ᠮᠠᠨ ᠤ ᠣᠷᠣᠨ ᠤ ᠠᠩᠬᠠᠳᠠᠭᠴᠢ ᠬᠠᠷᠭᠠᠨ᠎ᠠ ᠶᠢᠨ ᠨᠡᠶᠢᠭᠡᠮᠯᠢᠭ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2024/10/17
      ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠬᠠᠷᠭᠠᠨ᠎ᠠ ᠶᠢᠨ ᠨᠡᠶᠢᠭᠡᠮᠯᠢᠭ ᠤᠯᠠᠭᠠᠨᠴᠠᠪ ᠬᠤᠲᠠ ᠳᠤ ᠣᠶᠢᠷ᠎ᠠ ᠳᠤ ᠪᠠᠶᠢᠭᠤᠯᠤᠭᠳᠠᠵᠤ᠂ ᠬᠠᠷᠭᠠᠨ᠎ᠠ ᠶᠢᠨ ᠡᠬᠢ ᠪᠠᠶᠠᠯᠢᠭ ᠤᠨ ᠬᠥᠭᠵᠢᠯᠲᠡ ᠳᠤ ᠰᠢᠨ᠎ᠡ ᠪᠠᠷᠢᠮᠵᠢᠶ᠎ᠠ ᠲᠠᠢ ᠪᠣᠯᠤᠭᠰᠠᠨ ᠢ ᠬᠠᠷᠠᠭᠤᠯᠪᠠ᠃ ᠤᠯᠠᠭᠠᠨᠴᠠᠪ ᠬᠤᠲᠠ ᠶᠢᠨ 8 ᠬᠠᠷᠭᠠᠨ᠎ᠠ ᠶᠢᠨ ᠠᠵᠤ ᠠᠬᠤᠶᠢᠯᠠᠯ ᠨᠢ 22 ᠬᠠᠷᠭᠠᠨ᠎ᠠ ᠪᠤᠯᠪᠠᠰᠤᠷᠠᠭᠤᠯᠬᠤ ᠠᠵᠤ ᠠᠬᠤᠶᠢᠯᠠᠯ ᠲᠠᠢ ᠬᠠᠮᠲᠤᠷᠠᠨ᠂ ︽ᠤᠯᠠᠭᠠᠨᠴᠠᠪ ᠬᠤᠲᠠ ᠶᠢᠨ ᠬᠠᠷᠭᠠᠨ᠎ᠠ ᠶᠢᠨ ᠠᠵᠤ ᠦᠢᠯᠡᠰ  ᠤᠨ ᠰᠢᠨ᠎ᠡ ᠶᠢ ᠡᠭᠦᠳᠬᠦ ᠬᠥᠭᠵᠢᠯᠲᠡ ᠶᠢᠨ ᠨᠡᠶᠢᠭᠡᠮᠯᠢᠭ︾ ᠢ ᠪᠠᠶᠢᠭᠤᠯᠪᠠ᠃      ᠬᠠᠷᠭᠠᠨ᠎ᠠ ᠪᠣᠯ ᠨᠢᠭᠡ ᠵᠦᠢᠯ ᠤᠨ ᠤᠯᠠᠨ ᠬᠡᠷᠡᠭᠴᠡᠭᠡᠲᠦ ᠤᠷᠭᠤᠮᠠᠯ ᠤᠨ ᠡᠬᠢ ᠪᠠᠶᠠᠯᠢᠭ ᠪᠣᠯᠤᠭᠰᠠᠨ ᠤ ᠬᠤᠪᠢ ᠳᠤ ᠲᠡᠭᠦᠨ ᠤ ᠠᠵᠤ ᠦᠢᠯᠡᠰ ᠤᠨ ᠬᠡᠯᠬᠢᠶ᠎ᠡ ᠨᠢ ᠲᠦᠭᠦᠬᠡᠢ ᠮᠠᠲ᠋ᠧᠷᠢᠶᠠᠯ ᠲᠠᠷᠢᠵᠤ ᠡᠳ᠋ᠰᠢᠭᠦᠯᠬᠦ᠂ ᠲᠡᠵᠢᠭᠡᠯ ᠪᠣᠷᠳᠤᠭ᠎ᠠ ᠦᠢᠯᠡᠳᠪᠦᠷᠢᠯᠡᠬᠦ᠂ ᠡᠷᠡᠭᠦᠯ ᠮᠡᠨᠳᠤ ᠶᠢᠨ ᠢᠳᠡᠭᠡᠨ ᠢ ᠰᠤᠳᠤᠯᠤᠨ ᠨᠡᠭᠡᠭᠡᠬᠦ ᠵᠡᠷᠭᠡ ᠤᠯᠠᠨ ᠬᠦᠷᠢᠶ᠎ᠡ ᠴᠠᠷᠠᠭ᠎ᠠ ᠳᠤ ᠬᠤᠯᠪᠣᠭᠳᠠᠵᠤ ᠪᠠᠶᠢᠳᠠᠭ᠃ ᠲᠤᠰ ᠨᠡᠶᠢᠭᠡᠮᠯᠢᠭ ᠤᠨ ᠪᠠᠶᠢᠭᠤᠯᠤᠭᠳᠠᠭᠰᠠᠨ ᠨᠢ ᠮᠠᠨ ᠤ ᠣᠷᠣᠨ ᠤ ᠬᠠᠷᠭᠠᠨ᠎ᠠ ᠶᠢᠨ ᠠᠵᠤ ᠦᠢᠯᠡᠰ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠠᠭᠤᠯᠤᠭᠳᠠᠴᠠ ᠪᠠᠷ ᠳᠣᠣᠷ᠎ᠠ᠂ ᠠᠵᠤ ᠦᠢᠯᠡᠰ ᠤᠨ ᠬᠡᠯᠬᠢᠶ᠎ᠡ ᠲᠡᠭᠦᠯᠳᠡᠷᠵᠢᠭᠡᠳᠦᠢ᠂ ᠵᠠᠬ᠎ᠠ ᠳᠡᠯᠭᠡᠭᠦᠷ ᠤᠨ ᠨᠡᠭᠡᠭᠡᠨ ᠬᠥᠭᠵᠢᠭᠦᠯᠦᠯᠲᠡ ᠬᠦᠷᠦᠯᠴᠡᠬᠦ ᠦᠭᠡᠢ ᠵᠡᠷᠭᠡ ᠠᠰᠠᠭᠤᠳᠠᠯ ᠢ ᠰᠢᠢᠳᠪᠦᠷᠢᠯᠡᠬᠦ ᠳᠤ ᠲᠦᠯᠬᠢᠴᠡ ᠦᠢᠯᠡᠳᠦᠯ ᠦᠵᠡᠭᠦᠯᠭᠦ ᠪᠣᠯᠣᠨ᠎ᠠ᠃
 
ᠢᠷᠡᠯᠲᠡ᠄ ᠳᠤᠮᠳᠠᠲᠦ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号