ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠰᠢᠨ᠎ᠡ | ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢ᠂ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ | ᠠᠴᠠ ᠨᠠᠭᠠᠰᠢ ᠮᠠᠨ ᠤ ᠣᠷᠣᠨ ᠤ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠲᠠᠰᠤᠷᠠᠯᠳᠠ ᠦᠭᠡᠢ | ᠳᠡᠭᠡᠭᠰᠢᠯᠡᠨ ᠰᠢᠨ᠎ᠡ ᠳᠡᠭᠲᠡᠷ ᠲᠤ ᠭᠠᠷᠴᠤ᠂ ︽ᠳᠤᠮᠳᠠᠳᠤ ᠤᠯᠤᠰ ᠤᠨ ᠪᠤᠳᠠᠭᠠᠨ ᠠᠶᠠᠭ᠎ᠠ︾ ᠳᠤ ︽ᠪᠣᠭᠤᠮᠲᠠ ᠶᠢᠨ | ᠭᠠᠳᠠᠨᠠᠬᠢ ᠠᠮᠤ︾ ᠶᠢ ᠨᠡᠮᠡᠭᠰᠡᠭᠡᠷ ᠢᠷᠡᠪᠡ᠃ | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠡᠬᠢᠨ ᠤ ᠦᠶ᠎ᠡ ᠪᠠᠷ ᠮᠠᠨ ᠤ ᠣᠷᠣᠨ ᠤ ᠠᠮᠤ ᠪᠤᠳᠠᠭᠠᠨ ᠤ | ᠲᠠᠷᠢᠮᠠᠯ ᠤᠨ ᠲᠠᠯᠠᠪᠠᠶ ᠵᠥᠪᠭᠡᠨ 5292 ᠲᠦᠮᠡᠨ ᠮᠦ ᠪᠠᠶᠢᠵᠤ᠂ ᠤᠨᠠᠯᠲᠠ ᠨᠢ ᠰᠠᠶ᠋ᠢ 42.5 ᠳ᠋ᠦᠩᠰᠢᠭᠤᠷ ᠵᠢᠩ | ᠪᠠᠶᠢᠵᠤ᠂ ᠠᠮᠤ ᠪᠤᠳᠠᠭ᠎ᠠ ᠶᠢ ᠭᠤᠣᠯᠳᠠᠭᠤ ᠰᠢᠯᠵᠢᠭᠦᠯᠦᠨ ᠣᠷᠣᠭᠤᠯᠬᠤ ᠳᠤ ᠲᠦᠰᠢᠭᠯᠡᠵᠦ ᠪᠠᠶᠢᠵᠠᠢ᠃ 1990 ᠣᠨ | ᠳᠤ ᠪᠦᠭᠦ ᠣᠷᠣᠨ ᠤ ᠠᠮᠤ ᠪᠤᠳᠠᠭᠠᠨ ᠤ ᠲᠠᠷᠢᠮᠠᠯ ᠤᠨ ᠲᠠᠯᠠᠪᠠᠢ 5812.5 ᠲᠦᠮᠡᠨ ᠮᠦ ᠳᠤ ᠬᠦᠷᠴᠦ᠂ 194.6 | ᠳ᠋ᠦᠩᠰᠢᠭᠤᠷ ᠵᠢᠩ ᠤᠨ ᠤᠨᠠᠯᠲᠠ ᠲᠠᠢ ᠪᠣᠯᠵᠤ᠂ ᠠᠮᠤ ᠪᠤᠳᠠᠭ᠎ᠠ ᠶᠢᠨ ᠥᠪᠡᠷ ᠢ ᠪᠠᠨ ᠬᠠᠩᠭᠠᠬᠤ ᠠᠰᠠᠭᠤᠳᠠᠯ | ᠰᠢᠢᠳᠪᠦᠷᠢᠯᠡᠭᠳᠡᠵᠦ᠂ ᠤᠯᠠᠨ ᠵᠢᠯ ᠤᠨ ᠲᠤᠷᠰᠢᠬᠢ ᠠᠮᠤ ᠪᠤᠳᠠᠭ᠎ᠠ ᠶᠢ ᠭᠠᠳᠠᠨ᠎ᠠ ᠠᠴᠠ ᠰᠢᠯᠵᠢᠭᠦᠯᠦᠨ ᠣᠷᠣᠭᠤᠯᠵᠤ | ᠪᠠᠶᠢᠭᠰᠠᠨ ᠲᠡᠦᠬᠡ ᠶᠢ ᠡᠴᠦᠰᠯᠡᠭᠦᠯᠪᠡ᠃ 1992 ᠣᠨ ᠳᠤ ᠪᠦᠭᠦ ᠣᠷᠣᠨ ᠤ ᠠᠮᠤ ᠪᠤᠳᠠᠭᠠᠨ ᠤ ᠤᠨᠠᠯᠲᠠ 200 | ᠳ᠋ᠦᠩᠰᠢᠭᠤᠷ ᠵᠢᠩ ᠤᠨ ᠶᠡᠭᠡ ᠪᠣᠭᠤᠮᠲᠠ ᠶᠢ ᠳᠠᠪᠠᠵᠤ᠂ 2005 ᠣᠨ ᠳᠤ ᠮᠠᠨ ᠤ ᠣᠷᠣᠨ ᠪᠦᠭᠦ ᠤᠯᠤᠰ ᠤᠨ | ᠠᠮᠤ ᠪᠤᠳᠠᠭᠠᠨ ᠤ 13 ᠭᠤᠣᠯ ᠭᠠᠷᠤᠯᠲᠠ ᠶᠢᠨ ᠣᠷᠣᠨ ᠤ ᠨᠢᠭᠡ ᠪᠤᠯᠪᠠ︔ 2008 ᠣᠨ ᠳᠤ ᠪᠦᠭᠦ ᠣᠷᠣᠨ ᠤ | ᠠᠮᠤ ᠪᠤᠳᠠᠭᠠᠨ ᠤ ᠤᠨᠠᠯᠲᠠ ᠠᠩᠬ᠎ᠠ ᠤᠳᠠᠭ᠎ᠠ 400 ᠳ᠋ᠦᠩᠰᠢᠭᠤᠷ ᠵᠢᠩ ᠢ ᠳᠠᠪᠠᠵᠤ᠂ ᠪᠦᠭᠦ ᠤᠯᠤᠰ ᠤᠨ ᠡᠮᠦᠨ᠎ᠡ | 10 ᠨᠡᠷᠡᠰ ᠲᠤ ᠣᠷᠣᠵᠤ᠂ ᠪᠦᠭᠦ ᠤᠯᠤᠰ ᠤᠨ ᠠᠮᠤ ᠪᠤᠳᠠᠭ᠎ᠠ ᠶᠢ ᠭᠠᠳᠠᠭᠰᠢ ᠭᠠᠷᠭᠠᠬᠤ ᠮᠤᠵᠢ ᠣᠷᠣᠨ ᠤ ᠨᠢᠭᠡ | ᠪᠣᠯᠤᠭᠰᠠᠨ ᠪᠤᠯᠵᠠᠢ︔ 2018 ᠣᠨ ᠳᠤ ᠪᠦᠭᠦ ᠣᠷᠣᠨ ᠤ ᠠᠮᠤ ᠪᠤᠳᠠᠭᠠᠨ ᠤ ᠤᠨᠠᠯᠲᠠ 700 ᠳ᠋ᠦᠩᠰᠢᠭᠤᠷ ᠵᠢᠩ | ᠤᠨ ᠶᠡᠭᠡ ᠪᠣᠭᠤᠮᠲᠠ ᠶᠢ ᠳᠠᠪᠠᠪᠠ︔ 2023 ᠣᠨ ᠳᠤ ᠠᠮᠤ ᠪᠤᠳᠠᠭᠠᠨ ᠤ ᠲᠠᠷᠢᠮᠠᠯ ᠤᠨ ᠲᠠᠯᠠᠪᠠᠶ 1.05 | ᠳ᠋ᠦᠩᠰᠢᠭᠤᠷ ᠮᠦ ᠬᠦᠷᠴᠦ ᠶᠡᠷᠦᠩᠬᠡᠢ ᠤᠨᠠᠯᠲᠠ ᠨᠢ 791.6 ᠳ᠋ᠦᠩᠰᠢᠭᠤᠷ ᠵᠢᠩ ᠳᠤ ᠬᠦᠷᠴᠦ᠂ ᠳᠤᠮᠳᠠᠴᠢ ᠪᠠᠷ | ᠮᠦ ᠨᠢᠭᠡᠴᠢ ᠶᠢᠨ ᠤᠨᠠᠯᠲᠠ 378 ᠺᠢᠯᠣᠭ᠍ᠷᠠᠮ ᠪᠠᠶᠢᠵᠤ᠂ ᠠᠮᠤ ᠪᠤᠳᠠᠭᠠᠨ ᠤ ᠶᠡᠷᠦᠩᠬᠡᠢ ᠤᠨᠠᠯᠲᠠ ᠪᠠ ᠮᠦ ᠨᠢᠭᠡᠴᠢ | ᠶᠢᠨ ᠤᠨᠠᠯᠲᠠ ᠨᠢ ᠲᠣᠰ ᠲᠣᠰ 1949 ᠣᠨ ᠤ 18.6 ᠳᠠᠭᠢᠨ ᠪᠠ 9.5 ᠳᠠᠭᠢᠨ ᠪᠣᠯᠵᠤ ᠨᠡᠮᠡᠭᠳᠡᠨ᠂ ᠠᠮᠤ | ᠪᠤᠳᠠᠭᠠᠨ ᠤ ᠦᠢᠯᠡᠳᠪᠦᠷᠢᠯᠡᠯ ᠳᠤ 20 ᠵᠢᠯ ᠳᠠᠷᠠᠭᠠᠯᠠᠨ ᠡᠯᠪᠡᠭ ᠬᠤᠷᠢᠶᠠᠯᠲᠠ ᠣᠯᠵᠠᠢ᠃ |