠪᠦᠲᠦᠭᠡᠨ ᠪᠠᠶᠢᠭᠤᠯᠤᠯᠲᠠ ᠶᠢ ᠮᠠᠨ ᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠬᠡᠷᠡᠭᠵᠢᠭᠦᠯᠬᠦ ᠰᠢᠨ᠎ᠡ ᠲᠤᠯᠭᠠᠭᠤᠷᠢᠯᠠᠯ᠂ ᠮᠠᠯ ᠠᠵᠤ ᠠᠬᠤᠢ ᠲᠠᠷᠢᠶᠠᠯᠠᠩ ᠤᠨ ᠬᠡᠯᠪᠡᠷᠢ ᠶᠢ | ᠬᠤᠪᠢᠷᠠᠭᠤᠯᠤᠨ ᠬᠥᠭᠵᠢᠭᠦᠯᠬᠦ ᠰᠢᠨ᠎ᠡ ᠬᠢᠯᠠᠰ ᠴᠡᠭ ᠪᠣᠯᠣᠨ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ | ᠰᠢᠨ᠎ᠡ ᠠᠴᠢᠶᠠᠯᠠᠪᠤᠷᠢ ᠪᠣᠯᠭᠠᠨ ᠴᠣᠭᠴᠠᠯᠠᠵᠠᠢ᠃ ᠭᠤᠣᠯᠳᠠᠯᠭ᠎ᠠ ᠨᠢ ᠭᠤᠣᠯᠯᠠᠬᠤ ᠠᠵᠤ ᠦᠢᠯᠡᠰ ᠢ ᠳᠡᠭᠡᠭᠰᠢᠯᠡᠭᠦᠯᠬᠦ᠂ | ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠠᠵᠤ ᠦᠢᠯᠡᠰ ᠢ ᠠᠭᠤᠰᠤᠯᠴᠠᠭᠤᠯᠤᠨ | ᠬᠥᠭᠵᠢᠭᠦᠯᠬᠦ᠂ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠲᠠᠶᠢᠴᠢᠯᠠᠨ ᠣᠷᠣᠯᠭ᠎ᠠ ᠶᠢ ᠨᠡᠮᠡᠭᠳᠡᠭᠦᠯᠬᠦ ᠲᠠᠯ᠎ᠠ ᠪᠠᠷ | ᠰᠢᠨ᠎ᠡ ᠰᠢᠪᠲᠤᠯᠤᠯᠲᠠ ᠲᠠᠢ ᠪᠣᠯᠪᠠ᠃ ᠣᠳᠣᠬᠠᠨ ᠳᠤ᠂ ᠨᠢᠭᠡᠨᠲᠡ ᠡᠭᠦᠳᠦᠨ ᠪᠠᠶᠢᠭᠤᠯᠤᠭᠰᠠᠨ 8 ᠳᠠᠪᠠᠭᠤᠯᠢᠭ | ᠣᠨᠴᠠᠯᠢᠭᠲᠤ ᠠᠵᠤ ᠦᠢᠯᠡᠰ ᠤᠨ ᠰᠦᠷᠦᠭᠵᠢᠯ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠦᠢᠯᠡᠳᠬᠦᠨ ᠤ | ᠥᠷᠲᠡᠭ ᠨᠢ ᠨᠢᠭᠡᠨᠲᠡ 3488.12 ᠳ᠋ᠦᠩᠰᠢᠭᠤᠷ ᠲᠥᠭᠦᠷᠢᠭ ᠲᠤ ᠬᠦᠷᠴᠦ᠂ ᠡᠯ᠎ᠡ ᠲᠥᠷᠥᠯ ᠤᠨ ᠰᠢᠨ᠎ᠡ | ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢ 2369 ᠰᠢᠨ᠎ᠡ ᠪᠠᠷ ᠨᠡᠮᠡᠭᠳᠡᠭᠦᠯᠵᠦ᠂ ᠮᠥᠩᠭᠦᠨ ᠭᠦᠢᠯᠭᠡᠭᠡ ᠪᠠ | ᠨᠡᠶᠢᠭᠡᠮ ᠤᠨ ᠬᠥᠷᠥᠩᠭᠡ ᠶᠢᠨ ᠣᠷᠣᠭᠤᠯᠤᠯᠲᠠ ᠶᠢ 89.2 ᠳ᠋ᠦᠩᠰᠢᠭᠤᠷ ᠲᠥᠭᠦᠷᠢᠭ ᠬᠥᠳᠡᠯᠭᠡᠵᠦ᠂ ᠣᠯᠠᠩᠬᠢ ᠠᠵᠤ | ᠦᠢᠯᠡᠰ ᠤᠨ ᠰᠦᠷᠦᠭᠵᠢᠯ ᠳᠤ ᠨᠢᠭᠡᠨᠲᠡ ᠠᠵᠤ ᠦᠢᠯᠡᠰ ᠤᠨ ᠪᠠᠶᠢᠷᠢᠰᠢᠭᠤᠯᠤᠯᠲᠠ ᠶᠢ ᠣᠷᠣᠨ ᠪᠦᠰᠡᠵᠢᠭᠦᠯᠬᠦ᠂ | ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠬᠡᠪᠴᠢᠶᠡᠵᠢᠭᠦᠯᠬᠦ᠂ ᠦᠢᠯᠡᠳᠪᠦᠷᠢᠯᠡᠵᠦ ᠡᠳ᠋ᠰᠢᠭᠦᠯᠬᠦ ᠶᠢ | ᠡᠷᠴᠢᠮᠵᠢᠭᠦᠯᠬᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠬᠢᠷᠲᠤᠯ ᠦᠭᠡᠢ ᠪᠣᠯᠭᠠᠬᠤ᠂ ᠨᠠᠷᠠᠲᠤ | ᠲᠥᠷᠥᠯ ᠲᠡᠮᠳᠡᠭᠲᠦ ᠶᠢᠨ ᠡᠵᠡᠩᠨᠡᠯᠲᠡ ᠪᠣᠷᠣᠯᠠᠭᠤᠯᠤᠯᠲᠠ ᠶᠢ ᠨᠢᠭᠡ ᠴᠣᠭᠴᠠᠵᠢᠭᠤᠯᠬᠤ ᠨᠢᠭᠡᠳᠦᠭᠡᠷ ᠬᠤᠶᠠᠳᠤᠭᠠᠷ | ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠪᠠᠶᠢᠷᠢᠰᠢᠯ ᠢ ᠪᠣᠶ ᠪᠣᠯᠭᠠᠵᠤ᠂ ᠪᠦᠲᠦᠭᠡᠨ | ᠪᠠᠶᠢᠭᠤᠯᠤᠯᠲᠠ ᠶᠢᠨ ᠦᠷ᠎ᠡ ᠪᠦᠲᠦᠮᠵᠢ ᠨᠢ ᠮᠠᠰᠢ ᠢᠯᠡᠷᠬᠡᠢ ᠪᠣᠯᠪᠠ᠃ | ᠲᠠᠷᠠᠭᠠᠴᠢ ᠶᠢᠨ ᠠᠯᠬᠤᠮ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ | ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠠᠴᠠ | ᠤᠯᠤᠰ ᠤᠨ ᠬᠤᠯᠪᠣᠭᠳᠠᠯ ᠪᠦᠬᠦᠢ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠰᠦᠷᠦᠭᠵᠢᠯ ᠤᠨ ᠪᠦᠲᠦᠭᠡᠨ | ᠪᠠᠶᠢᠭᠤᠯᠤᠯᠲᠠ ᠶᠢᠨ ᠲᠥᠷᠥ ᠶᠢᠨ ᠪᠣᠳᠣᠯᠭ᠎ᠠ ᠶᠢᠨ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ | ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠲᠥᠪᠯᠡᠷᠡᠯ ᠤᠨ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠶᠢ | ᠤᠷᠢᠳᠴᠢᠯᠠᠨ ᠲᠥᠯᠥᠪᠯᠡᠵᠦ᠂ ᠲᠥᠷᠥᠯ ᠵᠦᠢᠯ ᠭᠤᠶᠤᠴᠢᠯᠠᠨ ᠮᠡᠳᠡᠭᠦᠯᠵᠦ ᠨᠥᠭᠡᠴᠡᠯᠡᠬᠦ ᠲᠣᠭᠲᠠᠴᠠ ᠶᠢ ᠪᠠᠶᠢᠭᠤᠯᠤᠨ᠂ | ᠥᠪᠡᠷᠲᠡᠭᠡᠨ ᠵᠠᠰᠠᠬᠤ ᠣᠷᠣᠨ ᠤ ᠲᠡᠰ ᠤᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠲᠥᠪᠯᠡᠷᠡᠯ ᠢ | ᠪᠣᠶᠢᠵᠢᠭᠤᠯᠬᠤ ᠠᠵᠢᠯ ᠢ ᠡᠬᠢᠯᠡᠭᠦᠯᠵᠦ᠂ ᠤᠯᠤᠰ ᠤᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠲᠥᠪᠯᠡᠷᠡᠯ ᠢ | ᠪᠦᠲᠦᠭᠡᠨ ᠪᠠᠶᠢᠭᠤᠯᠬᠤ ᠳᠤ ᠰᠠᠭᠤᠷᠢ ᠲᠤᠯᠭᠠᠭᠤᠷᠢᠯᠠᠯ ᠢ ᠰᠠᠶᠢᠲᠤᠷ ᠲᠠᠯᠪᠢᠨ᠎ᠠ᠃ |