ᠦᠬᠡᠷ ᠤᠨ ᠨᠢᠭᠡ ᠵᠦᠢᠯ ᠤᠨ ᠲᠦᠷᠭᠡᠨ ᠴᠢᠨᠠᠷᠲᠠᠢ ᠴᠢᠰᠤ ᠦᠵᠢᠷᠡᠬᠦ ᠴᠢᠨᠠᠷᠲᠠᠢ ᠬᠠᠯᠳᠠᠪᠤᠷᠢᠲᠤ ᠡᠪᠡᠳᠴᠢᠨ | ᠪᠣᠯᠣᠨ᠎ᠠ᠃ ᠵᠤᠵᠠᠭᠠᠨ ᠮᠢᠬ᠎ᠠ ᠲᠠᠢ ᠪᠤᠯᠴᠢᠩ ᠤᠨ ᠬᠡᠰᠡᠭ ᠲᠤ ᠬᠠᠷ᠎ᠠ ᠥᠩᠭᠡ ᠲᠠᠢ ᠬᠡᠢ ᠬᠠᠪᠤᠩᠳᠠᠵᠤ᠂ ᠳᠠᠷᠤᠪᠠᠯ | ᠳᠠᠭᠤ ᠭᠠᠷᠳᠠᠭ᠃ | ᠡᠪᠡᠳᠴᠢᠨ ᠤ ᠢᠯᠡᠷᠡᠯ᠄ ᠣᠯᠠᠩᠬᠢ ᠨᠢ ᠭᠡᠨᠡᠳᠲᠡ ᠪᠠᠷ ᠡᠪᠡᠳᠴᠢᠯᠡᠵᠦ᠂ ᠡᠬᠢᠨ ᠳᠡᠭᠡᠨ ᠪᠡᠶ᠎ᠡ ᠶᠢᠨ ᠬᠠᠯᠠᠭᠤᠨ ᠨᠢ | ᠥᠨᠳᠥᠷᠵᠢᠵᠦ᠂ ᠵᠠᠷᠢᠮ ᠡᠪᠡᠳᠴᠢᠨ ᠲᠠᠢ ᠦᠬᠡᠷ ᠤᠨ ᠪᠡᠶ᠎ᠡ ᠶᠢᠨ ᠬᠠᠯᠠᠭᠤᠨ ᠤ ᠲᠤᠰᠬᠠᠯ ᠨᠢ ᠢᠯᠡᠷᠬᠡᠢ ᠪᠢᠰᠢ᠃ | ᠢᠳᠡᠭᠡᠨ ᠤ ᠳᠤᠷᠠᠰᠢᠯ ᠦᠭᠡᠢ ᠪᠤᠯᠵᠤ ᠬᠡᠪᠢᠬᠦ ᠪᠠᠨ ᠵᠣᠭᠰᠣᠵᠤ᠂ ᠴᠤᠭ ᠰᠦᠯᠳᠡ ᠦᠭᠡᠢ᠂ ᠬᠦᠳᠡᠯᠬᠦ ᠳᠤᠷ᠎ᠠ ᠦᠭᠡᠢ᠂ | ᠬᠦᠯ ᠨᠢ ᠳᠣᠭᠤᠯᠳᠠᠳᠠᠭ᠃ ᠣᠯᠠᠩᠬᠢ ᠡᠪᠡᠳᠴᠢᠨ ᠲᠠᠢ ᠦᠬᠡᠷ ᠳᠠᠯᠤ ᠶᠢᠨ ᠬᠡᠰᠡᠭ ᠪᠠ ᠳᠤᠮᠳᠠ ᠴᠢᠮᠦᠭᠡᠨ ᠤ | ᠬᠡᠰᠡᠭ ᠤᠨ ᠨᠢᠭᠡ ᠪᠤᠶᠤ ᠬᠤᠶᠠᠷ ᠬᠡᠰᠡᠭ ᠲᠤ ᠦᠷᠪᠢᠰᠦᠯ ᠤᠨ ᠴᠢᠨᠠᠷᠲᠠᠢ ᠤᠰᠤᠨ ᠬᠠᠪᠤᠩ ᠡᠭᠦᠰᠦᠨ᠎ᠡ᠃ ᠣᠯᠠᠨ | ᠭᠠᠵᠠᠷ ᠲᠤ ᠬᠠᠪᠤᠳᠤᠭᠰᠠᠨ ᠡᠪᠡᠳᠴᠢᠨ ᠤ ᠵᠢᠱᠢᠶ᠎ᠡ ᠨᠡᠯᠢᠶᠡᠳ ᠴᠥᠭᠡᠨ ᠪᠠᠶᠢᠳᠠᠭ᠃ ᠡᠪᠡᠳᠴᠢᠯᠡᠭᠰᠡᠨ ᠬᠡᠰᠡᠭ ᠤᠨ | ᠠᠷᠠᠰᠤ ᠨᠢ ᠬᠠᠭᠤᠷᠠᠶᠢᠳᠠᠨ ᠲᠡᠯᠡᠷᠡᠵᠦ᠂ ᠠᠭᠠᠵᠢᠮ ᠢᠶᠠᠷ ᠬᠦᠷᠡᠩ ᠬᠠᠷ᠎ᠠ ᠥᠩᠭᠡ ᠲᠠᠢ ᠪᠣᠯᠵᠤ᠂ ᠬᠠᠲᠠᠭᠤᠷᠠᠵᠤ᠂ | ᠲᠣᠭᠰᠢᠵᠤ ᠣᠨᠣᠰᠢᠯᠠᠬᠤ ᠳᠤ ᠳᠠᠭᠤ ᠭᠠᠷᠳᠠᠭ᠃ ᠰᠢᠷᠬ᠎ᠠ ᠪᠠ ᠠᠷᠠᠰᠤ ᠨᠢ ᠬᠠᠭᠠᠷᠠᠬᠤ ᠪᠤᠶᠤ ᠬᠠᠭᠠᠯᠬᠤ ᠦᠶ᠎ᠡ ᠳᠤ᠂ | ᠬᠥᠭᠡᠰᠦ ᠲᠠᠢ ᠭᠦᠨ ᠤᠯᠠᠭᠠᠨ ᠥᠩᠭᠡᠲᠡᠢ ᠬᠦᠴᠢᠯᠯᠢᠭ ᠦᠮᠡᠬᠡᠢ ᠰᠢᠩᠭᠡᠨ ᠪᠡᠶᠡᠲᠦ ᠤᠷᠤᠰᠤᠨ ᠭᠠᠷᠤᠨ᠎ᠠ᠃ | ᠡᠪᠡᠳᠴᠢᠯᠡᠭᠰᠡᠨ ᠤ ᠰᠡᠭᠦᠯᠴᠢ ᠶᠢᠨ ᠬᠤᠭᠤᠴᠠᠭᠠᠨ ᠳᠤ ᠪᠣᠰᠬᠤ ᠦᠭᠡᠢ ᠪᠤᠯᠵᠤ᠂ ᠪᠡᠶ᠎ᠡ ᠶᠢᠨ ᠬᠠᠯᠠᠭᠤᠨ ᠨᠢ | ᠲᠦᠷᠭᠡᠨ ᠢᠶᠠᠷ ᠳᠣᠷᠣᠭᠰᠢᠯᠠᠵᠤ᠂ ᠠᠮᠢᠰᠬᠤᠯ ᠨᠢ ᠬᠦᠴᠢᠷᠳᠡᠵᠦ᠂ ᠵᠣᠪᠬᠢ ᠨᠢ ᠬᠥᠬᠡ ᠪᠣᠷᠣ ᠥᠩᠭᠡ ᠲᠠᠢ ᠪᠣᠯᠵᠤ᠂ | ᠶᠡᠷᠦ ᠳᠡᠭᠡᠨ 1~2 ᠡᠳᠦᠷ ᠤᠨ ᠳᠣᠲᠣᠷ᠎ᠠ ᠦᠬᠦᠳᠡᠭ᠃ | ᠰᠡᠷᠭᠡᠶᠢᠯᠡᠨ ᠵᠠᠰᠠᠬᠤ ᠠᠷᠭ᠎ᠠ᠄ ᠡᠪᠡᠳᠴᠢᠨ ᠭᠠᠷᠴᠤ ᠥᠩᠭᠡᠷᠡᠭᠰᠡᠨ ᠭᠠᠵᠠᠷ ᠣᠷᠣᠨ ᠳᠤ ᠵᠢᠯ ᠪᠦᠷᠢ ᠶᠢᠨ | ᠬᠠᠪᠤᠷ ᠤᠨ ᠤᠯᠠᠷᠢᠯ ᠳᠤ ᠬᠡᠢ ᠬᠠᠪᠤᠩ ᠤᠨ ᠪᠠᠺᠲ᠋ᠧᠷᠢᠲᠦ ᠸᠠᠺᠼᠢᠨ ᠲᠠᠷᠢᠨ᠎ᠠ᠂ ᠢᠯᠠᠩᠭᠤᠶ᠎ᠠ ᠡᠪᠡᠳᠴᠢᠨ ᠡᠭᠦᠰᠦᠭᠰᠡᠨ | ᠭᠠᠵᠠᠷ ᠣᠷᠣᠨ ᠳᠤ ᠪᠠᠺᠲ᠋ᠧᠷᠢᠲᠦ ᠸᠠᠺᠼᠢᠨ ᠲᠠᠷᠢᠬᠤ ᠶᠢ ᠨᠡᠩ ᠠᠩᠬᠠᠷᠬᠤ ᠬᠡᠷᠡᠭᠲᠡᠢ᠃ ᠡᠪᠡᠳᠴᠢᠨ ᠲᠠᠢ ᠦᠬᠡᠷ ᠤᠨ | ᠬᠡᠭᠦᠷ᠂ ᠪᠣᠬᠢᠷᠲᠤᠭᠰᠠᠨ ᠪᠠᠭᠠᠰᠤ᠂ ᠰᠢᠭᠡᠰᠦ᠂ ᠳᠡᠪᠢᠰᠦᠭᠰᠡᠨ ᠡᠪᠡᠰᠦ ᠵᠡᠷᠭᠡ ᠶᠢ ᠴᠦᠮ ᠬᠠᠮᠲᠤ ᠰᠢᠲᠠᠭᠠᠬᠤ ᠪᠤᠶᠤ ᠭᠦᠨ | ᠪᠤᠯᠠᠳᠠᠭ᠃ ᠡᠪᠡᠳᠴᠢᠨ ᠲᠠᠢ ᠦᠬᠡᠷ ᠤᠨ ᠬᠠᠰᠢᠶ᠎ᠠ ᠶᠢ 0.2% ᠤᠨ ᠮᠥᠩᠭᠦᠨ ᠤᠰᠤᠨ ᠤ ᠰᠢᠩᠭᠡᠨ ᠪᠤᠶᠤ | 20% ᠶᠢᠨ ᠴᠠᠶᠢᠷᠠᠭᠤᠯᠬᠤ ᠨᠤᠨᠳᠠᠭ ᠤᠨ ᠠᠭᠤᠰᠤᠮᠠᠯ ᠢᠶᠠᠷ ᠲᠤᠶᠢᠯᠪᠤᠷᠢᠲᠠᠢ ᠠᠷᠢᠭᠤᠳᠬᠠᠬᠤ ᠬᠡᠷᠡᠭᠲᠡᠢ᠃ |