ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠠᠴᠠ | ᠣᠶᠢᠯᠠᠭᠠᠭᠰᠠᠨ ᠢᠶᠠᠷ᠂ ᠰᠢᠨ᠎ᠡ ᠲᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢ᠂ ᠢᠯᠠᠩᠭᠤᠶ᠎ᠠ ᠨᠠᠮ ᠤᠨ | ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠮᠠᠨ ᠤ ᠣᠷᠣᠨ ᠤ ᠮᠠᠯ ᠠᠵᠤ ᠠᠬᠤᠢ ᠶᠢᠨ ᠦᠢᠯᠡᠳᠪᠦᠷᠢᠯᠡᠯ | ᠲᠠᠪᠠᠯᠳᠠᠳᠤ ᠬᠥᠭᠵᠢᠯᠲᠡ ᠶᠢ ᠪᠡᠶᠡᠯᠡᠭᠦᠯᠵᠦ᠂ ᠮᠠᠯ ᠠᠵᠤ ᠠᠬᠤᠢ ᠶᠢᠨ ᠲᠣᠮᠣ ᠣᠷᠣᠨ ᠤ ᠪᠠᠶᠢᠷᠢ ᠰᠠᠭᠤᠷᠢ | ᠲᠠᠰᠤᠷᠠᠯᠲᠠ ᠦᠭᠡᠢ ᠪᠠᠬᠢᠵᠢᠨ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠦᠢᠯᠡᠳᠪᠦᠷᠢᠯᠡᠯ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠳᠤ ᠢᠯᠡᠷᠬᠡᠢ ᠠᠮᠵᠢᠯᠲᠠ ᠣᠯᠪᠠ᠃ | ᠮᠠᠨ ᠤ ᠣᠷᠣᠨ ᠨᠤᠲᠤᠭ ᠪᠡᠯᠴᠢᠭᠡᠷ ᠤᠨ ᠲᠠᠯᠠᠪᠠᠶ ᠪᠠᠷ ᠥᠷᠭᠡᠨ ᠠᠭᠤᠳᠠᠮ ᠪᠠᠶᠢᠵᠤ᠂ ᠤᠯᠤᠰ ᠤᠨ ᠲᠠᠪᠤᠨ | ᠶᠡᠭᠡ ᠮᠠᠯᠵᠢᠬᠤ ᠣᠷᠣᠨ ᠤ ᠲᠡᠷᠢᠭᠦᠨ ᠳᠤ ᠣᠷᠣᠵᠤ ᠪᠤᠢ᠃ 1949 ᠣᠨ ᠤ ᠵᠢᠯ ᠤᠨ ᠡᠴᠦᠰ ᠲᠤ ᠪᠦᠭᠦ ᠣᠷᠣᠨ ᠤ | ᠭᠡᠷ ᠤᠨ ᠲᠡᠵᠢᠭᠡᠪᠦᠷᠢ ᠶᠢᠨ ᠶᠡᠷᠦᠩᠬᠡᠢ ᠲᠤᠭ᠎ᠠ 968.6 ᠲᠦᠮᠡ ᠪᠠᠶᠢᠭᠰᠠᠨ ᠠᠴᠠ ᠪᠠᠨ 2023 ᠣᠨ ᠪᠤᠯᠬᠤ ᠳᠤ | 7880.3 ᠲᠦᠮᠡ ᠪᠣᠯᠵᠤ ᠨᠡᠮᠡᠭᠳᠡᠨ᠂ ᠵᠢᠯ ᠳᠤᠮᠳᠠᠴᠢ ᠪᠠᠷ 2.9% ᠪᠠᠷ ᠨᠡᠮᠡᠭᠳᠡᠪᠡ᠃ ᠡᠭᠦᠨ ᠳᠤ ᠭᠠᠭ᠋ᠠᠢ | 629.9 ᠲᠦᠮᠡ᠂ ᠪᠤᠭ ᠮᠠᠯ 6180.6 ᠲᠦᠮᠡ᠂ ᠦᠬᠡᠷ 947.7 ᠲᠦᠮᠡ ᠪᠣᠯᠵᠤ ᠨᠡᠮᠡᠭᠳᠡᠨ᠂ 1949 ᠣᠨ ᠤ | ᠬᠢ ᠠᠴᠠ ᠲᠣᠰ ᠲᠣᠰ 6.1 ᠳᠠᠭᠢᠨ᠂ 9.7 ᠳᠠᠭᠢᠨ ᠪᠠ 3.8 ᠳᠠᠭᠢᠨ ᠨᠡᠮᠡᠭᠳᠡᠵᠡᠢ᠃ ᠮᠠᠯ ᠤᠨ ᠲᠤᠭ᠎ᠠ | ᠨᠡᠮᠡᠭᠳᠡᠬᠦ ᠶᠢ ᠳᠠᠭᠠᠯᠳᠤᠨ ᠭᠤᠣᠯ ᠪᠤᠯᠬᠤ ᠮᠠᠯ ᠤᠨ ᠠᠰᠢᠭ ᠰᠢᠮ᠎ᠡ ᠶᠢᠨ ᠭᠠᠷᠤᠯᠲᠠ ᠴᠤ ᠶᠡᠭᠡ ᠪᠠᠷ ᠨᠡᠮᠡᠭᠳᠡᠵᠡᠢ᠃ | 2023 ᠣᠨ ᠳᠤ ᠪᠦᠭᠦ ᠣᠷᠣᠨ ᠤ ᠦᠨᠢᠶᠡᠨ ᠰᠦ ᠶᠢᠨ ᠭᠠᠷᠤᠯᠲᠠ 792.6 ᠲᠦᠮᠡᠨ ᠲᠣᠨ ᠳᠤ ᠬᠦᠷᠴᠦ᠂ ᠪᠦᠭᠦ | ᠤᠯᠤᠰ ᠤᠨ ᠴᠣᠷ ᠤᠨ ᠭᠠᠭᠴᠠ 700 ᠲᠦᠮᠡᠨ ᠲᠣᠨ ᠢ ᠳᠠᠪᠠᠭᠰᠠᠨ ᠮᠤᠵᠢ ᠪᠣᠯᠵᠤ᠂ 1980 ᠣᠨ ᠤ ᠬᠢ ᠠᠴᠠ | 117.5 ᠳᠠᠭᠢᠨ ᠨᠡᠮᠡᠭᠳᠡᠨ᠂ ᠵᠢᠯ ᠳᠤᠮᠳᠠᠴᠢ ᠪᠠᠷ 11.7% ᠪᠠᠷ ᠨᠡᠮᠡᠭᠳᠡᠵᠦ᠂ 2003 ᠣᠨ ᠠᠴᠠ ᠡᠬᠢᠯᠡᠨ | ᠦᠨᠢᠶᠡᠨ ᠰᠦ ᠶᠢᠨ ᠭᠠᠷᠤᠯᠲᠠ ᠵᠠᠯᠭᠠᠭ᠎ᠠ ᠪᠠᠷ 21 ᠵᠢᠯ ᠪᠦᠭᠦ ᠤᠯᠤᠰ ᠲᠤ ᠲᠦᠷᠦᠭᠦᠯᠡᠪᠡ︔ ᠨᠣᠣᠯᠣᠭᠤᠷ ᠤᠨ | ᠭᠠᠷᠤᠯᠲᠠ 8635.8 ᠲᠣᠨ ᠳᠤ ᠬᠦᠷᠴᠦ᠂ 1980 ᠣᠨ ᠤ ᠬᠢ ᠠᠴᠠ 3.8 ᠳᠠᠭᠢᠨ ᠨᠡᠮᠡᠭᠳᠡᠨ᠂ ᠵᠢᠯ ᠳᠤᠮᠳᠠᠴᠢ | ᠪᠠᠷ 3.7% ᠪᠠᠷ ᠨᠡᠮᠡᠭᠳᠡᠵᠦ᠂ 1980 ᠣᠨ ᠠᠴᠠ ᠡᠬᠢᠯᠡᠨ 44 ᠵᠢᠯ ᠳᠠᠷᠠᠭᠠᠯᠠᠨ ᠪᠦᠭᠦ ᠤᠯᠤᠰ ᠲᠤ | ᠲᠦᠷᠤᠭᠦᠯᠡᠪᠡ︔ ᠦᠬᠡᠷ ᠤᠨ ᠮᠢᠬᠠᠨ ᠤ ᠭᠠᠷᠤᠯᠲᠠ 77.8 ᠲᠦᠮᠡᠨ ᠲᠣᠨ᠂ ᠬᠤᠨᠢᠨ ᠮᠢᠬᠠᠨ ᠤ ᠭᠠᠷᠤᠯᠲᠠ | 108.8 ᠲᠦᠮᠡᠨ ᠲᠣᠨ ᠳᠤ ᠬᠦᠷᠴᠦ᠂ ᠪᠦᠷ ᠪᠦᠭᠦ ᠤᠯᠤᠰ ᠲᠤ ᠲᠦᠷᠦᠭᠦᠯᠡᠵᠦ᠂ ᠦᠬᠡᠷ ᠤᠨ ᠮᠢᠬ᠎ᠠ ᠪᠠ ᠬᠤᠨᠢᠨ | ᠮᠢᠬᠠᠨ ᠤ ᠭᠠᠷᠤᠯᠲᠠ ᠨᠢ 1979 ᠣᠨ ᠤ ᠬᠢ ᠠᠴᠠ ᠲᠤᠰ ᠲᠤᠰ 24.8 ᠲᠠᠭᠢᠨ ᠪᠠ 16.3 ᠲᠠᠭᠢᠨ | ᠨᠡᠮᠡᠭᠳᠡᠵᠡᠢ᠃ ᠤᠳᠤ ᠪᠦᠭᠦ ᠤᠯᠤᠰ ᠤᠨ 1/5 ᠶᠢᠨ ᠬᠤᠨᠢᠨ ᠮᠢᠬ᠎ᠠ᠂ 1/10 ᠶᠢᠨ ᠦᠬᠡᠷ ᠤᠨ ᠮᠢᠬ᠎ᠠ᠂ 1/5 ᠶᠢᠨ | ᠦᠨᠢᠶᠡᠨ ᠰᠦ᠂ 1/2 ᠶᠢᠨ ᠢᠮᠠᠭᠠᠨ ᠨᠣᠣᠯᠣᠭᠤᠷ ᠴᠥᠮ ᠥᠪᠥᠷ ᠮᠣᠩᠭᠤᠯ ᠠᠴᠠ ᠢᠷᠡᠵᠤ᠂ ᠮᠠᠨ ᠤ ᠣᠷᠣᠨ | ᠨᠢᠭᠡᠨᠲᠡ ᠨᠡᠷ᠎ᠡ ᠨᠢᠳᠡᠷ ᠲᠡᠭᠡᠨ ᠨᠡᠶᠢᠴᠡᠭᠰᠡᠨ ᠪᠦᠭᠦ ᠤᠯᠤᠰ ᠤᠨ ︽ᠮᠢᠬᠠᠨ ᠤ ᠬᠥᠮᠥᠷᠭᠡ︾᠂ ︽ᠰᠦ ᠶᠢᠨ ᠬᠥᠨᠥᠭ︾᠂ | ︽ᠨᠣᠣᠯᠣᠭᠤᠷ ᠤᠨ ᠬᠤᠲᠠ︾ ᠪᠣᠯᠪᠠ᠃ |