ᠰᠢᠨ᠎ᠡ ᠪᠠᠷ ᠬᠤᠳᠠᠯᠳᠤᠨ ᠠᠪᠤᠭᠰᠠᠨ ᠲᠠᠷᠢᠶᠠᠯᠠᠩ ᠤᠨ ᠮᠠᠰᠢᠨ ᠢ ᠬᠡᠷᠡᠭᠯᠡᠬᠦ ᠳᠤ ᠠᠩᠬᠠᠷᠬᠤ ᠵᠦᠢᠯ
ᠨᠡᠶᠢᠲᠡᠯᠡᠭᠰᠡᠨ ᠴᠠᠭ᠄
2024/10/16
      1.ᠰᠢᠨ᠎ᠡ ᠮᠠᠰᠢᠨ ᠬᠤᠳᠠᠯᠳᠤᠨ ᠠᠪᠤᠭᠰᠠᠨ ᠤ ᠳᠠᠷᠠᠭ᠎ᠠ᠂ ᠬᠥᠳᠡᠯᠭᠡᠭᠦᠷ ᠢ ᠬᠡᠷᠡᠭᠯᠡᠬᠦ ᠠᠴᠠ ᠡᠮᠦᠨ᠎ᠡ᠂ ᠤᠷᠢᠳ ᠢᠶᠠᠷ ᠲᠣᠰ ᠮᠠᠰᠢᠨ ᠤ ᠬᠡᠷᠡᠭᠯᠡᠬᠦ ᠲᠣᠳᠣᠷᠬᠠᠶᠢᠯᠠᠯᠲᠠ ᠶᠢᠨ ᠪᠢᠴᠢᠭ ᠢ ᠨᠠᠷᠢᠨ ᠬᠢᠨᠠᠮᠠᠭᠠᠢ ᠤᠩᠰᠢᠵᠤ᠂ ᠲᠣᠭᠲᠠᠭᠰᠠᠨ ᠫᠠᠶᠢᠰᠠ ᠶᠢᠨ ᠰᠢᠲᠠᠭᠠᠯᠭ᠎ᠠ ᠶᠢᠨ ᠲᠣᠰᠣ ᠶᠢ ᠬᠡᠷᠡᠭᠯᠡᠬᠦ ᠶᠢ ᠣᠨᠴᠠᠭᠠᠶᠢᠯᠠᠨ ᠠᠩᠬᠠᠷᠴᠤ᠂ ᠬᠡᠷᠡᠭᠯᠡᠬᠦ ᠠᠴᠠ ᠡᠮᠦᠨ᠎ᠡ ᠭᠦᠢᠴᠡᠳ ᠲᠤᠩᠭᠠᠬᠤ ᠪᠠ ᠱᠦᠭᠦᠵᠦ᠂ ᠲᠣᠰᠣ ᠨᠡᠮᠡᠬᠦ ᠪᠠᠭᠠᠵᠢ ᠶᠢ ᠠᠷᠢᠭᠤᠨ ᠴᠡᠪᠡᠷ ᠪᠠᠶᠢᠯᠭᠠᠬᠤ ᠬᠡᠷᠡᠭᠲᠡᠢ᠃ ᠭᠤᠯᠭᠤᠭᠤᠷ ᠲᠣᠰᠣ ᠶᠢ ᠠᠷᠢᠭᠤᠨ ᠴᠡᠪᠡᠷ ᠪᠠᠶᠢᠯᠭᠠᠵᠤ᠂ ᠨᠡᠮᠡᠵᠦ ᠣᠷᠣᠭᠤᠯᠬᠤ ᠲᠤᠭ᠎ᠠ ᠬᠡᠮᠵᠢᠶ᠎ᠡ ᠨᠢ ᠭᠦᠢᠴᠡᠳ ᠪᠠᠶᠢᠬᠤ ᠬᠡᠷᠡᠭᠲᠡᠢ ᠪᠥᠭᠡᠳ ᠲᠣᠭᠲᠠᠭᠰᠠᠨ ᠬᠤᠭᠤᠴᠠᠭ᠎ᠠ ᠲᠠᠢ ᠪᠠᠷ ᠰᠣᠯᠢᠵᠤ᠂ ᠬᠡᠷᠡᠭᠯᠡᠬᠦ ᠫᠠᠶᠢᠰᠠ ᠶᠢᠨ ᠨᠣᠮᠧᠷ ᠨᠢ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ᠃ ᠠᠭᠠᠷ ᠤᠨ ᠱᠦᠭᠦᠭᠦᠷ ᠢ ᠦᠷᠭᠦᠯᠵᠢ ᠠᠷᠠᠴᠢᠯᠠᠬᠤ ᠶᠢ ᠠᠩᠬᠠᠷᠬᠤ ᠬᠡᠷᠡᠭᠲᠡᠢ᠃ ᠬᠥᠷᠥᠭᠡᠭᠰᠡᠨ ᠤᠰᠤ ᠨᠡᠮᠡᠬᠦ ᠶᠢ ᠠᠩᠬᠠᠷᠬᠤ ᠬᠡᠷᠡᠭᠲᠡᠢ᠂ ᠣᠨᠴᠠᠭᠠᠶᠢᠯᠠᠨ ᠬᠥᠳᠡᠯᠭᠡᠭᠦᠷ ᠢ ᠤᠰᠤ ᠳᠤᠲᠠᠬᠤ ᠪᠠᠶᠢᠳᠠᠯ ᠲᠠᠢ ᠠᠵᠢᠯᠯᠠᠭᠤᠯᠵᠤ ᠪᠣᠯᠬᠤ ᠦᠭᠡᠢ᠃ ᠦᠷᠭᠦᠯᠵᠢ ᠪᠠᠶᠢᠴᠠᠭᠠᠵᠤ᠂ ᠬᠤᠯᠪᠣᠭᠳᠠᠯ ᠪᠦᠬᠦᠢ ᠡᠷᠭᠢ ᠱᠤᠷᠠᠭ᠂ ᠣᠨᠴᠠᠭᠠᠶᠢᠯᠠᠨ ᠰᠡᠵᠢᠯᠡᠭᠦᠷ ᠤᠨ ᠡᠷᠭᠢ ᠱᠤᠷᠠᠭ᠂ ᠳᠠᠮᠵᠢᠯᠭ᠎ᠠ ᠶᠢᠨ ᠲᠡᠩᠭᠡᠯᠢᠭ ᠤᠨ ᠳᠡᠭᠡᠷᠡᠬᠢ ᠡᠷᠭᠢ ᠱᠤᠷᠠᠭ᠂ ᠡᠷᠴᠢᠯᠡᠭᠦᠷ ᠬᠦᠷᠳᠦᠨ ᠤ ᠳᠡᠭᠡᠷᠡᠬᠢ ᠣᠨᠢᠰᠤᠲᠤ ᠡᠷᠭᠢ ᠱᠤᠷᠠᠭ᠂ ᠲᠡᠷᠭᠡᠨ ᠬᠦᠷᠳᠦᠨ ᠤ ᠪᠠᠬᠢᠯᠢᠭ᠌ ᠡᠷᠭᠢ ᠱᠤᠷᠠᠭ ᠵᠡᠷᠭᠡ ᠶᠢ ᠪᠠᠬᠢᠯᠡᠬᠦ ᠶᠢ ᠠᠩᠬᠠᠷᠬᠤ ᠬᠡᠷᠡᠭᠲᠡᠢ᠃      2.ᠰᠢᠨ᠎ᠡ ᠮᠠᠰᠢᠨ ᠬᠤᠳᠠᠯᠳᠤᠨ ᠠᠪᠤᠭᠰᠠᠨ ᠤ ᠳᠠᠷᠠᠭ᠎ᠠ ᠳᠠᠷᠤᠢ ᠳᠤᠨᠢ ᠳᠠᠭᠠᠭᠠᠴᠠ ᠠᠴᠠ  ᠨᠢ ᠭᠡᠳᠦᠷᠡᠭᠦᠯᠦᠨ ᠠᠵᠢᠯᠯᠠᠭᠤᠯᠵᠤ ᠪᠣᠯᠬᠤ ᠦᠭᠡᠢ᠂ ᠲᠣᠳᠣᠷᠬᠠᠶᠢᠯᠠᠯᠲᠠ ᠶᠢᠨ ᠪᠢᠴᠢᠭ ᠤᠨ ᠱᠠᠭᠠᠷᠳᠠᠯᠭ᠎ᠠ ᠶᠣᠰᠣᠭᠠᠷ ᠲᠡᠭᠦᠨ ᠢ ᠲᠤᠷᠰᠢᠨ ᠠᠵᠢᠯᠯᠠᠭᠤᠯᠵᠤ ᠵᠣᠬᠢᠴᠠᠭᠤᠯᠬᠤ ᠬᠡᠷᠡᠭᠲᠡᠢ᠃ ᠵᠣᠬᠢᠴᠠᠭᠤᠯᠤᠭᠰᠠᠨ ᠤ ᠳᠠᠷᠠᠭ᠎ᠠ᠂ ᠲᠣᠰ ᠮᠠᠰᠢᠨ ᠤ ᠲᠣᠰᠣᠨ ᠤ ᠱᠦᠭᠦᠬᠦ ᠲᠣᠣᠷ ᠪᠠ ᠮᠠᠰᠢᠨ ᠤ ᠲᠣᠰᠣᠨ ᠤ ᠳᠣᠲᠣᠷᠠᠬᠢ ᠦᠯᠡᠳᠡᠭᠳᠡᠯ ᠬᠤᠯᠢᠴᠠ ᠶᠢ ᠴᠡᠪᠡᠷᠯᠡᠨ ᠠᠷᠢᠯᠭᠠᠵᠤ᠂ ᠴᠢᠬᠤᠯᠠ ᠲᠠᠢ ᠪᠣᠯ ᠮᠠᠰᠢᠨ ᠤ ᠲᠣᠰᠣ ᠶᠢ ᠨᠢ ᠰᠣᠯᠢᠵᠤ᠂ ᠲᠣᠰᠣᠨ ᠤ ᠢᠷᠤᠭᠠᠷ ᠢ  ᠨᠢ ᠤᠬᠢᠶᠠᠵᠤ ᠴᠡᠪᠡᠷᠯᠡᠬᠦ ᠬᠡᠷᠡᠭᠲᠡᠢ᠃      3.ᠰᠢᠨ᠎ᠡ ᠮᠠᠰᠢᠨ ᠢᠶᠠᠷ ᠠᠵᠢᠯᠯᠠᠬᠤ ᠳᠠᠭᠠᠨ ᠦᠢᠯᠡᠳᠪᠦᠷᠢ ᠶᠢᠨ ᠲᠣᠳᠣᠷᠬᠠᠶᠢᠯᠠᠯᠲᠠ ᠶᠢᠨ ᠪᠢᠴᠢᠭ ᠤᠨ ᠱᠠᠭᠠᠷᠳᠠᠯᠭ᠎ᠠ ᠶᠢ ᠴᠢᠩᠭ᠎ᠠ ᠵᠢᠷᠦᠮᠯᠡᠬᠦ ᠬᠡᠷᠡᠭᠲᠡᠢ᠂ ᠳᠠᠭᠠᠭᠠᠴᠠ ᠠᠴᠠ ᠬᠡᠲᠦᠷᠡᠭᠦᠯᠵᠦ ᠪᠣᠯᠬᠤ ᠦᠭᠡᠢ᠂ ᠬᠤᠷᠳᠤᠴᠠ ᠠᠴᠠ ᠬᠡᠲᠦᠷᠡᠭᠦᠯᠵᠦ ᠪᠣᠯᠬᠤ ᠦᠭᠡᠢ᠂ ᠬᠡᠲᠦᠷᠡᠭᠦᠯᠦᠨ ᠨᠡᠮᠡᠵᠦ ᠪᠣᠯᠬᠤ ᠦᠭᠡᠢ᠂ ᠤᠷᠳᠤ ᠬᠤᠭᠤᠴᠠᠭ᠎ᠠ ᠪᠠᠷ ᠳᠠᠭᠠᠭᠠᠴᠠ ᠠᠴᠠ ᠬᠡᠲᠦᠷᠡᠭᠦᠯᠦᠨ ᠠᠵᠢᠯᠯᠠᠭᠤᠯᠵᠤ ᠪᠣᠯᠬᠤ ᠦᠭᠡᠢ᠃      4.ᠰᠢᠨ᠎ᠡ ᠮᠠᠰᠢᠨ ᠢ ᠳᠤᠷ᠎ᠠ ᠪᠠᠷ ᠢᠶᠠᠨ ᠥᠭᠡᠷᠡᠴᠢᠯᠡᠨ ᠤᠭᠰᠠᠷᠠᠬᠤ ᠪᠠ ᠬᠥᠳᠡᠯᠭᠡᠭᠦᠷ ᠤᠨ ᠡᠷᠭᠢᠯᠲᠡ ᠶᠢᠨ ᠬᠤᠷᠳᠤᠴᠠ ᠶᠢ ᠳᠤᠷ᠎ᠠ ᠪᠠᠷ ᠢᠶᠠᠨ ᠳᠡᠭᠡᠭᠰᠢᠯᠡᠭᠦᠯᠵᠦ ᠪᠣᠯᠬᠤ ᠦᠭᠡᠢ᠃ ᠵᠠᠷᠢᠮ ᠬᠡᠷᠡᠭᠯᠡᠭᠴᠢᠳ ᠮᠠᠰᠢᠨ ᠢ ᠨᠡᠩ ᠬᠤᠷᠳᠤᠨ ᠭᠦᠶᠦᠯᠭᠡᠬᠦ ᠶᠢᠨ ᠲᠥᠯᠥᠭᠡ᠂ ᠥᠨᠳᠥᠷ ᠳᠠᠷᠤᠯᠲᠠᠲᠤ ᠲᠤᠰᠦᠠ ᠤ ᠬᠥᠭᠡᠷᠭᠡ ᠶᠢᠨ ᠲᠤᠰᠦᠠ ᠤ ᠬᠡᠮᠵᠢᠶ᠎ᠡ ᠪᠣᠯᠣᠨ ᠲᠤᠰᠦᠠ ᠤ ᠳᠠᠷᠤᠯᠲᠠ ᠶᠢ ᠳᠤᠷ᠎ᠠ ᠪᠠᠷ ᠢᠶᠠᠨ ᠲᠣᠬᠢᠷᠠᠭᠤᠯᠵᠤ᠂ ᠵᠠᠷᠢᠮ ᠨᠢ ᠪᠠᠰᠠ ᠬᠤᠷᠳᠤᠴᠠ ᠲᠣᠬᠢᠷᠠᠭᠤᠯᠬᠤ ᠬᠠᠷᠢᠮᠠᠭ ᠢ ᠲᠡᠮᠦᠷ ᠤᠲᠠᠰᠤ ᠪᠠᠷ ᠤᠶᠠᠳᠠᠭ  ᠨᠢ ᠨᠡᠩ ᠴᠤ ᠪᠤᠷᠤᠭᠤ ᠪᠣᠯᠣᠨ᠎ᠠ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号