ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ | ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠲᠤ᠄ | ᠤᠯᠤᠰ ᠪᠠ ᠥᠪᠡᠷᠲᠡᠭᠡᠨ ᠵᠠᠰᠠᠬᠤ ᠣᠷᠣᠨ ᠤ ᠶᠡᠭᠡ ᠬᠡᠪᠴᠢᠶᠡᠨ ᠤ ᠲᠣᠨᠤᠭ ᠲᠥᠬᠦᠭᠡᠷᠦᠮᠵᠢ ᠶᠢ ᠰᠢᠨᠡᠳᠬᠡᠬᠦ | ᠪᠠ ᠬᠡᠷᠡᠭᠯᠡᠭᠡᠨ ᠤ ᠵᠦᠢᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠢ ᠰᠠᠶᠢᠲᠤᠷ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠲᠥᠯᠥᠭᠡ᠂ ︽ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠡᠳ᠋ ᠤᠨ | ᠵᠠᠰᠠᠭ ᠤᠨ ᠶᠠᠮᠤᠨ ᠤ ︿ᠶᠡᠭᠡ ᠬᠡᠪᠴᠢᠶᠡᠨ ᠤ ᠲᠣᠨᠤᠭ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯ ᠤᠨ | ᠬᠠᠭᠤᠴᠢᠨ ᠢᠶᠠᠷ ᠰᠢᠨ᠎ᠡ ᠶᠢ ᠰᠣᠯᠢᠬᠤ ᠶᠢ ᠬᠦᠴᠦᠯᠡᠨ ᠳᠡᠮᠵᠢᠬᠦ ᠠᠷᠭ᠎ᠠ ᠬᠡᠮᠵᠢᠶ᠎ᠡ ᠨᠦᠭᠦᠳ﹀ ᠢ ᠳᠠᠷᠤᠮᠠᠯᠯᠠᠨ | ᠲᠠᠷᠬᠠᠭᠠᠬᠤ ᠲᠤᠬᠠᠢ ᠮᠡᠳᠡᠭᠳᠡᠯ︾ ︵ᠬᠥᠭᠵᠢᠭᠦᠯᠦᠯᠲᠡ ᠥᠭᠡᠷᠡᠴᠢᠯᠡᠯᠲᠡ ᠣᠷᠴᠢᠨ ᠲᠣᠭᠤᠷᠢᠨ ᠡᠬᠢ ᠪᠠᠶᠠᠯᠢᠭ | ﹇2024﹈ 1104 ᠳ᠋ᠦ᠋ᠭᠡᠷ ᠲᠣᠭᠠᠲᠤ︶ ᠤᠨ ᠪᠠᠶᠢᠷᠢᠯᠠᠭᠤᠯᠤᠯᠲᠠ ᠶᠢ ᠦᠨᠳᠦᠰᠦᠯᠡᠨ᠂ ︽ᠲᠠᠷᠢᠶᠠᠯᠠᠩ ᠬᠥᠳᠡᠭᠡ | ᠲᠣᠰᠬᠤᠨ ᠤ ᠶᠠᠮᠤᠨ ᠤ ᠠᠯᠪᠠᠨ ᠲᠢᠩᠬᠢᠮ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠠᠯᠪᠠᠨ | ᠲᠢᠩᠬᠢᠮ᠂ ᠡᠳ᠋ ᠤᠨ ᠵᠠᠰᠠᠭ ᠤᠨ ᠶᠠᠮᠤᠨ ᠤ ᠠᠯᠪᠠᠨ ᠲᠢᠩᠬᠢᠮ ᠤᠨ ︿ᠠᠵᠢᠯ ᠤᠨ ᠡᠷᠴᠢᠮ ᠢᠶᠠᠨ ᠴᠢᠩᠭᠠᠷᠠᠭᠤᠯᠵᠤ | ᠲᠠᠷᠢᠶᠠᠯᠠᠩ ᠤᠨ ᠮᠠᠰᠢᠨ ᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ | ᠦᠷᠭᠦᠯᠵᠢᠯᠡᠨ ᠰᠠᠶᠢᠲᠤᠷ ᠬᠡᠷᠡᠭᠵᠢᠭᠦᠯᠬᠦ ᠲᠤᠬᠠᠢ ᠨᠥᠬᠦᠪᠦᠷᠢ ᠮᠡᠳᠡᠭᠳᠡᠯ﹀︾ ︵ᠲᠠᠷᠢᠶᠠᠯᠠᠩ ᠠᠯᠪᠠᠨ ᠮᠠᠰᠢᠨ ﹇2024﹈ | 5 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ | ᠲᠢᠩᠬᠢᠮ ᠤᠨ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ | ᠮᠠᠰᠢᠨ ᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠳᠤ ᠨᠥᠬᠦᠪᠦᠷᠢ ᠥᠭᠬᠦ ᠠᠵᠢᠯ ᠤᠨ ᠬᠡᠷᠡᠭᠵᠢᠭᠦᠯᠬᠦ ᠲᠥᠰᠥᠯ﹀ ᠢ | ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠥᠪᠥᠷ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠲᠠᠷᠬᠠᠭᠠᠭᠰᠠᠨ | ﹇2024﹈ 501 ᠳ᠋ᠦ᠋ᠭᠡᠷ ᠲᠣᠭᠠᠲᠤ︶ ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ | ᠶᠠᠪᠤᠳᠠᠯ ᠤᠨ ᠲᠢᠩᠬᠢᠮ ᠲᠠᠢ ᠵᠥᠪᠳᠡᠯᠴᠡᠵᠦ᠂ ᠡᠳᠦᠭᠡ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠳᠤ ᠨᠥᠬᠦᠪᠦᠷᠢ ᠥᠭᠬᠦ | ᠠᠵᠢᠯ ᠤᠨ ᠬᠡᠷᠡᠭᠵᠢᠭᠦᠯᠬᠦ ᠲᠥᠰᠥᠯ﹀ ᠤᠨ ᠨᠥᠬᠦᠪᠦᠷᠢ ᠮᠡᠳᠡᠭᠳᠡᠯ︾ ᠢ ᠲᠠᠨᠠᠷ ᠲᠤ ᠳᠠᠷᠤᠮᠠᠯᠯᠠᠨ ᠲᠠᠷᠬᠠᠭᠠᠯ᠎ᠠ᠃ ᠵᠢᠷᠤᠮᠯᠠᠨ | ᠭᠦᠢᠴᠡᠳᠬᠡᠬᠦ ᠪᠣᠯᠪᠠᠤ᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ | ᠪᠠ ᠥᠭᠡᠷᠡᠴᠢᠯᠡᠯᠲᠡ ᠶᠢᠨ ᠵᠥᠪᠯᠡᠯ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠲᠢᠩᠬᠢᠮ | 2024 ᠣᠨ ᠤ 10 ᠰᠠᠷ᠎ᠠ ᠶᠢᠨ 18 ᠤ ᠡᠳᠦᠷ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ | ᠲᠣᠰᠬᠤᠨ ᠮᠠᠯᠵᠢᠬᠤ ᠣᠷᠣᠨ ᠤ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ | ᠵᠠᠰᠠᠭ ᠤᠨ ᠲᠢᠩᠬᠢᠮ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠶᠢᠨ ᠮᠠᠰᠢᠨ ᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠨᠥᠬᠦᠪᠦᠷᠢ ᠶᠢᠨ ᠠᠵᠢᠯ ᠤᠨ ᠬᠡᠷᠡᠭᠵᠢᠭᠦᠯᠬᠦ | ᠲᠥᠰᠥᠯ︾ ᠤᠨ ᠲᠤᠬᠠᠢ ᠨᠥᠬᠦᠪᠦᠷᠢ ᠮᠡᠳᠡᠭᠳᠡᠯ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠲᠠᠷᠬᠠᠭᠠᠭᠰᠠᠨ | ﹇2024﹈ 652 ᠳ᠋ᠤᠭᠠᠷ ᠲᠣᠭᠠᠲᠤ᠃ |