ᠪᠡᠭᠡᠵᠢᠩ ᠥᠪᠥᠷ ᠮᠣᠩᠭᠤᠯ ᠤᠨ ᠦᠷ᠎ᠡ ᠶᠢᠨ ᠦᠢᠯᠡᠰ ᠤᠨ ᠬᠠᠮᠲᠤᠷᠠᠯᠴᠠᠭᠠᠨ ᠤ ᠦᠷ᠎ᠡ ᠪᠦᠲᠦᠭᠡᠯ ᠭᠤᠴᠢᠨ ᠨᠢᠭᠡᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠪᠡᠭᠡᠵᠢᠩ ᠤᠨ ᠦᠷ᠎ᠡ ᠶᠢᠨ ᠦᠢᠯᠡᠰ ᠤᠨ ᠶᠡᠭᠡ ᠬᠤᠷᠠᠯ ᠳᠤ ᠣᠷᠤᠯᠴᠠᠪᠠ
ᠨᠡᠶᠢᠲᠡᠯᠡᠭᠰᠡᠨ ᠴᠠᠭ᠄
2024/10/21
      10 ᠰᠠᠷ᠎ᠠ ᠶᠢᠨ 18 ᠤ ᠡᠳᠦᠷ  ᠠᠴᠠ 19 ᠤ ᠡᠳᠦᠷ ᠪᠣᠯᠲᠠᠯ᠎ᠠ᠂ ᠭᠤᠴᠢᠨ ᠨᠢᠭᠡᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠪᠡᠭᠡᠵᠢᠩ ᠤᠨ ᠦᠷ᠎ᠡ ᠶᠢᠨ ᠦᠢᠯᠡᠰ ᠤᠨ ᠶᠡᠭᠡ ᠬᠤᠷᠠᠯ ᠪᠡᠭᠡᠵᠢᠩ ᠬᠤᠲᠠ ᠳᠤ ᠡᠬᠢᠯᠡᠪᠡ᠂ ᠶᠡᠭᠡ ᠬᠤᠷᠠᠯ ᠠᠴᠠ ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭᠠᠨ ᠤ ᠦᠵᠡᠭᠦᠯᠭᠡ ᠶᠢᠨ ᠲᠣᠭᠤᠷᠢᠭ ᠢ ᠲᠤᠰᠬᠠᠶᠢᠯᠠᠨ ᠪᠠᠶᠢᠭᠤᠯᠵᠤ᠂ ᠮᠠᠨ ᠤ ᠣᠷᠣᠨ ᠤ ᠦᠷ᠎ᠡ ᠶᠢᠨ ᠦᠢᠯᠡᠰ ᠤᠨ ᠬᠥᠭᠵᠢᠯᠲᠡ ᠶᠢᠨ ᠦᠷ᠎ᠡ ᠪᠦᠲᠦᠭᠡᠯ ᠢ ᠲᠥᠪᠯᠡᠷᠡᠭᠦᠯᠦᠨ ᠳᠡᠯᠭᠡᠨ ᠦᠵᠡᠭᠦᠯᠵᠡᠢ᠃ ᠮᠠᠨ ᠤ ᠣᠷᠣᠨ ᠤ ᠺᠧ ᠾᠧ ᠦᠷ᠎ᠡ ᠶᠢᠨ ᠦᠢᠯᠡᠰ᠂ ᠬᠥᠯᠥᠨ ᠪᠤᠶᠢᠷ ᠤᠨ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ᠂ ᠰᠠᠶᠢᠨ ᠤᠤ᠂ ᠵᠦᠩ ᠨᠤᠩ ᠦᠷ᠎ᠡ ᠶᠢᠨ ᠦᠢᠯᠡᠰ᠂ ᠬᠤᠷᠴᠢᠨ ᠤ ᠠᠯᠠᠰᠢᠨ ᠦᠬᠡᠷ ᠤᠨ ᠦᠷ᠎ᠡ ᠶᠢᠨ ᠦᠢᠯᠡᠰ᠂ ᠰᠠᠢ ᠺᠧ ᠰᠢᠩ᠂ ᠮᠧᠩ ᠯᠦᠩ᠂ ᠳ᠋ᠠ ᠹᠧᠩ ᠭᠡᠷ ᠤᠨ ᠵᠢᠭᠦᠷᠲᠡᠨ᠂ ᠪᠡᠭᠡᠵᠢᠩ ᠤᠨ  ᠶᠢᠨ ᠰᠧ ᠭᠦ᠋ ᠢᠦᠢ ᠵᠡᠷᠭᠡ ᠰᠢᠯᠢᠳᠡᠭ ᠲᠠᠷᠢᠮᠠᠯ᠂ ᠮᠠᠯ ᠵᠢᠭᠦᠷᠲᠡᠨ᠂ ᠲᠡᠵᠢᠭᠡᠯ ᠡᠪᠡᠰᠦᠨ ᠤ ᠦᠷ᠎ᠡ ᠶᠢᠨ ᠦᠢᠯᠡᠰ ᠤᠨ ᠠᠵᠤ ᠠᠬᠤᠶᠢᠯᠠᠯ ᠤᠳ ᠬᠤᠶᠢᠨ᠎ᠠ ᠬᠤᠶᠢᠨ᠎ᠠ ᠠᠴᠠ ᠪᠠᠨ ᠤᠯᠠᠨ ᠤ ᠠᠩᠬᠠᠷᠤᠯ ᠢ ᠲᠠᠲᠠᠵᠤ᠂ ᠺᠧ ᠾᠧ 699᠂ ᠵᠢᠩ ᠺᠧ 978᠂ ᠵᠢᠩ ᠺᠧ 979᠂ ᠵᠥᠩ ᠢᠦᠢ 1 ᠳ᠋ᠤᠭᠡᠷ ᠨᠣᠮᠧᠷ ᠤᠨ ᠬᠤᠯᠢᠮᠠᠭ ᠴᠠᠷᠭᠠᠰᠤ ᠵᠡᠷᠭᠡ ᠨᠢᠭᠡ ᠪᠦᠯᠦᠭ ᠪᠡᠭᠡᠵᠢᠩ ᠥᠪᠥᠷ ᠮᠣᠩᠭᠤᠯ ᠤᠨ ᠬᠠᠮᠲᠤᠷᠠᠨ ᠪᠣᠶᠢᠵᠢᠭᠤᠯᠤᠭᠰᠠᠨ ᠰᠢᠯᠢᠳᠡᠭ ᠡᠭᠦᠯᠳᠡᠷ ᠢ ᠳᠡᠯᠭᠡᠨ ᠦᠵᠡᠭᠦᠯᠵᠦ᠂ ᠶᠡᠭᠡ ᠬᠤᠷᠠᠯ ᠤᠨ ᠦᠷ᠎ᠡ ᠪᠦᠲᠦᠭᠡᠯ ᠢ ᠪᠡᠶᠡᠴᠢᠯᠡᠨ ᠣᠶᠢᠯᠠᠭᠠᠬᠤ ᠣᠷᠳᠣᠨ ᠤ ᠲᠤᠬᠠᠢ ᠶᠢᠨ ᠲᠠᠯᠠᠪᠤᠷ ᠲᠤ ᠰᠢᠭᠤᠳ ᠨᠡᠪᠲᠡᠷᠡᠭᠦᠯᠬᠦ ᠠᠵᠢᠯᠯᠠᠭ᠎ᠠ ᠳᠤᠮᠳᠠ ᠮᠠᠨ ᠤ ᠣᠷᠣᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠷ᠎ᠡ ᠶᠢᠨ ᠦᠢᠯᠡᠰ ᠢ ᠬᠥᠭᠵᠢᠭᠦᠯᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠣᠯᠣᠨ ᠳ᠋ᠦ᠋ ᠮᠧᠩ ᠬᠤᠨᠢ᠂ ᠵᠢᠩ ᠺᠧ 978᠂ ᠵᠢᠩ ᠺᠧ 979 ᠵᠡᠷᠭᠡ ᠰᠢᠯᠢᠳᠡᠭ ᠡᠭᠦᠯᠳᠡᠷ ᠢ ᠨᠡᠶᠢᠲᠡᠯᠡᠪᠡ᠃
图片1.png
图片2.png
      ᠪᠡᠭᠡᠵᠢᠩ ᠥᠪᠥᠷ ᠮᠣᠩᠭᠤᠯ ᠤᠨ ᠦᠷ᠎ᠡ ᠶᠢᠨ ᠦᠢᠯᠡᠰ ᠤᠨ ᠬᠠᠮᠲᠤᠷᠠᠯᠴᠠᠭ᠎ᠠ ᠪᠠ ᠬᠠᠮᠲᠤ ᠶᠢᠨ ᠠᠰᠢᠭ ᠲᠤᠰᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠶᠢᠨ ᠲᠥᠯᠥᠭᠡ᠂ ᠮᠠᠨ ᠤ ᠲᠢᠩᠬᠢᠮ ᠪᠡᠭᠡᠵᠢᠩ ᠬᠤᠳᠠ ᠶᠢᠨ ᠲᠠᠷᠢᠶᠠᠯᠠᠩ ᠬᠥᠳᠡᠭᠡ ᠲᠣᠰᠬᠤᠨ ᠤ ᠲᠣᠪᠴᠢᠶ᠎ᠠ᠂ ᠪᠡᠭᠡᠵᠢᠩ ᠬᠤᠳᠠ ᠶᠢᠨ ᠲᠠᠷᠢᠶᠠᠯᠠᠩ ᠤᠢ ᠰᠢᠭᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠂ ᠪᠡᠭᠡᠵᠢᠩ ᠤᠨ ᠱᠧᠦ ᠨᠦᠩ ᠢᠳᠡᠭᠡᠨ ᠤ ᠪᠦᠯᠦᠭᠯᠡᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ᠂ ᠢᠯᠢ ᠪᠦᠯᠦᠭᠯᠡᠯ ᠵᠡᠷᠭᠡ 6 ᠨᠢᠭᠡᠴᠡ ᠲᠠᠢ ᠬᠠᠮᠲᠤᠪᠠᠷ ︽ᠪᠡᠭᠡᠵᠢᠩ ᠥᠪᠥᠷ ᠮᠣᠩᠭᠤᠯ ᠤᠨ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ︾ ᠲᠣᠬᠢᠷᠠᠯᠴᠠᠵᠠᠢ᠃ ᠰᠠᠭᠠᠯᠢ ᠶᠢᠨ ᠦᠨᠢᠶ᠎ᠡ᠂ ᠠᠯᠠᠰᠢᠨ ᠦᠬᠡᠷ᠂ ᠲᠠᠷᠢᠮᠠᠯ ᠵᠡᠷᠭᠡ ᠭᠤᠷᠪᠠᠨ ᠲᠣᠮᠣ ᠲᠥᠷᠥᠯ ᠤᠨ ᠦᠢᠯᠡᠰ ᠵᠢᠴᠢ ᠬᠠᠮᠢᠶ᠎ᠠ ᠪᠦᠬᠦᠢ ᠳᠥᠷᠪᠡᠨ ᠬᠡᠯᠬᠢᠶ᠎ᠡ ︵ᠰᠢᠨ᠎ᠡ ᠶᠢ ᠡᠭᠦᠳᠬᠦ ᠬᠡᠯᠬᠢᠶ᠎ᠡ᠂ ᠠᠵᠤ ᠦᠢᠯᠡᠰ ᠤᠨ ᠬᠡᠯᠬᠢᠶ᠎ᠡ᠂ ᠪᠡᠯᠡ ᠮᠥᠩᠭᠦᠨ ᠤ ᠬᠡᠯᠬᠢᠶ᠎ᠡ᠂ ᠴᠢᠳᠠᠪᠤᠷᠢᠲᠠᠨ ᠤ ᠬᠡᠯᠬᠢᠶ᠎ᠡ︶ ᠶᠢ ᠠᠭᠤᠰᠤᠯᠴᠠᠭᠤᠯᠬᠤ ᠬᠦᠷᠢᠶ᠎ᠡ ᠴᠠᠷᠠᠭᠠᠨ ᠤ ᠲᠣᠭᠤᠷᠢᠨ ᠳᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠥᠷᠨᠢᠭᠦᠯᠵᠦ᠂ ᠮᠠᠨ ᠤ ᠣᠷᠣᠨ ᠤ ᠡᠬᠢ ᠪᠠᠶᠠᠯᠢᠭ ᠤᠨ ᠳᠠᠪᠠᠭᠤᠯᠢᠭ ᠢ ᠪᠡᠭᠡᠵᠢᠩ ᠬᠤᠳᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠳᠠᠪᠠᠭᠤᠯᠢᠭ ᠲᠠᠢ ᠤᠨᠢᠨ ᠳᠡᠭᠡᠷ᠎ᠡ ᠨᠢ ᠵᠣᠯᠭᠠᠭᠤᠯᠵᠤ᠂ ᠣᠷᠣᠨ ᠪᠦᠰᠡ ᠠᠯᠤᠰᠯᠠᠭᠰᠠᠨ ᠵᠠᠰᠠᠭ ᠤᠨ ᠣᠷᠳᠣᠨ ᠦᠢᠯᠡᠳᠪᠦᠷᠢᠯᠡᠯ ᠰᠤᠷᠤᠯᠴᠠᠯᠭ᠎ᠠ ᠰᠤᠳᠤᠯᠭᠠᠨ ᠤ ᠬᠠᠮᠲᠤᠷᠠᠯᠴᠠᠭᠠᠨ ᠤ ᠰᠢᠨ᠎ᠡ ᠵᠠᠭᠪᠤᠷ ᠢ ᠪᠠᠶᠢᠭᠤᠯᠵᠤ᠂ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠠ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠬᠠᠮᠲᠤᠪᠠᠷ ᠠᠬᠢᠭᠤᠯᠵᠤ᠂ ᠬᠤᠶᠠᠷ ᠲᠠᠯ᠎ᠠ ᠶᠢᠨ ᠦᠷ᠎ᠡ ᠶᠢᠨ ᠦᠢᠯᠡᠰ ᠤᠨ ᠭᠤᠣᠯᠯᠠᠭᠴᠢ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠭᠰᠡᠨ ᠪᠠᠶᠢᠨ᠎ᠠ᠃
图片3.png
 
图片4.png
图片5.png
      ᠥᠪᠥᠷ ᠮᠣᠩᠭᠤᠯ  ᠨᠢ ᠦᠷ᠎ᠡ ᠶᠢᠨ ᠦᠢᠯᠡᠰ ᠤᠨ ᠭᠤᠣᠯᠯᠠᠭᠴᠢ ᠥᠷᠢᠰᠦᠯᠳᠦᠬᠦ ᠬᠦᠴᠦᠨ ᠢᠶᠠᠨ ᠬᠦᠴᠦᠯᠡᠨ ᠳᠡᠭᠡᠭᠰᠢᠯᠡᠭᠦᠯᠵᠦ᠂ ᠪᠡᠭᠡᠵᠢᠩ ᠬᠤᠳᠠ ᠯᠤᠭ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ︽ᠦᠷ᠎ᠡ ᠶᠢ ᠰᠠᠶᠢᠲᠤᠷ ᠪᠣᠶᠢᠵᠢᠭᠤᠯᠵᠤ᠂ ᠮᠠᠯ ᠢᠶᠠᠨ ᠰᠠᠶᠢᠲᠤᠷ ᠲᠡᠵᠢᠭᠡᠵᠦ᠂ ᠠᠮᠤ ᠪᠤᠳᠠᠭ᠎ᠠ ᠶᠢ ᠰᠠᠶᠢᠲᠤᠷ ᠦᠢᠯᠡᠳᠪᠦᠷᠢᠯᠡᠬᠦ︾  ᠶᠢ ᠪᠠᠷᠢᠮᠲᠠᠯᠠᠵᠤ᠂ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠪᠡᠭᠡᠵᠢᠩ ᠬᠤᠳᠠ ᠶᠢᠨ ᠠᠷᠠᠳ ᠤᠨ ︽ᠢᠳᠡᠰᠢᠨ ᠨᠣᠭᠤᠭ᠎ᠠ ᠶᠢᠨ ᠰᠠᠭᠰᠤ᠂ ᠠᠮᠤ ᠬᠦᠨᠡᠰᠦᠨ ᠤ ᠤᠭᠤᠲᠠ᠂ ᠰᠦ ᠶᠢᠨ ᠬᠦᠨᠦᠭ᠂ ᠮᠢᠬᠠᠨ ᠤ ᠰᠢᠷᠡᠭᠡ︾ ᠶᠢ ᠰᠠᠶᠢᠲᠤᠷ ᠰᠠᠬᠢᠨ ᠬᠠᠮᠠᠭᠠᠯᠠᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠪᠣᠯᠣᠨ ᠲᠠᠷᠢᠶᠠᠯᠠᠩ ᠤᠨ ᠣᠳᠣᠬᠢᠴᠢᠯᠠᠯᠲᠠ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号