ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠠᠷᠢᠭᠤᠴᠠᠯᠭᠠᠳᠠᠨ ᠲᠥᠪ ᠤᠨ ᠬᠤᠨᠵᠢᠪᠤᠷᠢᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠪᠠᠷ ᠬᠤᠪᠢᠰᠬᠠᠯ ᠤᠨ ᠬᠠᠭᠤᠴᠢᠨ ᠤᠷᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠦᠯ ᠵᠦᠢᠯ ᠢ ᠲᠤᠬᠠᠢ ᠶᠢᠨ ᠲᠠᠯᠠᠪᠤᠷ ᠲᠤᠨᠢ ᠪᠠᠶᠢᠴᠠᠭᠠᠨ ᠰᠣᠳᠣᠯᠵᠤ ᠵᠢᠯᠤᠭᠤᠳᠪᠠ
ᠨᠡᠶᠢᠲᠡᠯᠡᠭᠰᠡᠨ ᠴᠠᠭ᠄
2024/10/24
      10 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠬᠠᠢ ᠱᠠᠨ ᠪᠠᠶᠠᠨᠨᠠᠭᠤᠷ ᠬᠤᠲᠠ ᠶᠢᠨ ᠤᠷᠠᠳ ᠤᠨ ᠡᠮᠦᠨᠡᠲᠦ ᠬᠤᠰᠢᠭᠤᠨ ᠳᠤ ᠲᠥᠪ ᠤᠨ ᠬᠤᠨᠵᠢᠪᠤᠷᠢᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠪᠠᠷ ᠬᠤᠪᠢᠰᠬᠠᠯ ᠤᠨ ᠬᠠᠭᠤᠴᠢᠨ ᠤᠷᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ ᠲᠥᠷᠥᠯ ᠵᠦᠢᠯ ᠢ ᠬᠡᠷᠡᠭᠵᠢᠭᠦᠯᠦᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃ ᠬᠠᠢ ᠱᠠᠨ ᠨᠠᠷ ᠰᠢ ᠱᠠᠨ ᠽᠦᠢ ᠲᠠᠷᠢᠶᠠᠯᠠᠩ ᠤᠨ ᠲᠠᠯᠠᠪᠠᠢ ᠶᠢᠨ ᠨᠢᠭᠡᠳᠦᠭᠡᠷ ᠬᠤᠪᠢᠶᠠᠷᠢ ᠲᠠᠯᠠᠪᠠᠢ ᠶᠢᠨ ᠲᠦᠷᠦᠯ ᠵᠦᠢᠯ ᠢ ᠬᠡᠷᠡᠭᠵᠢᠭᠦᠯᠬᠦ ᠲᠤᠬᠠᠢ ᠶᠢᠨ ᠲᠠᠯᠠᠪᠤᠷ ᠲᠤ ᠬᠦᠷᠴᠦ᠂ ᠥᠨᠳᠥᠷ ᠪᠠᠷᠢᠮᠵᠢᠶᠠᠲᠤ ᠬᠤᠨᠴᠢᠷ ᠬᠤᠨᠢ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠤᠳᠠ᠂ ᠬᠤᠰᠢᠭᠤᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠠᠢ ᠨᠢᠭᠤᠷᠳᠠᠨ ᠶᠠᠷᠢᠯᠴᠠᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠬᠠᠮᠢᠶ᠎ᠠ ᠪᠦᠬᠦᠢ ᠠᠵᠢᠯ ᠢ ᠰᠤᠳᠤᠯᠵᠠᠢ᠃
1.jpg
       ᠬᠠᠢ ᠱᠠᠨ ᠵᠢᠭᠠᠵᠤ ᠭᠠᠷᠭᠠᠭᠰᠠᠨ ᠨᠢ᠂ ᠲᠥᠪ ᠤᠨ ᠲᠤᠰᠬᠠᠢ ᠬᠤᠨᠵᠢᠪᠤᠷᠢᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠪᠠᠷ ᠬᠤᠪᠢᠰᠬᠠᠯ ᠤᠨ ᠬᠠᠭᠤᠴᠢᠨ ᠤᠷᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ ᠲᠦᠷᠦᠯ ᠵᠦᠢᠯ ᠢ ᠬᠡᠷᠡᠭᠵᠢᠭᠦᠯᠬᠦ ᠪᠣᠯ ᠬᠤᠪᠢᠰᠬᠠᠯ ᠤᠨ ᠬᠠᠭᠤᠴᠢᠨ ᠤᠷᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠡᠯ᠎ᠡ ᠵᠦᠢᠯ ᠤᠨ ᠠᠵᠢᠯ ᠢ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠰᠠᠶᠢᠲᠤᠷ ᠠᠳᠬᠤᠵᠤ᠂ ᠲᠦᠷᠦᠯ ᠵᠦᠢᠯ ᠢ ᠲᠥᠯᠥᠪᠯᠡᠭᠡ ᠶᠣᠰᠣᠭᠠᠷ ᠪᠠᠶᠢᠭᠤᠯᠤᠨ ᠪᠦᠲᠦᠭᠡᠵᠦ᠂ ᠦᠷ᠎ᠡ ᠠᠰᠢᠭ ᠢ ᠨᠢ ᠪᠠᠳᠠᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠪᠡ᠃      ᠬᠠᠢ ᠱᠠᠨ ᠴᠢᠬᠤᠯᠠᠴᠢᠯᠠᠭᠰᠠᠨ ᠨᠢ᠂ ᠦᠷ᠎ᠡ ᠪᠦᠲᠦᠮᠵᠢ ᠶᠢᠨ ᠤᠬᠠᠮᠰᠠᠷ ᠢᠶᠠᠨ ᠴᠢᠩᠭᠠᠳᠬᠠᠵᠤ᠂ ᠪᠠᠷᠢᠯᠭ᠎ᠠ ᠶᠢᠨ ᠠᠵᠢᠯ ᠤᠨ ᠲᠥᠰᠥᠯ ᠢᠶᠠᠨ ᠰᠢᠯᠢᠳᠡᠭᠵᠢᠭᠦᠯᠵᠦ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠵᠢᠷᠤᠭ ᠡᠯᠭᠦᠵᠦ ᠳᠠᠶᠢᠯᠠᠯᠳᠤᠭᠠᠨ ᠬᠢᠵᠦ᠂ ᠠᠯᠬᠤᠮ ᠳᠠᠷᠠᠭ᠎ᠠ ᠲᠠᠢ ᠪᠠᠷ ᠠᠬᠢᠭᠤᠯᠵᠤ᠂ ᠬᠠᠷᠠᠯᠲᠠ ᠡᠭᠦᠷᠭᠡ ᠪᠠᠨ ᠲᠣᠭᠲᠠᠭᠰᠠᠨ ᠴᠠᠭ ᠲᠠᠭᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠪᠡᠯᠡ ᠮᠥᠩᠭᠦᠨ ᠤ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠵᠤ᠂ ᠭᠡᠷ᠎ᠡ ᠶᠢᠨ ᠲᠣᠭᠲᠠᠭᠠᠯ ᠶᠣᠰᠣᠭᠠᠷ ᠪᠡᠯᠡ ᠮᠥᠩᠭᠦ ᠶᠢ ᠡᠮᠬᠢ ᠵᠢᠷᠤᠮ ᠲᠠᠢ ᠪᠠᠷ ᠥᠭᠴᠦ᠂ ᠪᠡᠯᠡ ᠮᠥᠩᠭᠦᠨ ᠤ ᠬᠠᠮᠢᠶᠠᠷᠤᠯᠲᠠ ᠶᠢ ᠴᠢᠩᠭᠠᠳᠬᠠᠵᠤ᠂ ᠪᠡᠯᠡ ᠮᠥᠩᠭᠦᠨ ᠤ ᠦᠷ᠎ᠡ ᠠᠰᠢᠭ ᠢ ᠦᠨᠡᠨ ᠬᠦ ᠪᠠᠳᠠᠷᠠᠭᠤᠯᠬᠤ ᠬᠡᠷᠡᠭᠲᠡᠢ᠃ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠶᠢ ᠲᠦᠷᠦᠯ ᠵᠦᠢᠯ ᠢ ᠬᠡᠷᠡᠭᠵᠢᠭᠦᠯᠬᠦ ᠶᠢᠨ ᠭᠤᠣᠯ ᠰᠢᠪᠲᠤᠯᠤᠯᠲᠠ ᠶᠢᠨ ᠴᠢᠭᠯᠡᠯ ᠪᠣᠯᠭᠠᠵᠤ᠂ ᠮᠠᠯᠴᠢᠨ ᠲᠠᠷᠢᠶᠠᠴᠢᠨ ᠤ ᠠᠰᠢᠭ ᠲᠤᠰᠠ ᠶᠢ ᠬᠤᠯᠪᠣᠬᠤ ᠲᠣᠭᠲᠠᠴᠠ ᠶᠢ ᠴᠢᠩᠭᠠᠳᠬᠠᠵᠤ᠂ ᠬᠠᠭᠤᠴᠢᠨ ᠣᠷᠣᠨ ᠤ ᠮᠠᠯᠴᠢᠨ ᠲᠠᠷᠢᠶᠠᠴᠢᠨ ᠤ ᠦᠨᠡᠨ ᠪᠣᠳᠠᠲᠠᠢ ᠠᠰᠢᠭ ᠬᠦᠷᠳᠡᠬᠦ ᠶᠢ ᠪᠠᠲᠤᠯᠠᠬᠤ ᠬᠡᠷᠡᠭᠲᠡᠢ᠃ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠨᠠᠮ ᠠᠴᠠ ᠬᠤᠪᠢᠰᠬᠠᠯ ᠤᠨ ᠬᠠᠭᠤᠴᠢᠨ ᠭᠠᠵᠠᠷ ᠣᠷᠣᠨ ᠤ ᠠᠷᠠᠳ ᠲᠦᠮᠡᠨ ᠢ ᠬᠠᠯᠠᠮᠵᠢᠯᠠᠨ ᠬᠠᠶᠢᠷᠠᠯᠠᠬᠤ ᠶᠢ ᠰᠠᠶᠢᠲᠤᠷ ᠤᠬᠠᠭᠤᠯᠵᠤ᠂ ᠬᠤᠨᠵᠢᠪᠤᠷᠢᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢᠨ ᠲᠦᠷᠦᠯ ᠵᠦᠢᠯ ᠢ ᠬᠡᠷᠡᠭᠵᠢᠭᠦᠯᠦᠭᠡᠳ ᠬᠤᠪᠢᠰᠬᠠᠯ ᠤᠨ ᠬᠠᠭᠤᠴᠢᠨ ᠣᠷᠣᠨ ᠤ ᠠᠷᠠᠳ ᠲᠦᠮᠡᠨ ᠳᠤ ᠠᠰᠢᠭ ᠬᠦᠷᠲᠡᠭᠡᠬᠦ ᠶᠢ ᠰᠠᠶᠢᠲᠤᠷ ᠤᠬᠠᠭᠤᠯᠬᠤ ᠬᠡᠷᠡᠭᠲᠡᠢ ᠭᠡᠪᠡ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号