ᠣᠶᠢᠷ᠎ᠠ ᠳᠤ᠂ ᠪᠠᠶᠠᠨᠨᠠᠭᠤᠷ ᠬᠤᠲᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ | ᠡᠪᠡᠰᠦᠨ ᠤ ᠦᠢᠯᠡᠰ ᠪᠠ ᠨᠤᠲᠤᠭ ᠪᠡᠯᠴᠢᠭᠡᠷ ᠤᠨ ᠰᠤᠳᠤᠯᠭᠠᠨ ᠤ ᠲᠥᠪ ᠳᠤᠮᠳᠠᠳᠤ ᠤᠯᠤᠰ ᠤᠨ ᠲᠠᠷᠢᠶᠠᠯᠠᠩ ᠤᠨ | ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠤᠲᠤᠭ ᠪᠡᠯᠴᠢᠭᠡᠷ ᠤᠨ ᠰᠤᠳᠤᠯᠭᠠᠨ ᠤ ᠭᠠᠵᠠᠷ ᠤᠨ ᠳᠡᠳ᠋ ᠰᠣᠳᠤᠯᠤᠭᠴᠢ | ᠺᠦᠩ ᠯᠢᠩ ᠴᠢ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠳᠡᠳ᠋ ᠫᠷᠤᠹᠧᠰᠰᠤᠷ ᠶᠧ ᠸᠧᠨ | ᠰᠢᠩ ᠲᠠᠢ ᠬᠤᠯᠪᠤᠭᠠᠯᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠶᠢᠨ ᠮᠡᠷᠭᠡᠵᠢᠯ ᠢ ᠳᠡᠯᠭᠡᠷᠡᠭᠦᠯᠬᠦ ᠲᠥᠪ ᠤᠨ ᠡᠪᠡᠰᠦ ᠪᠣᠷᠳᠤᠭ᠎ᠠ ᠶᠢᠨ ᠭᠠᠵᠠᠷ ᠤᠨ ᠳᠡᠳ᠋ ᠳᠠᠷᠤᠭ᠎ᠠ ᠪᠦᠦ ᠯᠢ | ᠭᠤᠤ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠳᠡᠳ᠋ ᠫᠷᠤᠹᠧᠰᠰᠤᠷ ᠯᠢ ᠵᠢᠶᠦ᠋ᠨ᠂ ᠪᠡᠭᠡᠵᠢᠩ ᠤᠨ ᠲᠠᠷᠢᠶᠠᠯᠠᠩ | ᠣᠶ ᠰᠢᠭᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠳᠡᠳ᠋ ᠰᠤᠳᠤᠯᠤᠭᠴᠢ ᠺᠠᠨ ᠬᠠᠢ ᠮᠢᠩ᠂ ᠦᠶᠤᠸᠠᠨ | ᠰᠢᠶᠠᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ ᠤᠨ ᠰᠤᠳᠤᠯᠤᠭᠴᠢ ᠯᠢ ᠡᠯ ᠵᠧᠨ᠂ ᠦᠶᠤᠸᠠᠨ | ᠰᠢᠶᠠᠨ ᠤ ᠮᠠᠯ ᠠᠵᠤ ᠠᠬᠤᠢ ᠶᠢᠨ ᠠᠵᠢᠯ ᠤᠨ ᠥᠷᠲᠡᠭᠡᠨ ᠤ ᠳᠡᠭᠡᠳᠦ ᠲᠠᠰ ᠤᠨ ᠮᠠᠯ ᠠᠵᠤ ᠠᠬᠤᠢ ᠶᠢᠨ | ᠮᠡᠷᠭᠡᠵᠢᠯᠲᠡᠨ ᠵᠣᠣ ᠹᠧᠩ ᠰᠢᠶᠠᠩ ᠵᠡᠷᠭᠡ 5 ᠲᠤᠰᠬᠠᠢ ᠮᠡᠷᠭᠡᠵᠢᠯᠲᠡᠨ ᠢ ᠤᠷᠢᠵᠤ᠂ ᠪᠠᠶᠠᠨᠨᠠᠭᠤᠷ ᠬᠤᠲᠠ ᠶᠢᠨ | ᠦᠶᠤᠸᠠᠨ ᠰᠢᠶᠠᠨ ᠤ ᠰᠢᠨ ᠬᠥᠩ ᠵᠥᠩ ᠪᠠᠯᠭᠠᠰᠤ ᠵᠢᠴᠢ ᠤᠷᠠᠳ ᠤᠨ ᠳᠤᠮᠳᠠᠳᠤ ᠬᠤᠰᠢᠭᠤᠨ ᠤ ᠥᠵᠢᠶᠠ ᠡᠾᠧ | ᠪᠠᠯᠭᠠᠰᠤᠨ ᠳᠤ ᠪᠤᠭᠤᠳᠠᠢ ᠶᠢᠨ ᠳᠠᠷᠠᠭ᠎ᠠ ᠳᠠᠬᠢᠨ ᠲᠠᠷᠢᠬᠤ ︽ᠵᠦᠩ ᠽᠣᠣ 16 ᠳ᠋ᠤᠭᠠᠷ︾᠂ ︽ᠮᠧᠩ ᠨᠤᠩ 1 ᠳ᠋ᠤᠭᠡᠷ︾ | ᠲᠡᠵᠢᠭᠡᠯ ᠤᠨ ᠨᠣᠬᠠᠢ ᠶᠢᠨ ᠬᠤᠰᠢᠭᠤ ᠶᠢᠨ ᠰᠢᠨ᠎ᠡ ᠡᠭᠦᠯᠳᠡᠷ ᠤᠨ ᠤᠨᠠᠯᠲᠠ ᠶᠢ ᠬᠡᠮᠵᠢᠬᠦ ᠠᠵᠢᠯ ᠦᠷᠨᠢᠭᠦᠯᠪᠡ᠃ | ᠲᠤᠬᠠᠢ ᠶᠢᠨ ᠲᠠᠯᠠᠪᠠᠶ ᠶᠢᠨ ᠤᠨᠠᠯᠲᠠ ᠶᠢ ᠬᠡᠮᠵᠢᠬᠦ ᠪᠠᠷ ᠳᠡᠮᠵᠢᠨ᠂ ᠦᠶᠤᠸᠠᠨ ᠰᠢᠶᠠᠨ ᠤ ᠰᠢᠨ ᠬᠥᠩ ᠵᠥᠩ | ᠪᠠᠯᠭᠠᠰᠤᠨ ᠤ ᠵᠢᠱᠢᠶ᠎ᠡ ᠦᠵᠡᠭᠦᠯᠬᠦ ᠴᠡᠭ ᠤᠨ ᠳᠤᠮᠳᠠᠴᠢ ᠰᠣᠷᠭᠤᠭ ᠡᠪᠡᠰᠦᠨ ᠤ ᠭᠠᠷᠤᠯᠲᠠ ᠨᠢ 3.8~4.3 | ᠲᠣᠨ/ᠮᠦ ᠪᠠᠶᠢᠵᠤ᠂ ᠤᠷᠠᠳ ᠤᠨ ᠳᠤᠮᠳᠠᠳᠤ ᠬᠤᠰᠢᠭᠤᠨ ᠤ ᠥᠵᠢᠶᠠ ᠾᠧ ᠪᠠᠯᠭᠠᠰᠤᠨ ᠤ ᠵᠢᠱᠢᠶ᠎ᠡ ᠦᠵᠡᠭᠦᠯᠬᠦ | ᠴᠡᠭ ᠤᠨ ᠰᠣᠷᠭᠤᠭ ᠡᠪᠡᠰᠦᠨ ᠤ ᠭᠠᠷᠤᠯᠲᠠ ᠨᠢ 4.2~4.5 ᠲᠣᠨ/ᠮᠦ ᠳᠤ ᠬᠦᠷᠴᠡᠢ᠃ | | | | | ᠣᠶᠢᠷ᠎ᠠ ᠶᠢᠨ ᠵᠢᠯ ᠳᠤ᠂ ᠺᠦᠩ ᠯᠢᠩ ᠴᠢ ︽ᠪᠠᠶᠠᠨᠨᠠᠭᠤᠷ ᠬᠤᠲᠠ ᠶᠢᠨ ᠲᠡᠵᠢᠭᠡᠯ ᠤᠨ ᠨᠣᠬᠠᠢ ᠶᠢᠨ | ᠬᠤᠰᠢᠭᠤ ᠶᠢᠨ ᠦᠷ᠎ᠡ ᠡᠳ᠋ ᠤᠨ ᠤᠳᠤᠮᠰᠢᠯ ᠢ ᠰᠠᠶᠢᠵᠢᠷᠠᠭᠤᠯᠬᠤ ᠪᠠ ᠰᠢᠨ᠎ᠡ ᠡᠭᠦᠯᠳᠡᠷ ᠢ ᠰᠣᠩᠭᠤᠨ ᠪᠣᠶᠢᠵᠢᠭᠤᠯᠬᠤ | ᠮᠡᠷᠭᠡᠵᠢᠯ ᠤᠨ ᠰᠤᠳᠤᠯᠭᠠᠨ ᠤ ᠳ᠋ᠣᠺᠲ᠋ᠣᠷ ᠤᠨ ᠠᠵᠢᠯ ᠤᠨ ᠥᠷᠲᠡᠭᠡ︾ ᠶᠢᠨ ᠥᠷᠲᠡᠭᠡᠨ ᠳᠠᠬᠢ ᠳ᠋ᠣᠺᠲ᠋ᠣᠷ | ᠪᠣᠯᠤᠭᠰᠠᠨ ᠤ ᠬᠤᠪᠢ ᠳᠤ᠂ ᠪᠠᠶᠠᠨᠨᠠᠭᠤᠷ ᠬᠤᠲᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠭᠠᠵᠠᠷ ᠤᠨ | ᠡᠪᠡᠰᠦᠨ ᠤ ᠦᠢᠯᠡᠰ ᠪᠠ ᠨᠤᠲᠤᠭ ᠪᠡᠯᠴᠢᠭᠡᠷ ᠤᠨ ᠰᠤᠳᠤᠯᠭᠠᠨ ᠤ ᠲᠥᠪ ᠲᠠᠢ ᠬᠠᠮᠲᠤᠷᠠᠨ 3 ᠲᠡᠵᠢᠭᠡᠯ ᠤᠨ | ᠨᠣᠬᠠᠢ ᠶᠢᠨ ᠬᠤᠰᠢᠭᠤ ᠶᠢᠨ ᠰᠢᠨ᠎ᠡ ᠡᠭᠦᠯᠳᠡᠷ ᠢ ᠬᠢᠨᠠᠨ ᠲᠣᠭᠲᠠᠭᠠᠵᠤ᠂ ᠤᠷᠢᠳ ᠬᠤᠵᠢᠳ ᠪᠤᠭᠤᠳᠠᠢ ᠶᠢᠨ ᠳᠠᠷᠠᠭ᠎ᠠ | ᠳᠠᠬᠢᠨ ᠲᠡᠵᠢᠭᠡᠯ ᠤᠨ ᠨᠣᠬᠠᠢ ᠶᠢᠨ ᠬᠤᠰᠢᠭᠤ ᠳᠠᠷᠢᠬᠤ᠂ ᠨᠢᠭᠡ ᠵᠢᠯ ᠤᠨ ᠬᠤᠶᠠᠷ ᠤᠯᠠᠷᠢᠯ ᠳᠤ ᠲᠡᠵᠢᠭᠡᠯ ᠤᠨ | ᠨᠣᠬᠠᠢ ᠶᠢᠨ ᠬᠤᠰᠢᠭᠤ ᠳᠠᠷᠢᠬᠤ ᠵᠡᠷᠭᠡ ᠵᠢᠱᠢᠶ᠎ᠡ ᠦᠵᠡᠭᠦᠯᠦᠨ ᠳᠡᠯᠭᠡᠷᠡᠭᠦᠯᠬᠦ ᠠᠵᠢᠯ ᠢ ᠥᠷᠨᠢᠭᠦᠯᠪᠡ᠃ ᠡᠨᠡ ᠵᠢᠯ | ᠦᠶᠤᠸᠠᠨ ᠰᠢᠶᠠᠨ ᠤ ᠰᠢᠨ ᠬᠥᠩ ᠵᠥᠩ ᠪᠠᠯᠭᠠᠰᠤ᠂ ᠤᠷᠠᠳ ᠤᠨ ᠳᠤᠮᠳᠠᠳᠤ ᠬᠤᠰᠢᠭᠤᠨ ᠤ ᠥᠵᠢᠶᠠ ᠾᠧ | ᠪᠠᠯᠭᠠᠰᠤ᠂ ᠯᠢᠨᠾᠧ ᠲᠣᠭᠤᠷᠢᠭ ᠤᠨ ᠯᠠᠩᠱᠠᠨ ᠪᠠᠯᠭᠠᠰᠤ᠂ ᠬᠠᠩᠭᠢᠨ ᠬᠤᠶᠢᠲᠤ ᠬᠤᠰᠢᠭᠤᠨ ᠤ ᠱᠤᠸᠠᠩ ᠮᠢᠶᠣᠣ | ᠪᠠᠯᠭᠠᠰᠤ᠂ ᠤᠷᠠᠳ ᠤᠨ ᠬᠤᠶᠢᠲᠤ ᠬᠤᠰᠢᠭᠤᠨ ᠤ ᠬᠦᠭᠡᠦᠨᠲᠦᠷ ᠪᠠᠯᠭᠠᠰᠤ ᠵᠡᠷᠭᠡ 7 ᠬᠤᠰᠢᠭᠤ ᠰᠢᠶᠠᠨ | ᠲᠣᠭᠤᠷᠢᠭ ᠲᠤ ᠲᠣᠰ ᠲᠣᠰ 1000 ᠭᠠᠷᠤᠢ ᠮᠦ ᠨᠣᠬᠠᠢ ᠶᠢᠨ ᠬᠤᠰᠢᠭᠤ ᠶᠢ ᠵᠢᠱᠢᠶ᠎ᠡ ᠦᠵᠡᠭᠦᠯᠦᠨ ᠳᠡᠯᠭᠡᠷᠡᠭᠦᠯᠵᠦ᠂ | ᠡᠷᠬᠢᠨ ᠲᠣᠭᠤᠷᠢᠨ ᠤ ᠨᠢᠭᠡ ᠪᠦᠯᠦᠭ ᠲᠠᠷᠢᠶᠠᠴᠢᠨ ᠡᠷᠦᠬᠡ ᠶᠢ ᠳᠠᠶᠢᠴᠢᠯᠠᠨ᠂ ᠨᠣᠬᠠᠢ ᠶᠢᠨ ᠬᠤᠰᠢᠭᠤ ᠳᠠᠷᠢᠭᠤᠯᠵᠤ | ᠠᠰᠢᠭ ᠬᠦᠷᠲᠡᠭᠡᠭᠰᠡᠨ ᠪᠠᠶᠢᠨ᠎ᠠ᠃ | ᠬᠤᠶᠢᠰᠢᠳᠠ᠂ ᠪᠠᠶᠠᠨᠨᠠᠭᠤᠷ ᠬᠤᠲᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ | ᠬᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠪᠡᠰᠦ ᠪᠣᠷᠳᠤᠭ᠎ᠠ ᠶᠢᠨ ᠣᠲᠣ ᠦᠶ᠎ᠡ ᠶᠢᠨ | ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠮᠡᠷᠭᠡᠵᠢᠯ ᠤᠨ ᠰᠢᠰᠲ᠋ᠧᠮ᠂ ᠪᠠᠶᠠᠨᠨᠠᠭᠤᠷ ᠬᠤᠲᠠ ᠶᠢᠨ | ᠲᠡᠵᠢᠭᠡᠯ ᠤᠨ ᠨᠣᠬᠠᠢ ᠶᠢᠨ ᠬᠤᠰᠢᠭᠤ ᠶᠢᠨ ᠳ᠋ᠣᠺᠲ᠋ᠣᠷ ᠤᠨ ᠠᠵᠢᠯ ᠤᠨ ᠥᠷᠲᠡᠭᠡ ᠵᠡᠷᠭᠡ ᠲᠠᠪᠴᠠᠩ ᠳᠤ ᠲᠦᠰᠢᠭᠯᠡᠨ | ᠲᠤᠰᠬᠠᠢ ᠮᠡᠷᠭᠡᠵᠢᠯᠲᠡᠨ ᠤ ᠪᠦᠯᠬᠦᠮ ᠵᠢᠴᠢ ᠣᠷᠣᠨ ᠨᠤᠲᠤᠭ ᠤᠨ ᠳᠡᠯᠭᠡᠷᠡᠭᠦᠯᠬᠦ ᠰᠠᠯᠠᠭ᠎ᠠ ᠮᠥᠴᠢᠷ ᠯᠦᠭᠡ ᠶᠢᠨ | ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠲᠡᠵᠢᠭᠡᠯ ᠤᠨ ᠨᠣᠬᠠᠢ ᠶᠢᠨ ᠬᠤᠰᠢᠭᠤ ᠶᠢᠨ ᠡᠭᠦᠯᠳᠡᠷ | ᠪᠣᠶᠢᠵᠢᠭᠤᠯᠬᠤ ᠵᠢᠴᠢ ᠢᠵᠢ ᠪᠦᠷᠢᠳᠦᠭᠦᠯᠦᠨ ᠥᠨᠳᠥᠷ ᠤᠨᠠᠯᠲᠠ ᠲᠠᠢ ᠳᠠᠷᠢᠵᠤ ᠪᠣᠶᠢᠵᠢᠭᠤᠯᠬᠤ ᠮᠡᠷᠭᠡᠵᠢᠯ ᠢ | ᠰᠤᠳᠤᠯᠤᠨ ᠳᠡᠯᠭᠡᠷᠡᠭᠦᠯᠬᠦ ᠵᠡᠷᠭᠡ ᠠᠵᠢᠯ ᠢ ᠦᠷᠭᠦᠯᠵᠢᠯᠡᠨ ᠥᠷᠨᠢᠭᠦᠯᠵᠦ᠂ ᠲᠡᠵᠢᠭᠡᠯ ᠤᠨ ᠨᠣᠬᠠᠢ ᠶᠢᠨ ᠬᠤᠰᠢᠭᠤ ᠶᠢ | ᠪᠣᠶᠢᠵᠢᠭᠤᠯᠤᠨ ᠦᠷᠡᠵᠢᠭᠦᠯᠵᠦ ᠳᠡᠯᠭᠡᠷᠡᠭᠦᠯᠬᠦ ᠠᠵᠤ ᠦᠢᠯᠡᠰ ᠤᠨ ᠬᠡᠯᠬᠢᠶ᠎ᠡ ᠶᠢ ᠲᠡᠭᠦᠯᠳᠡᠷᠵᠢᠭᠦᠯᠦᠨ᠂ ᠪᠠᠶᠠᠨᠨᠠᠭᠤᠷ | ᠬᠤᠲᠠ ᠶᠢᠨ ᠡᠪᠡᠰᠦᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ | ᠬᠠᠩᠭᠠᠨ᠎ᠠ᠃ |