ᠬᠥᠯᠥᠨ ᠪᠤᠶᠢᠷ ᠬᠤᠲᠠ ᠶᠢᠨ ᠬᠢᠨ ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠡᠵᠡᠩᠨᠡᠨ ᠬᠠᠮᠢᠶᠠᠷᠤᠭᠴᠢ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠳᠤ ᠰᠢᠯᠢᠳᠡᠭ ᠬᠢᠷᠢ ᠪᠦᠲᠦᠮᠵᠢ ᠣᠯᠪᠠ
ᠨᠡᠶᠢᠲᠡᠯᠡᠭᠰᠡᠨ ᠴᠠᠭ᠄
2024/10/24
      ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠠᠵᠢᠯᠴᠢᠨ ᠤ ᠶᠡᠷᠦᠩᠬᠡᠢ ᠡᠪᠯᠡᠯ ᠠᠴᠠ ᠭᠤᠣᠯᠯᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠷᠠᠳᠢᠣ᠋ ᠲᠧᠯᠸᠢᠰ ᠤᠨ ᠰᠤᠷᠭᠠᠭᠤᠯᠢ ᠠᠴᠠ ᠳᠠᠭᠠᠭᠠᠴᠢᠯᠠᠨ ᠡᠷᠭᠢᠯᠡᠭᠰᠡᠨ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠡᠵᠡᠩᠨᠡᠨ ᠬᠠᠮᠢᠶᠠᠷᠤᠭᠴᠢ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠬᠥᠬᠡᠬᠤᠲᠠ ᠳᠤ ᠶᠠᠪᠤᠭᠳᠠᠪᠠ᠃ ᠲᠣᠰ ᠤᠳᠠᠭᠠᠨ ᠤ ᠤᠷᠤᠯᠳᠤᠭᠠᠨ ᠳᠤ ᠬᠥᠯᠥᠨ ᠪᠤᠶᠢᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠪᠢᠷ ᠤᠨ ᠰᠢᠯᠭᠠᠯᠲᠠ ᠪᠠᠷ ᠳᠡᠮᠵᠢᠨ᠂ ᠬᠤᠰᠢᠭᠤ ᠬᠤᠲᠠ ᠲᠣᠭᠤᠷᠢᠭ ᠠᠴᠠ ᠲᠤᠬᠠᠶᠢᠯᠠᠭᠰᠠᠨ ᠠᠵᠢᠯ ᠤᠨ ᠬᠡᠪ ᠴᠢᠨᠠᠷ ᠢᠶᠠᠷ ᠴᠢᠩᠭ᠎ᠠ᠂ ᠴᠢᠳᠠᠪᠤᠷᠢ ᠪᠠᠷ ᠲᠣᠪᠣᠶᠢᠮ᠎ᠠ 3 ᠤᠷᠤᠯᠴᠠᠭᠴᠢ ᠶᠢ ᠰᠣᠩᠭᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠡᠵᠡᠩᠨᠡᠨ ᠬᠠᠮᠢᠶᠠᠷᠤᠭᠴᠢ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠳᠤ ᠣᠷᠤᠯᠴᠠᠭᠤᠯᠤᠭᠰᠠᠨ ᠪᠠᠶᠢᠨ᠎ᠠ᠃      ᠤᠷᠤᠯᠳᠤᠭᠠᠨ ᠳᠤ ᠣᠨᠣᠯ ᠪᠠ ᠤᠷ᠎ᠠ ᠮᠡᠷᠭᠡᠵᠢᠯ ᠤᠨ ᠠᠵᠢᠯᠯᠠᠭ᠎ᠠ ᠶᠢ ᠤᠶᠠᠯᠳᠤᠭᠤᠯᠤᠭᠰᠠᠨ ᠪᠦᠬᠦ ᠲᠠᠯ᠎ᠠ ᠶᠢᠨ ᠦᠨᠡᠯᠡᠯᠲᠡ ᠶᠢᠨ ᠰᠢᠰᠲ᠋ᠧᠮ ᠢ ᠬᠡᠷᠡᠭᠯᠡᠵᠦ᠂ ᠬᠤᠷᠴᠠ ᠰᠢᠷᠦᠭᠦᠨ ᠥᠷᠢᠰᠦᠯᠳᠦᠭᠡᠨ ᠢᠶᠠᠷ ᠲᠠᠮᠵᠢᠨ᠂ ᠬᠥᠯᠥᠨ ᠪᠤᠶᠢᠷ ᠬᠤᠳᠠ ᠶᠢᠨ ᠳᠤᠭᠤᠶᠢᠯᠠᠩ ᠯᠠᠪᠳᠠᠭᠤᠨ ᠪᠠᠲᠤᠲᠠᠢ ᠲᠤᠰᠬᠠᠢ ᠮᠡᠷᠭᠡᠵᠢᠯ ᠤᠨ ᠮᠡᠳᠡᠯᠭᠡ᠂ ᠲᠡᠷᠢᠭᠦᠨ ᠤ ᠬᠠᠮᠢᠶᠠᠷᠤᠯᠲᠠ ᠶᠢᠨ ᠣᠶᠢᠯᠠᠭᠠᠭᠳᠠᠬᠤᠨ ᠪᠠ ᠰᠢᠨ᠎ᠡ ᠶᠢ ᠡᠭᠦᠳᠦᠭᠰᠡᠨ ᠲᠠᠷᠢᠶᠠᠯᠠᠩ ᠤᠨ ᠮᠡᠷᠭᠡᠵᠢᠯ ᠢᠶᠠᠷ ᠢᠶᠠᠨ ᠮᠡᠷᠭᠡᠵᠢᠯ ᠤᠨ ᠰᠢᠯᠭᠠᠯᠲᠠ ᠪᠠ ᠵᠠᠮ ᠤᠨ ᠲᠣᠭᠯᠠᠯᠲᠠ ᠶᠢᠨ ᠤᠷᠤᠯᠳᠤᠭᠠᠨ ᠳᠤ ᠡᠷᠳᠡᠮ ᠴᠢᠳᠠᠪᠤᠷᠢ ᠪᠠᠨ ᠭᠠᠶᠢᠬᠠᠭᠤᠯᠵᠤ᠂ ᠡᠴᠦᠰ ᠲᠡᠭᠡᠨ ᠪᠦᠯᠬᠦᠮ ᠤᠨ ᠭᠤᠷᠪᠠᠳᠤᠭᠠᠷ ᠳᠡᠰ ᠤᠨ ᠱᠠᠩᠨᠠᠯ ᠢ ᠬᠦᠷᠲᠡᠵᠦ᠂ ᠬᠥᠯᠥᠨ ᠪᠤᠶᠢᠷ ᠬᠤᠳᠠ ᠶᠢᠨ ᠲᠠᠷᠢᠶᠠᠯᠠᠩ ᠤᠨ ᠡᠵᠡᠩᠨᠡᠨ ᠬᠠᠮᠢᠶᠠᠷᠤᠭᠴᠢ ᠶᠢᠨ ᠴᠢᠳᠠᠪᠤᠷᠢᠲᠠᠨ ᠤ ᠬᠡᠪ ᠨᠠᠮᠪᠠ ᠶᠢ ᠢᠯᠡᠷᠡᠭᠦᠯᠵᠦ᠂ ᠤᠷᠤᠯᠳᠤᠭᠠᠨ ᠢᠶᠠᠷ ᠰᠤᠷᠤᠯᠴᠠᠯᠭ᠎ᠠ ᠶᠢ ᠠᠬᠢᠭᠤᠯᠵᠤ᠂ ᠤᠷᠤᠯᠳᠤᠭᠠᠨ ᠢᠶᠠᠷ ᠪᠣᠯᠪᠠᠰᠤᠷᠠᠯ ᠢ ᠠᠬᠢᠭᠤᠯᠬᠤ ᠶᠢ ᠪᠡᠶᠡᠯᠡᠭᠦᠯᠵᠡᠢ᠃      ᠲᠣᠰ ᠤᠳᠠᠭᠠᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠪᠣᠯ ᠣᠷᠣᠯᠴᠠᠭᠰᠠᠳ ᠤᠨ ᠤᠷ᠎ᠠ ᠴᠢᠳᠠᠪᠤᠷᠢ ᠶᠢᠨ ᠬᠢᠷᠢ ᠲᠦᠪᠰᠢᠨ ᠪᠠ ᠣᠶᠤᠨ ᠰᠠᠨᠠᠭᠠᠨ ᠤ ᠳᠦᠷᠰᠦ ᠪᠠᠶᠢᠳᠠᠯ ᠤᠨ ᠲᠤᠬᠠᠢ ᠨᠢᠭᠡ ᠤᠳᠠᠭᠠᠨ ᠤ ᠲᠥᠪᠯᠡᠷᠡᠩᠭᠦᠢ ᠦᠵᠡᠭᠦᠯᠭᠡ ᠪᠣᠯᠬᠤ ᠪᠥᠭᠡᠳ ᠪᠠᠰᠠ ᠴᠤ ᠬᠦᠯᠦᠨ ᠪᠣᠶᠢᠷ ᠬᠤᠲᠠ ᠶᠢᠨ ᠲᠠᠷᠢᠶᠠᠯᠠᠩ ᠤᠨ ᠴᠢᠳᠠᠪᠤᠷᠢᠲᠠᠨ ᠢ ᠬᠥᠮᠥᠵᠢᠭᠦᠯᠦᠭᠰᠡᠨ ᠦᠷ᠎ᠡ ᠪᠦᠲᠦᠭᠡᠯ ᠤᠨ ᠲᠤᠬᠠᠢ ᠨᠢᠭᠡ ᠤᠳᠠᠭᠠᠨ ᠤ ᠪᠥᠬᠦ ᠲᠠᠯ᠎ᠠ ᠶᠢᠨ ᠰᠢᠯᠭᠠᠯᠲᠠ ᠪᠣᠯᠬᠤ ᠶᠤᠮ᠃ ᠬᠦᠯᠦᠨ ᠪᠣᠶᠢᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠬᠤᠶᠢᠰᠢᠳᠠ ᠴᠢᠳᠠᠪᠤᠷᠢᠲᠠᠨ ᠢ ᠬᠥᠮᠥᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠬᠡᠷᠡᠭᠯᠡᠭᠡᠨ ᠤ ᠬᠡᠯᠪᠡᠷᠢ ᠶᠢᠨ ᠴᠢᠳᠠᠪᠤᠷᠢᠲᠠᠨ ᠢ ᠬᠥᠮᠥᠵᠢᠭᠦᠯᠬᠦ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠲᠠᠷᠢᠶᠠᠯᠠᠩ ᠤᠨ ᠣᠳᠣᠬᠢᠴᠢᠯᠠᠯᠲᠠ ᠳᠤ ᠱᠠᠭᠠᠷᠳᠠᠭᠳᠠᠬᠤ ᠴᠢᠳᠠᠪᠤᠷᠢᠲᠠᠨ ᠢ ᠬᠥᠭᠵᠢᠭᠦᠯᠵᠦ᠂ ᠬᠤᠶᠢᠰᠢᠳᠠ ᠬᠦᠯᠦᠨ ᠪᠣᠶᠢᠷ ᠬᠤᠲᠠ ᠶᠢᠨ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠪᠡᠶᠡᠴᠢ ᠴᠣᠭᠴᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃
 
ᠢᠷᠡᠯᠲᠡ᠄ ᠬᠦᠯᠦᠨ ᠪᠣᠶᠢᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号