ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠠᠭᠠᠭᠤᠯᠤᠭᠴᠢ ᠶᠢᠨ ︽ᠲᠦᠷᠦᠭᠦᠴᠢ ᠬᠤᠨ︾ ᠪᠣᠶᠢᠵᠢᠭᠤᠯᠬᠤ ᠲᠥᠷᠥᠯ ᠵᠦᠢᠯ︱ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠠᠵᠢᠯᠯᠠᠭ᠎ᠠ ᠬᠥᠬᠡᠬᠤᠲᠠ ᠶᠢᠨ ᠥᠷᠭᠡᠨ ᠭᠤᠳᠤᠮᠵᠢ ᠳᠤ ᠶᠠᠪᠤᠭᠳᠠᠪᠠ
ᠨᠡᠶᠢᠲᠡᠯᠡᠭᠰᠡᠨ ᠴᠠᠭ᠄
2024/10/2
      10 ᠰᠠᠷ᠎ᠠ ᠶᠢᠨ 1 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠭᠤᠣᠯᠯᠠᠨ ᠡᠷᠭᠢᠯᠡᠭᠰᠡᠨ ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠠᠭᠠᠭᠤᠯᠤᠭᠴᠢ ᠶᠢᠨ ︽ᠲᠦᠷᠦᠭᠦᠴᠢ ᠬᠤᠨ︾ ᠪᠣᠶᠢᠵᠢᠭᠤᠯᠬᠤ ᠲᠥᠷᠥᠯ ᠵᠦᠢᠯ︱ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠠᠵᠢᠯᠯᠠᠭ᠎ᠠ ᠬᠥᠬᠡᠬᠤᠲᠠ ᠶᠢᠨ ᠥᠷᠭᠡᠨ ᠭᠤᠳᠤᠮᠵᠢ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠵᠧᠩ ᠹᠧᠩ ᠵᠥᠩ᠂ ᠬᠤᠲᠣᠩ ᠦᠨᠳᠦᠰᠦᠲᠡᠨ ᠤ ᠲᠣᠭᠤᠷᠢᠭ ᠤᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠬᠠᠷᠢᠭᠤᠴᠠᠯᠭᠠᠲᠠᠨ᠂ ᠵᠧᠵᠢᠶᠠᠩ ᠶᠡᠭᠡ ᠰᠤᠷᠭᠠᠭᠤᠯᠢ᠂ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠵᠡᠷᠭᠡ ᠲᠠᠪᠤᠨ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯᠲᠡᠨ᠂ ᠵᠢᠯᠣᠭᠤᠳᠤᠭᠴᠢ ᠪᠠᠭᠰᠢ ᠶᠢᠨ ᠲᠥᠯᠥᠭᠡᠯᠡᠭᠴᠢ ᠵᠢᠴᠢ ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠤᠪᠢᠳᠠᠨ ᠬᠠᠮᠢᠶᠠᠷᠴᠤ ᠪᠦᠬᠦᠢ ᠲᠣᠪᠴᠢᠶᠠᠨ ᠳᠠᠷᠤᠭ᠎ᠠ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠠᠮᠢᠶ᠎ᠠ ᠪᠦᠬᠦᠢ ᠭᠠᠵᠠᠷ ᠲᠠᠰᠤᠭ ᠤᠨ ᠬᠠᠷᠢᠭᠤᠴᠠᠯᠭᠠᠲᠠᠨ ᠨᠥᠬᠦᠳ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ 
1.png
       ᠲᠣᠰ ᠤᠳᠠᠭᠠᠨ ᠤ ᠠᠵᠢᠯᠯᠠᠭ᠎ᠠ ᠨᠢ 3 ᠡᠳᠦᠷ ᠶᠠᠪᠤᠭᠳᠠᠵᠤ᠂ 12 ᠠᠶᠢᠮᠠᠭ ᠬᠤᠲᠠ ᠠᠴᠠ ᠢᠷᠡᠭᠰᠡᠨ ᠰᠢᠯᠢᠳᠡᠭ ︽ᠲᠦᠷᠦᠭᠦᠴᠢ ᠬᠤᠨ︾ ᠤ ᠰᠣᠷᠣᠭᠴᠢ ᠥᠪᠡᠷ ᠤᠨ ᠣᠨᠴᠠᠯᠢᠭᠲᠤ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠪᠠ ᠭᠠᠷ ᠤᠷᠠᠯᠠᠯ ᠤᠨ ᠪᠦᠲᠦᠭᠡᠭᠳᠡᠬᠦᠨ ᠢᠶᠠᠨ ᠠᠪᠴᠤ ᠦᠵᠡᠰᠬᠦᠯᠡᠩ ᠳᠤ ᠣᠷᠣᠯᠴᠠᠵᠤ᠂ ᠨᠡᠶᠢᠲᠡ 130 ᠭᠠᠷᠤᠢ ᠪᠦᠲᠦᠭᠡᠭᠳᠡᠬᠦᠨ ᠤ ᠦᠵᠡᠭᠦᠯᠭᠡ ᠶᠢ  ᠲᠣᠬᠢᠷᠠᠭᠤᠯᠤᠭᠰᠠᠨ ᠪᠠᠶᠢᠨ᠎ᠠ᠃ ᠴᠠᠭᠠᠨ ᠢᠳᠡᠭᠡ᠂ ᠮᠢᠬᠠᠨ ᠤ ᠵᠦᠢᠯ᠂ ᠪᠤᠷᠴᠠᠭ ᠤᠨ ᠵᠦᠢᠯ᠂ ᠰᠤᠯᠠ ᠢᠳᠡᠭᠡᠨ ᠵᠡᠷᠭᠡ ᠶᠢ ᠪᠠᠭᠲᠠᠭᠠᠭᠰᠠᠨ ᠦᠢᠯᠡᠳᠬᠦᠨ ᠨᠢ ᠥᠷᠭᠡᠨ ᠣᠯᠠᠨ ᠬᠤᠲᠠ ᠶᠢᠨ ᠠᠷᠠᠳ ᠪᠣᠯᠣᠨ ᠵᠢᠭᠤᠯᠴᠢᠯᠠᠭᠴᠢᠳ ᠤᠨ ᠡᠯ᠎ᠡ ᠵᠦᠢᠯ ᠤᠨ ᠬᠡᠷᠡᠭᠴᠡᠭᠡ ᠶᠢ ᠬᠠᠩᠭᠠᠵᠤ ᠴᠢᠳᠠᠭᠰᠠᠨ ᠪᠠᠶᠢᠨ᠎ᠠ᠃ 
2.png
       ᠦᠵᠡᠭᠦᠯᠭᠡ ᠶᠢᠨ ᠲᠣᠭᠤᠷᠢᠭ ᠤᠨ ᠭᠠᠳᠠᠨ᠎ᠠ᠂ ᠲᠠᠶᠢᠰᠠᠨ ᠤ ᠳᠠᠭᠤᠤ ᠬᠥᠭᠵᠢᠮ ᠤᠨ ᠠᠶᠠᠰ ᠤᠨ ᠳᠠᠭᠠᠤ ᠳᠤ᠂ ᠡᠯ᠎ᠡ ᠠᠶᠢᠮᠠᠭ ᠬᠤᠲᠠ ᠶᠢᠨ ︽ᠲᠦᠷᠦᠭᠦᠴᠢ ᠬᠤᠨ︾ ᠤ ᠰᠤᠷᠤᠭᠴᠢᠳ ᠤᠯᠠᠭᠠᠨᠮᠥ᠋ᠴᠢᠷ ᠲᠠᠢ ᠬᠠᠮᠲᠤ ᠪᠠᠷ ᠤᠷᠠᠨ ᠰᠠᠶᠢᠬᠠᠨ ᠤ ᠲᠣᠭᠯᠠᠯᠲᠠ ᠶᠢᠨ ᠡᠩᠨᠡᠭᠡ ᠶᠢ ᠵᠣᠬᠢᠶᠠᠨ ᠪᠠᠶᠢᠭᠤᠯᠪᠠ᠃ ᠢᠷᠠᠭᠤ ᠴᠡᠭᠡᠯᠬᠡᠨ ᠮᠣᠷᠢᠨ ᠬᠤᠭᠤᠷ᠂ ᠣᠮᠤᠭ ᠲᠡᠭᠦᠯᠳᠡᠷ ᠮᠣᠩᠭᠤᠯ ᠪᠥᠵᠢᠭ᠂ ᠬᠠᠩᠭᠢᠨᠠᠮ᠎ᠠ ᠰᠠᠶᠢᠬᠠᠨ ᠲᠠᠯ᠎ᠠ ᠨᠤᠲᠤᠭ ᠤᠨ ᠳᠠᠭᠤᠤ ᠨᠢ ︽ᠲᠦᠷᠦᠭᠦᠴᠢ ᠬᠤᠨ︾ ᠤ ᠰᠤᠷᠤᠭᠴᠢᠳ ᠤᠨ ᠴᠤᠭ ᠵᠢᠪᠬᠤᠭ᠎ᠠ ᠶᠢ ᠭᠦᠢᠴᠡᠳ ᠬᠠᠷᠠᠭᠤᠯᠵᠠᠢ᠃ 
3.png
       ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ ᠪᠠᠰᠠ ᠬᠠᠷᠢᠯᠴᠠᠨ ᠦᠢᠯᠡᠳᠦᠯᠴᠡᠵᠦ ᠪᠡᠶᠡᠴᠢᠯᠡᠨ ᠣᠶᠢᠯᠠᠭᠠᠬᠤ ᠲᠣᠭᠯᠠᠭᠠᠮ ᠤᠨ ᠲᠣᠭᠤᠷᠢᠭ᠂ ᠣᠨᠴᠠᠯᠢᠭᠲᠤ ᠲᠠᠷᠢᠮᠠᠯ ᠤᠨ ᠦᠵᠡᠭᠦᠯᠭᠡ ᠶᠢᠨ ᠲᠣᠭᠤᠷᠢᠭ᠂ ᠬᠦᠭᠡᠷᠦᠬᠦᠢ ᠴᠡᠩᠭᠡᠯ ᠤᠨ ᠬᠦᠷᠢᠶᠡᠯᠡᠩ ᠤᠨ ᠲᠣᠭᠤᠷᠢᠭ᠂ ᠲᠠᠮᠠᠭ᠎ᠠ ᠪᠠᠷ ᠺᠠᠷᠲ ᠴᠣᠬᠢᠬᠤ ᠲᠣᠭᠤᠷᠢᠭ ᠵᠡᠷᠭᠡ ᠶᠢ ᠲᠣᠬᠢᠷᠠᠭᠤᠯᠵᠤ᠂ ᠵᠤᠭᠠᠴᠠᠭᠰᠠᠳ ᠤᠨ ᠠᠩᠬᠠᠷᠤᠯ ᠢ ᠲᠠᠲᠠᠪᠠ᠃ 
4.png
       ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ︽ᠲᠦᠷᠦᠭᠦᠴᠢ ᠬᠤᠨ︾ ᠤ ᠠᠯᠳᠠᠷᠰᠢᠯ ᠢ ᠬᠠᠩᠭᠢᠨᠠᠭᠤᠯᠵᠤ᠂ ᠰᠤᠷᠤᠭᠴᠢᠳ ᠲᠤ ᠠᠵᠢᠯ ᠶᠠᠪᠤᠳᠠᠯ ᠬᠢᠵᠦ ᠠᠳᠠᠯ ᠦᠢᠯᠡᠰ ᠴᠣᠭᠴᠠᠯᠠᠨ ᠰᠣᠯᠢᠯᠴᠠᠬᠤ ᠲᠠᠪᠴᠠᠩ ᠪᠠᠶᠢᠭᠤᠯᠤᠨ ᠥᠭᠴᠦ᠂ ︽ᠲᠦᠷᠦᠭᠦᠴᠢ ᠬᠤᠨ︾ ᠤ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠪᠠ ᠨᠥᠯᠥᠭᠡᠯᠡᠨ ᠳᠠᠶᠢᠴᠢᠯᠠᠬᠤ ᠦᠢᠯᠡᠳᠦᠯ ᠢ ᠨᠠᠩ ᠰᠠᠶᠢᠨ ᠪᠠᠳᠠᠷᠠᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号