ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠳᠤ ᠬᠦᠷᠴᠦ᠂ ᠬᠠᠮᠲᠤ ᠪᠠᠷ ᠨᠢᠭᠡ ᠠᠮᠤᠭᠤᠯᠠᠩ ᠦᠵᠡᠰᠬᠦᠯᠡᠩᠲᠦ ᠰᠠᠶᠢᠬᠠᠨ ᠠᠶᠠᠯᠠᠯ ᠳᠤ ᠣᠷᠣᠯᠴᠠᠶ᠎ᠠ︱ᠥᠪᠥᠷ ᠮᠣᠩᠭᠤᠯ ᠤᠨ ᠬᠥᠳᠡᠭᠡ ᠲᠣᠰᠬᠤᠨ ᠤ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠵᠢᠴᠢ ︽ᠦᠵᠡᠰᠬᠦᠯᠡᠩᠲᠦ ᠰᠠᠶᠢᠬᠠᠨ ᠰᠡᠯᠡᠭᠦᠴᠡᠯ ᠤᠨ ᠬᠥᠳᠡᠭᠡ ᠲᠣᠰᠬᠤᠨ︾ ᠤ ᠲᠠᠨᠢᠯᠴᠠᠭᠤᠯᠭ᠎ᠠ ᠶᠢᠨ ᠪᠣᠯᠪᠠᠰᠤᠷᠠᠯ ᠤᠯᠠᠭᠠᠨᠴᠠᠪ ᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2024/10/24
      10 ᠰᠠᠷ᠎ᠠ ᠶᠢᠨ 22 ᠤᠨ ᠡᠳᠦᠷ  ᠠᠴᠠ 23 ᠤ ᠡᠳᠦᠷ ᠪᠣᠯᠲᠠᠯ᠎ᠠ᠂ ᠥᠪᠥᠷ ᠮᠣᠩᠭᠤᠯ ᠤᠨ ᠬᠥᠳᠡᠭᠡ ᠲᠣᠰᠬᠤᠨ ᠤ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠵᠢᠴᠢ ︽ᠦᠵᠡᠰᠬᠦᠯᠡᠩᠲᠦ ᠰᠠᠶᠢᠬᠠᠨ ᠰᠡᠯᠡᠭᠦᠴᠡᠯ ᠤᠨ ᠬᠥᠳᠡᠭᠡ ᠲᠣᠰᠬᠤᠨ︾ ᠤ ᠲᠠᠨᠢᠯᠴᠠᠭᠤᠯᠭ᠎ᠠ ᠶᠢᠨ ᠪᠣᠯᠪᠠᠰᠤᠷᠠᠯ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠮᠦᠨ᠎ᠡ ᠲᠣᠰᠬᠤᠨ ᠳᠤ ᠶᠠᠪᠤᠭᠳᠠᠪᠠ᠃ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠵᠤᠷᠭᠠᠨ ᠤ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠴᠧᠨ ᠵᠢᠶᠠᠨ ᠭᠤᠸᠠᠩ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ᠂ ᠲᠢᠩᠬᠢᠮ ᠤᠨ ᠳᠡᠳ᠋ ᠳᠠᠷᠤᠭ᠎ᠠ ᠵᠠᠩ ᠢᠦᠢ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠳᠡᠳ᠋ ᠳᠠᠷᠤᠭ᠎ᠠ ᠵᠣᠣ ᠳ᠋ᠠ ᠵᠢᠶᠦ᠋ᠨ᠂ ᠭᠢᠷᠢᠨ ᠮᠤᠵᠢ ᠶᠢᠨ ᠲᠠᠷᠢᠶᠠᠯᠠᠩ ᠬᠥᠳᠡᠭᠡ ᠲᠣᠰᠬᠤᠨ ᠤ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠾᠧᠦ ᠰᠢᠶᠣᠣ ᠬᠤᠸᠠ ᠲᠠᠨᠢᠯᠴᠠᠭᠤᠯᠭ᠎ᠠ ᠶᠢᠨ ᠪᠣᠯᠪᠠᠰᠤᠷᠠᠯ ᠤᠨ ᠠᠵᠢᠯᠯᠠᠭ᠎ᠠ ᠳᠤ ᠣᠷᠣᠯᠴᠠᠪᠠ᠃ 
1.webp.png
 
2.webp.png
3.webp.png
      ᠲᠣᠰ ᠤᠳᠠᠭᠠᠨ ᠤ ᠠᠵᠢᠯᠯᠠᠭ᠎ᠠ ᠶᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠪᠣᠯᠣᠨ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠮᠲᠤᠷᠠᠨ ᠡᠷᠭᠢᠯᠡᠵᠦ᠂ ︽ᠬᠠᠪᠤᠷ ᠴᠡᠴᠡᠭ ᠦᠵᠡᠬᠦ︾ ︽ᠵᠣᠨ ᠰᠡᠷᠢᠭᠦᠴᠡᠬᠦ︾ ︽ᠨᠠᠮᠤᠷ ᠵᠢᠮᠢᠰ ᠲᠡᠭᠦᠬᠦ︾ ︽ᠡᠪᠦᠯ ᠲᠠᠷᠢᠶᠠᠯᠠᠬᠤ ᠤᠷᠤᠨ ᠢ ᠰᠤᠨᠢᠷᠬᠠᠬᠤ︾ ᠰᠣᠳᠣᠨ ᠦᠵᠡᠮᠵᠢ ᠶᠢᠨ ᠣᠷᠣᠨ ᠤ ᠵᠠᠮ ᠱᠤᠭᠤᠮ ᠢ ᠲᠠᠨᠢᠯᠴᠠᠭᠤᠯᠵᠤ᠂ ᠬᠥᠳᠡᠭᠡ ᠲᠣᠰᠬᠤᠨ ᠤ ᠰᠡᠯᠡᠭᠦᠴᠡᠯ ᠵᠢᠭᠤᠯᠴᠢᠯᠠᠯ ᠤᠨ ᠬᠡᠷᠡᠭᠯᠡᠭᠡᠨ ᠤ ᠰᠢᠨ᠎ᠡ ᠦᠵᠡᠮᠵᠢ ᠪᠠᠶᠢᠳᠠᠯ᠂ ᠰᠢᠨ᠎ᠡ ᠬᠢᠯᠠᠰ ᠴᠡᠭ ᠢ ᠰᠣᠯᠢᠯᠴᠠᠨ ᠪᠣᠶ ᠪᠣᠯᠭᠠᠵᠤ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠳᠡᠯᠭᠡᠷᠡᠭᠦᠯᠬᠦ ᠪᠠᠷ ᠵᠣᠷᠢᠯᠭ᠎ᠠ ᠪᠠᠨ ᠪᠣᠯᠭᠠᠭᠰᠠᠨ ᠪᠠᠶᠢᠨ᠎ᠠ᠃ ᠲᠠᠨᠢᠯᠴᠠᠭᠤᠯᠭ᠎ᠠ ᠶᠢᠨ ᠬᠤᠷᠠᠯ ᠳᠡᠭᠡᠷ᠎ᠡ᠂ ᠠᠶᠢᠮᠠᠭ ᠬᠤᠳᠠ ᠶᠢᠨ ᠲᠥᠯᠥᠭᠡᠯᠡᠭᠴᠢ ᠪᠦᠬᠦ ᠤᠯᠠᠷᠢᠯ ᠤᠨ ᠪᠦᠬᠦ ᠣᠷᠣᠨ ᠪᠦᠰᠡ ᠶᠢᠨ ᠲᠠᠷᠢᠶᠠᠯᠠᠩ ᠰᠣᠶᠣᠯ ᠵᠤᠭᠠᠴᠠᠯ ᠤᠨ ᠰᠣᠳᠣᠨ ᠱᠤᠭᠤᠮ ᠢᠶᠠᠷ ᠭᠤᠣᠯ ᠰᠡᠳᠦᠪ ᠪᠣᠯᠭᠠᠵᠤ᠂ ᠬᠠᠪᠤᠷ ᠵᠤᠨ ᠨᠠᠮᠤᠷ ᠡᠪᠦᠯ ᠤᠨ ᠲᠠᠷᠢᠶᠠᠯᠠᠩ ᠰᠣᠶᠣᠯ ᠵᠤᠭᠠᠴᠠᠯ ᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠬᠡᠪ ᠵᠠᠭᠪᠤᠷ᠂ ᠰᠢᠨ᠎ᠡ ᠨᠡᠶᠢᠲᠡᠯᠢᠭ ᠵᠢᠱᠢᠶ᠎ᠡ ᠶᠢ ᠲᠤᠰ ᠲᠤᠰ ᠶᠠᠷᠢᠪᠠ᠃ ᠠᠵᠢᠯᠯᠠᠭ᠎ᠠ ᠶᠢᠨ ᠠᠬᠤᠢ ᠲᠠᠯᠠᠪᠠᠢ ᠳᠤ ᠪᠠᠰᠠ 12 ᠠᠶᠢᠮᠠᠭ ᠬᠤᠳᠠ ᠶᠢᠨ ᠲᠠᠷᠢᠶᠠᠯᠠᠩ ᠰᠣᠶᠣᠯ ᠵᠤᠭᠠᠴᠠᠯ ᠤᠨ ᠪᠦᠲᠦᠭᠡᠭᠳᠡᠬᠦᠨ ᠤ ᠦᠵᠡᠭᠦᠯᠭᠡ ᠶᠢᠨ ᠲᠣᠭᠤᠷᠢᠭ ᠭᠠᠷᠭᠠᠵᠤ᠂ ᠴᠠᠭᠠᠨ ᠢᠳᠡᠭᠡᠨ᠂ ᠮᠢᠬᠠᠨ ᠤ ᠵᠦᠢᠯ᠂ ᠪᠤᠷᠴᠠᠭ ᠤᠨ ᠵᠦᠢᠯ᠂ ᠰᠤᠯᠠ ᠢᠳᠡᠭᠡᠨ ᠵᠡᠷᠭᠡ ᠣᠨᠴᠠᠯᠢᠭᠲᠤ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠪᠠ ᠭᠠᠷ ᠤᠷᠠᠯᠠᠯ ᠤᠨ ᠪᠦᠲᠦᠭᠡᠭᠳᠡᠬᠦᠨ ᠢ ᠪᠠᠭᠲᠠᠭᠠᠵᠤ᠂ ᠤᠯᠠᠨ ᠶᠠᠩᠵᠤ ᠶᠢᠨ ᠲᠠᠷᠢᠶᠠᠯᠠᠩ ᠰᠣᠶᠣᠯ ᠵᠤᠭᠠᠴᠠᠯ ᠤᠨ ᠪᠦᠲᠦᠭᠡᠭᠳᠡᠬᠦᠨ ᠨᠢ ᠲᠤᠬᠠᠢ ᠶᠢᠨ ᠭᠠᠵᠠᠷ ᠤᠨ ᠲᠣᠰᠬᠤᠨ ᠤ ᠠᠷᠠᠳ ᠲᠤ ᠬᠥᠳᠡᠭᠡ ᠲᠣᠰᠬᠤᠨ ᠤ ᠭᠤᠶᠤ ᠦᠵᠡᠮᠵᠢ ᠶᠢ ᠠᠮᠲᠠᠯᠠᠭᠤᠯᠬᠤ ᠶᠢᠨ ᠬᠠᠮᠲᠤ ᠪᠠᠰᠠ ᠬᠥᠳᠡᠭᠡ ᠲᠣᠰᠬᠤᠨ ᠤ ᠰᠣᠶᠣᠯ ᠤᠨ ᠠᠭᠤᠷ ᠠᠮᠢᠰᠬᠤᠯ ᠪᠠ ᠡᠯᠪᠡᠭ ᠪᠠᠶᠠᠯᠢᠭ ᠲᠠᠷᠢᠶᠠᠯᠠᠩ ᠤᠨ ᠪᠦᠲᠦᠭᠡᠭᠳᠡᠬᠦᠨ ᠤ ᠡᠬᠢ ᠪᠠᠶᠠᠯᠢᠭ ᠢ ᠮᠡᠳᠡᠷᠡᠭᠦᠯᠵᠡᠢ᠃
4.webp.png
       ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠰᠡᠳᠬᠢᠴᠡ ᠶᠢ ᠤᠯᠠᠮ ᠨᠢᠭᠡ ᠠᠯᠬᠤᠮ ᠦᠷᠭᠡᠳᠭᠡᠵᠦ᠂ ᠬᠥᠳᠡᠭᠡ ᠲᠣᠰᠬᠤᠨ ᠤ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠬᠥᠭᠵᠢᠯᠲᠡ ᠶᠢᠨ ᠠᠷᠭ᠎ᠠ ᠵᠠᠮ ᠢ ᠬᠠᠶᠢᠨ ᠰᠦᠪᠡᠭᠴᠢᠯᠡᠬᠦ ᠶᠢᠨ ᠲᠤᠰᠠᠲᠠ᠂ ᠲᠤᠰ ᠤᠳᠠᠭᠠᠨ ᠤ ᠠᠵᠢᠯᠯᠠᠭ᠎ᠠ ᠳᠤ ᠣᠨᠣᠯ ᠪᠠ ᠦᠢᠯᠡᠳᠦᠯᠭᠡ ᠶᠢ ᠤᠶᠠᠯᠳᠤᠭᠤᠯᠬᠤ ᠶᠢ ᠪᠠᠷᠢᠮᠲᠠᠯᠠᠵᠤ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠵᠤᠷᠭᠠᠨ ᠤ ᠴᠧᠨ ᠵᠢᠶᠠᠨ ᠭᠤᠸᠠᠩ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠪᠣᠯᠣᠨ ᠪᠡᠭᠡᠵᠢᠩ ᠤᠨ ᠲᠠᠷᠢᠶᠠᠯᠠᠩ ᠤᠨ ᠳᠡᠭᠡᠳᠦ ᠰᠤᠷᠭᠠᠭᠤᠯᠢ ᠶᠢᠨ ᠳᠡᠳ᠋ ᠫᠷᠦᠹᠧᠰᠰᠤᠷ ᠢ ᠤᠷᠢᠵᠤ᠂ ︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠴᠢᠬᠤᠯᠠ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠷ ᠬᠤᠳᠠ ᠬᠥᠳᠡᠭᠡ ᠶᠢᠨ ᠠᠭᠤᠰᠤᠯᠴᠠᠨ ᠬᠥᠭᠵᠢᠬᠦ ᠳᠤ ᠬᠦᠴᠦᠨ ᠨᠡᠮᠡᠷᠢᠯᠡᠬᠦ︾ ︽ᠶᠡᠷᠦᠩᠬᠡᠢ ᠱᠦᠵᠢ ᠰᠢ ᠶᠢᠨ ᠫᠢᠩ ᠤᠨ ︿ᠲᠠᠷᠢᠶᠠᠯᠠᠩ ᠲᠠᠷᠢᠶᠠᠯᠠᠬᠤ ᠣᠷᠣᠨ ᠲᠠᠷᠢᠶᠠᠴᠢᠨ﹀ ᠤ ᠦᠵᠡᠯ ᠰᠠᠨᠠᠭ᠎ᠠ ᠪᠠᠷ ᠰᠡᠯᠡᠭᠦᠴᠡᠯ ᠤᠨ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ︾ ᠲᠣᠭᠤᠷᠢᠨ ᠳᠤ ᠲᠤᠰᠬᠠᠢ ᠰᠡᠳᠦᠪ ᠢᠶᠠᠷ ᠬᠢᠴᠢᠶᠡᠯᠯᠡᠪᠡ︔ ᠪᠦᠬᠦ ᠣᠷᠣᠨ ᠤ 12 ᠠᠶᠢᠮᠠᠭ ᠬᠤᠳᠠ ᠶᠢᠨ ᠪᠣᠯᠪᠠᠰᠤᠷᠠᠯ ᠳᠤ ᠣᠷᠣᠯᠴᠠᠭᠰᠠᠳ ᠢ ᠵᠣᠬᠢᠶᠠᠨ ᠪᠠᠶᠢᠭᠤᠯᠤᠨ ᠡᠮᠦᠨ᠎ᠡ ᠲᠣᠰᠬᠤᠨ ᠤ ᠠᠷᠠᠳ ᠤᠨ ᠪᠠᠭᠤᠳᠠᠯ᠂ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂ ᠤᠷᠠᠨ ᠪᠢᠴᠢᠯᠭᠡ ᠤᠷᠠᠨ ᠵᠢᠷᠤᠭ ᠤᠨ ᠬᠦᠷᠢᠶᠡᠯᠡᠩ᠂ ᠬᠤᠩ ᠹᠦ᠋ ᠤᠳᠤ ᠦᠶ᠎ᠡ ᠶᠢᠨ ᠲᠠᠷᠢᠶᠠᠯᠠᠩ᠂ ᠵᠢᠩ ᠰᠢ ᠨᠢᠦ ᠲᠣᠰᠬᠤᠨ ᠤ ᠮᠠᠯ ᠠᠵᠤ ᠠᠬᠤᠢ ᠰᠣᠶᠣᠯ ᠵᠤᠭᠠᠴᠠᠯ ᠤᠨ ᠠᠵᠤ ᠠᠬᠤᠢ ᠵᠡᠷᠭᠡ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠬᠡᠯᠪᠡᠷᠢ ᠶᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠭᠦᠯᠵᠦ᠂ ᠡᠯ᠎ᠡ ᠭᠠᠵᠠᠷ ᠤᠨ ᠰᠡᠯᠡᠭᠦᠴᠡᠯ ᠤᠨ ᠲᠠᠷᠢᠶᠠᠯᠠᠩ ᠮᠠᠯ ᠠᠵᠤ ᠠᠬᠤᠢ ᠶᠢᠨ ᠡᠯᠪᠡᠭ ᠪᠠᠶᠠᠯᠢᠭ ᠠᠭᠤᠯᠤᠭᠳᠠᠬᠤᠨ ᠪᠠ ᠥᠷᠭᠡᠨ ᠠᠭᠤᠳᠠᠮ ᠠᠯᠤᠰ ᠢᠷᠡᠭᠡᠳᠦᠢ ᠳᠤ ᠨᠡᠩ ᠰᠢᠭᠤᠳ ᠪᠥᠭᠡᠳ ᠭᠦᠨᠵᠡᠭᠡᠢ ᠲᠠᠨᠢᠯᠲᠠ ᠲᠠᠢ ᠪᠣᠯᠭᠠᠵᠠᠢ᠃
5.webp.png
 
6.webp.png
      ᠳᠠᠷᠠᠭᠠᠴᠢ ᠶᠢᠨ ᠠᠯᠬᠤᠮ ᠳᠤ᠂ ᠮᠠᠨ ᠤ ᠲᠢᠩᠬᠢᠮ ᠠᠴᠠ ᠥᠪᠡᠷᠲᠡᠭᠡᠨ ᠵᠠᠰᠠᠬᠤ ᠣᠷᠣᠨ ᠤ ︽ᠮᠢᠩᠭᠠᠨ ᠲᠦᠮᠡᠨ ᠢᠨᠵᠧᠨᠧᠷᠢᠩ︾ ᠤᠨ ᠬᠡᠷᠡᠭᠵᠢᠭᠦᠯᠬᠦ ᠰᠠᠨᠠᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠦᠵᠡᠰᠬᠦᠯᠡᠩᠲᠦ ᠰᠠᠶᠢᠬᠠᠨ ᠰᠡᠯᠡᠭᠦᠴᠡᠯ ᠤᠨ ᠬᠥᠳᠡᠭᠡ ᠲᠣᠰᠬᠤᠨ︾ ᠤ ᠪᠦᠲᠦᠭᠡᠨ ᠪᠠᠶᠢᠭᠤᠯᠤᠯᠲᠠ ᠪᠠ ᠰᠡᠯᠡᠭᠦᠴᠡᠯ ᠤᠨ ᠵᠢᠭᠤᠯᠴᠢᠯᠠᠯ ᠢᠶᠠᠷ ᠭᠠᠷᠳᠠᠴᠠ ᠪᠣᠯᠭᠠᠵᠤ᠂ ᠬᠥᠳᠡᠭᠡ ᠲᠣᠰᠬᠤᠨ ᠤ ᠵᠢᠭᠤᠯᠴᠢᠯᠠᠯ᠂ ᠰᠡᠯᠡᠭᠦᠴᠡᠯ ᠤᠨ ᠲᠠᠷᠢᠶᠠᠯᠠᠩ ᠮᠠᠯ ᠠᠵᠤ ᠠᠬᠤᠢ ᠵᠡᠷᠭᠡ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠶᠡᠬᠡᠪᠡᠷ ᠬᠥᠭᠵᠢᠭᠦᠯᠵᠦ᠂ ᠲᠠᠷᠢᠶᠠᠯᠠᠩ ᠰᠣᠶᠣᠯ ᠵᠢᠭᠤᠯᠴᠢᠯᠠᠯ ᠤᠨ ᠭᠦᠨᠵᠡᠭᠡᠢ ᠠᠭᠤᠰᠤᠯᠴᠠᠬᠤ ᠶᠢ ᠠᠬᠢᠭᠤᠯᠤᠨ᠂ ᠲᠠᠷᠢᠶᠠᠯᠠᠩ ᠮᠠᠯ ᠠᠵᠤ ᠠᠬᠤᠢ ᠶᠢ ᠨᠢᠭᠡ ᠬᠤᠶᠠᠷ ᠭᠤᠷᠪᠠᠳᠤᠭᠠᠷ ᠠᠵᠤ ᠦᠢᠯᠡᠰ ᠢ ᠭᠦᠨᠵᠡᠭᠡᠢ ᠠᠭᠤᠰᠤᠯᠴᠠᠭᠰᠠᠨ ᠣᠲᠣ ᠦᠶ᠎ᠡ ᠶᠢᠨ ᠠᠵᠤ ᠦᠢᠯᠡᠰ ᠪᠣᠯᠭᠠᠵᠤ᠂ ᠮᠠᠯᠵᠢᠬᠤ ᠲᠠᠷᠢᠶᠠᠯᠠᠬᠤ ᠣᠷᠣᠨ ᠢ ᠣᠷᠣᠰᠢᠨ ᠰᠠᠭᠤᠬᠤ ᠳᠤ ᠲᠣᠬᠢᠷᠠᠮᠵᠢᠲᠠᠢ ᠪᠥᠭᠡᠳ ᠠᠵᠢᠯ ᠦᠢᠯᠡᠰ ᠡᠷᠭᠢᠯᠡᠬᠦ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠭᠡᠷ ᠣᠷᠣᠨ ᠪᠣᠯᠭᠠᠵᠤ᠂ ᠮᠠᠯᠴᠢᠨ ᠲᠠᠷᠢᠶᠠᠴᠢᠨ ᠢ ᠬᠥᠮᠥᠰ ᠤᠨ ᠪᠠᠭ᠋ᠠᠷᠬᠠᠯ ᠢ ᠲᠠᠲᠠᠭᠰᠠᠨ ᠵᠣᠯ ᠵᠢᠷᠭᠠᠯᠲᠤ ᠠᠵᠢᠯ ᠮᠡᠷᠭᠡᠵᠢᠯ ᠪᠣᠯᠭᠠᠨ᠎ᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号