ᠲᠠᠷᠢᠶᠠᠯᠠᠩ ᠤᠢ ᠰᠢᠭᠤᠢ ᠮᠠᠯ ᠠᠵᠤ ᠠᠬᠤᠢ ᠵᠢᠭᠠᠰᠤᠨ ᠠᠵᠤ ᠠᠬᠤᠢ ᠶᠢᠨ ᠶᠡᠷᠦᠩᠬᠡᠢ ᠦᠷᠳᠡᠭ ᠲᠦᠷᠭᠡᠨ ᠨᠡᠮᠡᠭᠳᠡᠵᠦ ᠠᠵᠤ ᠦᠢᠯᠡᠰ ᠤᠨ ᠪᠦᠲᠦᠴᠡ ᠰᠢᠯᠢᠳᠡᠭᠵᠢᠵᠡᠢ
ᠨᠡᠶᠢᠲᠡᠯᠡᠭᠰᠡᠨ ᠴᠠᠭ᠄
2024/10/17
      ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢ᠂ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ  ᠠᠴᠠ ᠨᠠᠭᠠᠰᠢ ᠮᠠᠨ ᠤ ᠣᠷᠣᠨ ᠤ ᠲᠠᠷᠢᠶᠠᠯᠠᠩ ᠤᠢ ᠰᠢᠭᠤᠢ ᠮᠠᠯ ᠠᠵᠤ ᠠᠬᠤᠢ ᠵᠢᠭᠠᠰᠤᠨ ᠠᠵᠤ ᠠᠬᠤᠢ ᠶᠢᠨ ᠶᠡᠷᠦᠩᠬᠡᠢ ᠦᠷᠳᠡᠭ ᠲᠦᠷᠭᠡᠨ ᠨᠡᠮᠡᠭᠳᠡᠵᠦ᠂ 2023 ᠣᠨ ᠳᠤ ᠪᠦᠭᠦ ᠣᠷᠣᠨ ᠤ ᠲᠠᠷᠢᠶᠠᠯᠠᠩ ᠤᠢ ᠰᠢᠭᠤᠢ ᠮᠠᠯ ᠠᠵᠤ ᠠᠬᠤᠢ ᠵᠢᠭᠠᠰᠤᠨ ᠠᠵᠤ ᠠᠬᠤᠢ ᠶᠢᠨ ᠶᠡᠷᠦᠩᠬᠡᠢ ᠦᠷᠳᠡᠭ 4447.3 ᠳ᠋ᠦᠩᠰᠢᠭᠤᠷ ᠲᠥᠭᠦᠷᠢᠭ ᠬᠦᠷᠴᠦ ︵ᠲᠤᠬᠠᠢ ᠶᠢᠨ ᠵᠢᠯ ᠤᠨ ᠦᠨ᠎ᠡ ᠪᠠᠷ ᠪᠤᠳᠤᠪᠠ᠂ ᠳᠣᠷᠣᠭᠰᠢ ᠠᠳᠠᠯᠢ︶᠂ 1949 ᠣᠨ ᠤ 741.2 ᠲᠠᠭᠢᠨ ᠪᠣᠯᠵᠠᠢ᠃      ᠦᠢᠯᠡᠳᠬᠦᠨ ᠤ ᠦᠷᠲᠡᠭ ᠤᠨ ᠪᠦᠲᠦᠴᠡ ᠠᠴᠠ ᠦᠵᠡᠪᠡᠯ᠂ 1949 ᠣᠨ ᠳᠤ ᠪᠦᠭᠦ ᠣᠷᠣᠨ ᠤ ᠲᠠᠷᠢᠶᠠᠯᠠᠩ ᠤᠨ ᠦᠢᠯᠡᠳᠬᠦᠨ ᠤ ᠦᠷᠲᠡᠭ 4.8 ᠳ᠋ᠦᠩᠰᠢᠭᠤᠷ ᠲᠥᠭᠦᠷᠢᠭ ᠪᠠᠶᠢᠵᠤ᠂ ᠲᠠᠷᠢᠶᠠᠯᠠᠩ ᠤᠢ ᠰᠢᠭᠤᠢ ᠮᠠᠯ ᠠᠵᠤ ᠠᠬᠤᠢ ᠵᠢᠭᠠᠰᠤᠨ ᠠᠵᠤ ᠠᠬᠤᠢ ᠶᠢᠨ ᠦᠢᠯᠡᠳᠬᠦᠨ ᠤ ᠦᠷᠲᠡᠭ ᠤᠨ 79.5% ᠶᠢ ᠡᠵᠡᠯᠡᠨ᠂ ᠭᠤᠣᠯᠯᠠᠬᠤ ᠪᠠᠶᠢᠷᠢᠨ ᠳᠤ ᠣᠷᠣᠰᠢᠵᠤ᠂ ᠮᠠᠯ ᠠᠵᠤ ᠠᠬᠤᠢ ᠶᠢᠨ ᠦᠢᠯᠡᠳᠬᠦᠨ ᠤ ᠦᠷᠲᠡᠭ 20.3% ᠶᠢ ᠡᠵᠡᠯᠡᠵᠦ ᠪᠠᠶᠢᠪᠠ᠃ ᠮᠠᠯ ᠠᠵᠤ ᠠᠬᠤᠢ ᠲᠠᠷᠢᠶᠠᠯᠠᠩ ᠤᠨ ᠦᠢᠯᠡᠳᠪᠦᠷᠢᠯᠡᠯ ᠤᠨ ᠨᠥᠬᠦᠴᠡᠯ ᠠᠯᠬᠤᠮ ᠠᠯᠬᠤᠮ ᠢᠶᠠᠷ ᠰᠠᠶᠢᠵᠢᠷᠠᠬᠤ ᠶᠢ ᠳᠠᠭᠠᠯᠳᠤᠨ ᠦᠢᠯᠡᠳᠪᠦᠷᠢᠯᠡᠯ ᠤᠨ ᠴᠢᠳᠠᠪᠤᠷᠢ ᠲᠠᠰᠤᠷᠠᠯᠲᠠ ᠦᠭᠡᠢ ᠴᠢᠩᠭᠠᠷᠠᠵᠤ᠂ ᠮᠠᠯ ᠠᠵᠤ ᠠᠬᠤᠢ ᠠᠯᠬᠤᠮ ᠠᠯᠬᠤᠮ ᠢᠶᠠᠷ ᠬᠥᠭᠵᠢᠨ ᠪᠤᠵᠠᠭᠠᠶᠢᠷᠠᠵᠤ᠂ ᠲᠠᠷᠢᠶᠠᠯᠠᠩ ᠣᠶ ᠰᠢᠭᠤᠢ ᠮᠠᠯ ᠠᠵᠤ ᠠᠬᠤᠢ ᠵᠢᠭᠠᠰᠤᠨ ᠠᠵᠤ ᠠᠬᠤᠢ ᠶᠢᠨ ᠪᠦᠲᠦᠴᠡ ᠵᠣᠬᠢᠴᠠᠩᠭᠤᠢ ᠪᠠᠶᠢᠷᠢᠨ ᠳᠤ ᠣᠷᠣᠪᠠ᠃ 2023 ᠣᠨ ᠳᠤ ᠪᠦᠭᠦ ᠣᠷᠣᠨ ᠤ ᠲᠠᠷᠢᠶᠠᠯᠠᠩ ᠤᠨ ᠦᠢᠯᠡᠳᠬᠦᠨ ᠤ ᠥᠷᠲᠡᠭ 2288.0 ᠳ᠋ᠦᠩᠰᠢᠭᠤᠷ ᠲᠥᠭᠦᠷᠢᠭ ᠬᠦᠷᠴᠦ᠂ ᠲᠠᠷᠢᠶᠠᠯᠠᠩ ᠣᠶ ᠰᠢᠭᠤᠢ ᠮᠠᠯ ᠠᠵᠤ ᠠᠬᠤᠢ ᠵᠢᠭᠠᠰᠤᠨ ᠠᠵᠤ ᠠᠬᠤᠢ ᠶᠢᠨ ᠦᠢᠯᠡᠳᠬᠦᠨ ᠤ ᠶᠡᠷᠦᠩᠬᠡᠢ ᠥᠷᠲᠡᠭ ᠤᠨ 51.4% ᠶᠢ ᠡᠵᠡᠯᠡᠵᠦ᠂ 1949 ᠣᠨ ᠤ ᠬᠢ ᠠᠴᠠ ᠵᠠᠭᠤᠨ ᠤ ᠬᠠᠷᠢᠴᠠᠯ ᠢᠶᠠᠷ 28.1 ᠬᠤᠪᠢ ᠪᠠᠭᠤᠷᠠᠪᠠ︔ ᠮᠠᠯ ᠠᠵᠤ ᠠᠬᠤᠢ ᠶᠢᠨ ᠦᠢᠯᠡᠳᠬᠦᠨ  ᠤ ᠥᠷᠲᠡᠭ 1898.7 ᠳ᠋ᠦᠩᠰᠢᠭᠤᠷ ᠲᠥᠭᠦᠷᠢᠭ ᠬᠦᠷᠴᠦ᠂ 42.7% ᠶᠢ ᠡᠵᠡᠯᠡᠨ᠂ 1949 ᠣᠨ ᠬᠢ ᠠᠴᠠ ᠵᠠᠭᠤᠨ ᠤ ᠬᠠᠷᠢᠴᠠᠯ ᠢᠶᠠᠷ 22.4 ᠬᠤᠪᠢ ᠳᠡᠭᠡᠭᠰᠢᠯᠡᠪᠠ︔ ᠤᠢ ᠰᠢᠭᠤᠢ ᠪᠠ ᠵᠢᠭᠠᠰᠤᠨ ᠠᠵᠤ ᠠᠬᠤᠢ ᠶᠢᠨ ᠡᠵᠡᠯᠡᠬᠦ ᠬᠠᠷᠢᠴᠠᠯ ᠦᠨᠳᠦᠰᠦᠨ ᠳᠡᠭᠡᠨ 3% ᠪᠠ 1% ᠣᠷᠴᠢᠮ ᠳᠤ ᠲᠣᠭᠲᠠᠪᠤᠷᠢᠵᠢᠭᠰᠠᠨ ᠪᠠᠶᠢᠨ᠎ᠠ᠃      ᠲᠠᠷᠢᠮᠠᠯ ᠤᠨ ᠦᠢᠯᠡᠰ ᠤᠨ ᠳᠣᠲᠣᠭᠠᠳᠤ ᠪᠠᠶᠢᠳᠠᠯ ᠠᠴᠠ ᠦᠵᠡᠪᠡᠯ᠂ ᠮᠠᠨ ᠤ ᠣᠷᠣᠨ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠲᠠᠷᠢᠶᠠᠯᠠᠩ  ᠤᠨ ᠭᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠪᠦᠲᠦᠮᠵᠢᠲᠡᠶ ᠠᠬᠢᠭᠤᠯᠵᠤ᠂ ᠲᠠᠷᠢᠮᠠᠯ ᠤᠨ ᠦᠢᠯᠡᠰ ᠲᠤ ᠲᠠᠩ ᠭᠠᠭᠴᠠ ᠠᠮᠤ ᠪᠤᠳᠠᠭᠠᠨ ᠤ ᠲᠠᠷᠢᠮᠠᠯ ᠢᠶᠠᠷ ᠭᠤᠣᠯ ᠪᠤᠯᠭᠠᠵᠤ ᠪᠠᠶᠢᠭᠰᠠᠨ ᠠᠴᠠ ᠪᠠᠨ ᠠᠮᠤ ᠪᠤᠳᠠᠭ᠎ᠠ ᠶᠢ ᠲᠣᠭᠲᠠᠪᠤᠷᠢᠵᠢᠭᠤᠯᠬᠤ᠂ ᠠᠵᠤ ᠠᠬᠤᠢ ᠶᠢ ᠰᠢᠯᠢᠳᠡᠭᠵᠢᠭᠦᠯᠬᠦ᠂ ᠪᠣᠷᠳᠣᠭᠠᠨ ᠤ ᠲᠠᠷᠢᠮᠠᠯ ᠢ ᠥᠷᠭᠡᠳᠬᠡᠬᠦ ᠲᠡᠶᠢᠰᠢ ᠬᠤᠪᠢᠷᠠᠭᠤᠯᠪᠠ᠃ ᠠᠮᠤ ᠪᠤᠳᠠᠭ᠎ᠠ᠂ ᠠᠵᠤ ᠠᠬᠤᠢ ᠶᠢᠨ ᠲᠠᠷᠢᠮᠠᠯ ᠤᠨ ᠲᠠᠯᠠᠪᠠᠶ ᠶᠢᠨ ᠶᠡᠷᠦᠩᠬᠡᠢ ᠲᠠᠷᠢᠮᠠᠯ ᠤᠨ ᠲᠠᠯᠠᠪᠠᠢ  ᠳᠠᠬᠢ ᠡᠵᠡᠯᠡᠬᠦ ᠬᠠᠷᠢᠴᠠᠯ ᠨᠢ 1949 ᠣᠨ ᠤ 90.6% ᠪᠠ 7.2% ᠪᠠᠶᠢᠭᠰᠠᠨ ᠠᠴᠠ ᠪᠠᠨ 2023 ᠣᠨ ᠤ 79.3% ᠪᠠ 14.3% ᠪᠣᠯᠵᠤ᠂ ᠠᠮᠤ ᠪᠤᠳᠠᠭᠠᠨ ᠤ ᠲᠠᠷᠢᠮᠠᠯ ᠢ ᠲᠣᠭᠲᠠᠪᠤᠷᠢᠵᠢᠭᠤᠯᠬᠤ ᠶᠢᠨ ᠬᠠᠮᠲᠤ ᠠᠵᠤ ᠠᠬᠤᠢ ᠶᠢᠨ ᠲᠠᠷᠢᠮᠠᠯ ᠤᠨ ᠡᠵᠡᠯᠡᠬᠦ ᠬᠠᠷᠢᠴᠠᠯ ᠢ ᠳᠡᠭᠡᠭᠰᠢᠯᠡᠭᠦᠯᠵᠦ᠂ ᠠᠷᠠᠳ ᠣᠯᠠᠨ ᠤ ︽ᠬᠤᠭᠤᠯᠠᠨ ᠰᠢᠷᠡᠭᠡ︾ ᠶᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ ᠴᠦ ᠢᠳᠡᠪᠬᠢᠲᠡᠢ ᠬᠤᠪᠢ ᠨᠡᠮᠡᠷᠢ ᠦᠵᠡᠭᠦᠯᠪᠡ᠃ 
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号