ᠮᠠᠨ ᠤ ᠣᠷᠣᠨ ᠤ ᠠᠵᠤ ᠠᠬᠤᠢ ᠶᠢᠨ ᠲᠠᠷᠢᠮᠠᠯ ᠤᠨ ᠲᠥᠷᠥᠯ ᠵᠦᠢᠯ ᠣᠯᠠᠨ ᠪᠠᠶᠢᠵᠤ᠂ ᠭᠤᠣᠯᠳᠠᠭᠤ | ᠲᠣᠰᠣᠯᠢᠭ ᠲᠠᠷᠢᠮᠠᠯ᠂ ᠢᠳᠡᠰᠢᠨ ᠨᠣᠭᠤᠭ᠎ᠠ᠂ ᠰᠢᠬᠢᠷᠯᠢᠭ ᠲᠠᠷᠢᠮᠠᠯ᠂ ᠭᠤᠸ᠎ᠠ ᠵᠢᠮᠢᠰ ᠵᠢᠴᠢ ᠬᠢᠲᠠᠳ ᠡᠮ ᠤᠨ ᠮᠠᠲ᠋ᠧᠷᠢᠶᠠᠯ | ᠵᠡᠷᠭᠡ ᠪᠠᠭᠲᠠᠨ᠎ᠠ᠃ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠠᠴᠠ ᠣᠶᠢᠯᠠᠭᠠᠭᠰᠠᠨ | ᠢᠶᠠᠷ᠂ 1949 ᠣᠨ ᠳᠤ ᠮᠠᠨ ᠤ ᠣᠷᠣᠨ ᠤ ᠠᠵᠤ ᠠᠬᠤᠢ ᠶᠢᠨ ᠲᠠᠷᠢᠮᠠᠯ ᠤᠨ ᠲᠠᠯᠠᠪᠠᠶ 420 ᠲᠦᠮᠡᠨ ᠮᠦ ᠯᠡ | ᠪᠠᠶᠢᠵᠤ᠂ 2023 ᠣᠨ ᠪᠤᠯᠬᠤ ᠳᠤ ᠨᠡᠮᠡᠭᠳᠡᠭᠡᠳ 2736.2 ᠲᠦᠮᠡᠨ ᠮᠦ ᠪᠣᠯᠵᠤ᠂ 5.5 ᠳᠠᠭᠢᠨ ᠨᠡᠮᠡᠭᠳᠡᠨ᠂ ᠵᠢᠯ | ᠳᠤᠮᠳᠠᠴᠢ ᠪᠠᠷ 2.6% ᠪᠠᠷ ᠨᠡᠮᠡᠭᠳᠡᠪᠡ᠃ | ᠲᠣᠰᠣᠯᠢᠭ ᠲᠠᠷᠢᠮᠠᠯ ᠠᠴᠠ ᠦᠵᠡᠪᠡᠯ᠂ 1949 ᠣᠨ ᠳᠤ ᠲᠣᠰᠣᠯᠢᠭ ᠲᠠᠷᠢᠮᠠᠯ ᠤᠨ ᠲᠠᠯᠠᠪᠠᠢ ᠬᠢᠵᠠᠭᠠᠷ ᠲᠠᠢ | ᠠᠴᠠ ᠪᠣᠯᠵᠤ ᠭᠠᠷᠤᠯᠲᠠ ᠨᠢ ᠵᠥᠪᠭᠡᠨ 9 ᠲᠦᠮᠡᠨ ᠲᠣᠨ ᠪᠠᠶᠢᠵᠤ᠂ ᠭᠠᠵᠠᠷ ᠰᠢᠷᠣᠢ ᠶᠢᠨ ᠥᠭᠡᠷᠡᠴᠢᠯᠡᠯᠲᠡ᠂ | ᠬᠤᠷᠢᠶᠠᠯᠲᠠ ᠲᠠᠢ ᠨᠢ ᠬᠤᠯᠪᠣᠭᠳᠠᠭᠤᠯᠤᠨ ᠡᠷᠦᠭᠡ ᠳᠤ ᠳᠠᠭᠠᠭᠠᠴᠢᠯᠠᠭᠤᠯᠬᠤ ᠬᠠᠷᠢᠭᠤᠴᠠᠯᠭ᠎ᠠ ᠶᠢᠨ ᠳᠦᠷᠢᠮ ᠢ | ᠬᠡᠷᠡᠭᠵᠢᠭᠦᠯᠬᠦ ᠶᠢ ᠳᠠᠭᠠᠯᠳᠤᠨ ᠲᠠᠷᠢᠶᠠᠴᠢᠳ ᠤᠨ ᠢᠳᠡᠪᠬᠢᠵᠢᠯ ᠢᠯᠡᠳᠲᠡ ᠳᠡᠭᠡᠭᠰᠢᠯᠡᠵᠦ᠂ 2023 ᠣᠨ ᠪᠤᠯᠬᠤ ᠳᠤ | ᠲᠣᠰᠣᠯᠢᠭ ᠲᠠᠷᠢᠮᠠᠯ ᠤᠨ ᠭᠠᠷᠤᠯᠲᠠ 206.2 ᠲᠦᠮᠡᠨ ᠲᠣᠨ ᠬᠦᠷᠴᠦ᠂ 1949 ᠣᠨ ᠤ ᠬᠢ ᠠᠴᠠ 21.9 | ᠳᠠᠭᠢᠨ ᠨᠡᠮᠡᠭᠳᠡᠵᠦ᠂ ᠵᠢᠯ ᠳᠤᠮᠳᠠᠴᠢ ᠪᠠᠷ 4.3% ᠪᠠᠷ ᠨᠡᠮᠡᠭᠳᠡᠪᠡ᠃ | ᠢᠳᠡᠰᠢᠨ ᠨᠣᠭᠤᠭ᠎ᠠ ᠠᠴᠠ ᠦᠵᠡᠪᠡᠯ᠂ ᠰᠢᠨ᠎ᠡ ᠲᠤᠮᠳᠠᠳᠤ ᠤᠯᠤᠰ ᠪᠠᠶᠢᠭᠤᠯᠤᠭᠳᠠᠭᠰᠠᠨ ᠡᠬᠢᠨ ᠤ ᠦᠶ᠎ᠡ ᠳᠤ | ᠮᠠᠨ ᠤ ᠣᠷᠣᠨ ᠤ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠤᠨ ᠰᠠᠭᠤᠷᠢ ᠪᠠᠭᠤᠷᠠᠢ᠂ ᠢᠳᠡᠰᠢᠨ ᠨᠣᠭᠤᠭ᠎ᠠ ᠶᠢᠨ | ᠲᠠᠷᠢᠮᠠᠯ ᠤᠨ ᠲᠠᠯᠠᠪᠠᠶ ᠪᠠᠭ᠎ᠠ᠂ ᠭᠠᠷᠤᠯᠲᠠ ᠳᠣᠣᠷ᠎ᠠ᠂ ᠲᠥᠷᠥᠯ ᠵᠦᠢᠯ ᠴᠥᠭᠡᠨ ᠪᠠᠶᠢᠵᠤ᠂ 1949 ᠣᠨ ᠳᠤ ᠢᠳᠡᠰᠢᠨ | ᠨᠣᠭᠤᠭ᠎ᠠ ᠶᠢᠨ ᠭᠠᠷᠤᠯᠲᠠ ᠵᠥᠪᠭᠡᠨ 44.9 ᠲᠦᠮᠡᠨ ᠲᠣᠨ ᠯᠡ ᠪᠠᠶᠢᠵᠠᠢ᠃ ᠤᠯᠤᠰ ᠤᠨ ᠲᠥᠷᠥ ᠶᠢᠨ ᠪᠣᠳᠣᠯᠭ᠎ᠠ | ᠶᠢᠨ ᠳᠡᠮᠵᠢᠯᠭᠡ ᠪᠠ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢᠨ ᠠᠬᠢᠭᠤᠯᠤᠯ ᠢ ᠳᠠᠭᠠᠯᠳᠤᠨ ᠮᠠᠨ ᠤ ᠣᠷᠣᠨ | ᠲᠡᠷᠢᠭᠦᠨ ᠤ ᠢᠳᠡᠰᠢᠨ ᠨᠣᠭᠤᠭ᠎ᠠ ᠳᠠᠷᠢᠬᠤ ᠮᠡᠷᠭᠡᠵᠢᠯ ᠪᠠ ᠲᠥᠬᠦᠭᠡᠷᠦᠮᠵᠢ ᠶᠢ ᠢᠳᠡᠪᠬᠢᠲᠡᠢ ᠪᠠᠷ ᠣᠷᠣᠭᠤᠯᠤᠨ | ᠠᠪᠴᠢᠷᠠᠬᠤ ᠶᠢᠨ ᠬᠠᠮᠲᠤ ᠥᠷᠭᠡᠨ ᠢᠶᠠᠷ ᠳᠡᠯᠭᠡᠷᠡᠭᠦᠯᠦᠭᠰᠡᠨ ᠠᠴᠠ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠤᠨ | ᠴᠢᠳᠠᠪᠤᠷᠢ ᠢᠯᠡᠳᠲᠡ ᠳᠡᠭᠡᠭᠰᠢᠯᠡᠪᠡ᠃ 2023 ᠣᠨ ᠳᠤ ᠪᠦᠭᠦ ᠣᠷᠣᠨ ᠤ ᠢᠳᠡᠰᠢᠨ ᠨᠣᠭᠤᠭ᠎ᠠ ᠶᠢᠨ ᠭᠠᠷᠤᠯᠲᠠ | 1097.1 ᠲᠦᠮᠡᠨ ᠲᠣᠨ ᠳᠤ ᠬᠦᠷᠴᠦ᠂ 1949 ᠣᠨ ᠤ ᠬᠢ ᠠᠴᠠ 23.4 ᠳᠠᠭᠢᠨ ᠨᠡᠮᠡᠭᠳᠡᠨ᠂ ᠵᠢᠯ ᠳᠤᠮᠳᠠᠴᠢ | ᠪᠠᠷ 4.4% ᠪᠠᠷ ᠨᠡᠮᠡᠭᠳᠡᠪᠡ᠃ ᠡᠭᠦᠨ ᠳᠤ ᠲᠥᠬᠦᠭᠡᠷᠦᠮᠵᠢᠲᠦ ᠢᠳᠡᠰᠢᠨ ᠨᠣᠭᠤᠭ᠎ᠠ ᠶᠢᠨ ᠭᠠᠷᠤᠯᠲᠠ 262.4 | ᠲᠦᠮᠡᠨ ᠲᠣᠨ ᠪᠠᠶᠢᠵᠤ᠂ ᠢᠳᠡᠰᠢᠨ ᠨᠣᠭᠤᠭ᠎ᠠ ᠶᠢᠨ ᠤᠯᠠᠷᠢᠯ ᠤᠨ ᠪᠤᠰᠤ ᠬᠠᠩᠭᠠᠯᠭ᠎ᠠ ᠶᠢ ᠶᠡᠭᠡ ᠬᠡᠮᠵᠢᠶ᠎ᠡ ᠪᠠᠷ | ᠪᠠᠲᠤᠯᠠᠨ᠂ ᠠᠷᠠᠳ ᠤᠯᠠᠨ ᠤ ︽ᠬᠤᠯᠢᠰᠢᠨ ᠢᠳᠡᠭᠡᠨ︾ ᠤ ᠬᠠᠩᠭᠠᠯᠭ᠎ᠠ ᠲᠠᠰᠤᠷᠠᠯᠲᠠ ᠦᠭᠡᠢ ᠪᠠᠶᠠᠯᠢᠭᠵᠢᠪᠠ᠃ |