2024 ᠣᠨ ᠤ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠤᠷ᠎ᠠ ᠴᠢᠳᠠᠪᠤᠷᠢ ᠶᠢᠨ ᠤᠷᠤᠯᠳᠤᠭᠠᠨ ᠤ ᠠᠵᠢᠯᠯᠠᠭ᠎ᠠ ᠬᠥᠬᠡᠬᠤᠲᠠ ᠳᠤ ᠲᠡᠭᠦᠰ ᠠᠮᠵᠢᠯᠲᠠ ᠲᠠᠢ ᠥᠨᠳᠥᠷᠯᠡᠪᠡ
ᠨᠡᠶᠢᠲᠡᠯᠡᠭᠰᠡᠨ ᠴᠠᠭ᠄
2024/10/25
      ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠵᠢᠷᠤᠮᠵᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠴᠢᠳᠠᠪᠤᠷᠢ ᠶᠢᠨ ᠬᠢᠷᠢ ᠬᠡᠮᠵᠢᠶ᠎ᠡ ᠶᠢ ᠰᠢᠯᠭᠠᠨ ᠪᠠᠶᠢᠴᠠᠭᠠᠵᠤ᠂ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠶᠢᠨ ᠲᠤᠰᠠᠳᠠ᠂ 10 ᠰᠠᠷ᠎ᠠ ᠶᠢᠨ 22 ᠤᠨ ᠡᠳᠦᠷ ᠠᠴᠠ 24 ᠤ ᠡᠳᠦᠷ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠬᠠᠤᠯᠢ ᠴᠠᠭᠠᠵᠠ ᠶᠢᠨ ᠲᠢᠩᠬᠢᠮ᠂ ᠠᠵᠢᠯᠴᠢᠨ ᠤ ᠶᠡᠷᠦᠩᠬᠡᠢ ᠡᠪᠯᠡᠯ᠂ ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠬᠥᠬᠡᠬᠤᠲᠠ ᠳᠤ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠤᠷ᠎ᠠ ᠴᠢᠳᠠᠪᠤᠷᠢ ᠶᠢᠨ ᠤᠷᠤᠯᠳᠤᠭᠠᠨ ᠤ ᠠᠵᠢᠯᠯᠠᠭ᠎ᠠ ᠶᠢ ᠠᠮᠵᠢᠯᠲᠠ ᠲᠠᠢ ᠡᠷᠭᠢᠯᠡᠪᠡ᠃ ᠲᠣᠰ ᠤᠳᠠᠭ᠎ᠠ ᠶᠢᠨ ᠤᠷᠤᠯᠳᠤᠭᠠᠨ ᠤ ᠠᠵᠢᠯᠯᠠᠭ᠎ᠠ ᠪᠣᠯ 2024 ᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠰᠲ᠋ᠧᠮ ᠤᠨ ᠬᠠᠤᠯᠢ ᠬᠡᠷᠡᠭᠵᠢᠭᠦᠯᠬᠦ ᠱᠤᠭᠤᠮ ᠤᠨ ᠠᠩᠬᠠᠳᠠᠭᠴᠢ ᠤᠳᠠᠭ᠎ᠠ᠂ ᠨᠠᠩ ᠴᠤ ᠥᠪᠡᠷᠲᠡᠭᠡᠨ ᠵᠠᠰᠠᠬᠤ ᠣᠷᠣᠨ ᠤ ᠲᠠᠪᠤᠨ ᠰᠠᠯᠠᠭ᠎ᠠ ᠮᠥᠴᠢᠷ ᠤᠨ ᠬᠠᠮᠲᠤᠷᠠᠨ ᠥᠷᠨᠢᠭᠦᠯᠦᠭᠰᠡᠨ ᠠᠩᠬᠠᠳᠠᠭᠴᠢ ᠤᠳᠠᠭᠠᠨ ᠤ ᠠᠵᠢᠯᠯᠠᠭ᠎ᠠ ᠪᠣᠯᠣᠨ᠎ᠠ᠃ 
111.webp.png
 
222.webp.png
       ᠲᠣᠰ ᠤᠳᠠᠭ᠎ᠠ ᠶᠢᠨ ᠤᠷᠤᠯᠳᠤᠭᠠᠨ ᠤ ᠠᠵᠢᠯᠯᠠᠭ᠎ᠠ ᠶᠢ ᠤᠬᠠᠭᠠᠯᠠᠭᠰᠠᠨ  ᠨᠢ ᠨᠠᠷᠢᠨ ᠨᠢᠮᠪᠠᠢ᠂ ᠭᠤᠭᠴᠤᠭ᠎ᠠ ᠶᠢ ᠵᠣᠯᠭᠠᠭᠤᠯᠤᠭᠰᠠᠨ ᠨᠢ ᠨᠢᠭᠲᠠ ᠪᠠᠶᠢᠵᠤ᠂ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠨᠡᠶᠢᠲᠡ 4 ᠤᠷᠤᠯᠳᠤᠭᠠᠨ ᠤ ᠭᠤᠭᠴᠤᠭ᠎ᠠ ᠶᠢ ᠲᠣᠬᠢᠷᠠᠭᠤᠯᠪᠠ᠂ ᠡᠭᠦᠨ ᠳᠤ ᠣᠨᠣᠯ ᠤᠨ ᠰᠢᠯᠭᠠᠯᠲᠠ᠂ ᠬᠡᠷᠡᠭ ᠤᠨ ᠡᠪᠬᠡᠮᠡᠯ ᠤᠨ ᠪᠤᠷᠤᠭᠤ ᠶᠢ ᠵᠠᠯᠠᠷᠠᠭᠤᠯᠬᠤ᠂ ᠳᠠᠭᠤᠷᠢᠶᠠᠮᠠᠯ ᠬᠠᠤᠯᠢ ᠬᠡᠷᠡᠭᠵᠢᠭᠦᠯᠦᠯᠲᠡ ᠪᠠ ᠮᠡᠳᠡᠯᠭᠡ ᠶᠢᠨ ᠥᠷᠢᠰᠦᠯᠳᠦᠭᠡᠨ ᠤ ᠬᠠᠷᠢᠭᠤᠯᠲᠠ ᠪᠠᠭᠲᠠᠨ᠎ᠠ᠃ ᠮᠡᠷᠭᠡᠵᠢᠯ ᠴᠢᠳᠠᠪᠤᠷᠢ ᠶᠢᠨ ᠲᠥᠷᠥᠯ ᠤᠨ ᠤᠷᠤᠯᠳᠤᠭᠠᠨ ᠤ ᠭᠤᠭᠴᠤᠭ᠎ᠠ ᠳᠤ᠂ ᠡᠯ᠎ᠡ ᠠᠶᠢᠮᠠᠭ ᠬᠤᠲᠠ ᠶᠢᠨ ᠤᠷᠤᠯᠳᠤᠭᠠᠨ ᠳᠤ ᠣᠷᠤᠯᠴᠠᠭᠰᠠᠳ ᠯᠠᠪᠳᠠᠭᠤᠨ ᠪᠠᠲᠤᠲᠠᠢ ᠲᠤᠰᠬᠠᠢ ᠮᠡᠷᠭᠡᠵᠢᠯ ᠤᠨ ᠮᠡᠳᠡᠯᠭᠡ᠂ ᠪᠢᠴᠢᠭ ᠬᠠᠷ᠎ᠠ ᠵᠣᠬᠢᠶᠠᠬᠤ ᠦᠨᠳᠦᠷ ᠬᠢᠷᠢ ᠲᠦᠪᠰᠢᠨ ᠵᠢᠴᠢ ᠴᠢᠩᠭ᠎ᠠ ᠬᠠᠤᠯᠢ ᠬᠡᠷᠡᠭᠵᠢᠭᠦᠯᠬᠦ ᠴᠢᠳᠠᠪᠤᠷᠢ ᠪᠠ ᠡᠯᠪᠡᠭ ᠪᠠᠶᠠᠯᠢᠭ ᠬᠠᠤᠯᠢ ᠬᠡᠷᠡᠭᠵᠢᠭᠦᠯᠬᠦ ᠲᠤᠷᠰᠢᠯᠭ᠎ᠠ ᠪᠠᠨ ᠢᠯᠡᠷᠡᠭᠦᠯᠦᠭᠰᠡᠨ ᠪᠠᠶᠢᠨ᠎ᠠ᠃ 
333.webp.png
 
444.webp.png
 
555.webp.png
       ᠬᠤᠷᠴᠠ ᠰᠢᠷᠦᠭᠦᠨ ᠤᠷᠤᠯᠳᠤᠭᠠᠨ ᠵᠢᠴᠢ ᠲᠤᠰᠬᠠᠢ ᠮᠡᠷᠭᠡᠵᠢᠯᠲᠡᠨ ᠤ ᠰᠢᠯᠭᠠᠷᠠᠭᠤᠯᠬᠤ ᠺᠣᠮᠢᠰ ᠤᠨ ᠨᠠᠷᠢᠨ ᠨᠢᠮᠪᠠᠢ ᠲᠤᠰᠬᠠᠢ ᠮᠡᠷᠭᠡᠵᠢᠯ ᠤᠨ ᠬᠤᠪᠢ ᠰᠢᠯᠭᠠᠷᠠᠭᠤᠯᠤᠯᠲᠠ ᠪᠠᠷ ᠳᠡᠮᠵᠢᠨ᠂ ᠡᠴᠦᠰ ᠲᠡᠭᠡᠨ ᠪᠤᠭᠤᠲᠤ ᠬᠤᠲᠠ ᠶᠢᠨ ᠲᠥᠯᠥᠭᠡᠯᠡᠭᠴᠢᠳ ᠤᠨ ᠠᠩᠭᠢ ᠪᠦᠯᠬᠦᠮ ᠤᠨ ᠨᠢᠭᠡᠳᠦᠭᠡᠷ ᠳᠡᠰ ᠤᠨ ᠱᠠᠩᠨᠠᠯ ᠭᠥᠷᠳᠡᠪᠡ︔ ᠬᠥᠬᠡᠬᠤᠲᠠ ᠶᠢᠨ ᠲᠥᠯᠥᠭᠡᠯᠡᠭᠴᠢᠳ ᠤᠨ ᠠᠩᠭᠢ᠂ ᠤᠯᠠᠭᠠᠨᠴᠠᠪ ᠬᠤᠲᠠ ᠶᠢᠨ ᠲᠥᠯᠥᠭᠡᠯᠡᠭᠴᠢᠳ ᠤᠨ ᠠᠩᠭᠢ ᠪᠦᠯᠬᠦᠮ ᠤᠨ ᠬᠤᠶᠠᠳᠤᠭᠠᠷ ᠳᠡᠰ ᠤᠨ ᠱᠠᠩᠨᠠᠯ ᠭᠥᠷᠳᠡᠪᠡ︔ ᠪᠠᠶᠠᠨᠨᠠᠭᠤᠷ ᠬᠤᠳᠠ᠂ ᠲᠦᠩᠯᠢᠶᠣᠣ ᠬᠤᠳᠠ᠂ ᠤᠯᠠᠭᠠᠨᠬᠠᠳᠠ ᠬᠤᠳᠠ ᠶᠢᠨ ᠲᠥᠯᠥᠭᠡᠯᠡᠭᠴᠢ ᠪᠦᠯᠬᠦᠮ ᠤᠨ ᠭᠤᠷᠪᠠᠳᠤᠭᠠᠷ ᠳᠡᠰ ᠤᠨ ᠱᠠᠩᠨᠠᠯ ᠬᠦᠷᠳᠡᠪᠡ᠃ ᠪᠤᠭᠤᠲᠤ ᠬᠤᠳᠠ ᠶᠢᠨ ᠣᠷᠤᠯᠴᠠᠭᠴᠢ ᠯᠢᠦ ᠰᠢᠶᠠᠩ ᠳ᠋ᠦᠩ ᠬᠤᠪᠢ ᠬᠥᠮᠥᠨ ᠤ ᠨᠢᠭᠡᠳᠦᠭᠡᠷ ᠳᠡᠰ ᠤᠨ ᠱᠠᠩᠨᠠᠯ ᠬᠦᠷᠳᠡᠪᠡ︔ ᠪᠠᠶᠠᠨᠨᠠᠭᠤᠷ ᠬᠤᠳᠠ ᠶᠢᠨ ᠣᠷᠤᠯᠴᠠᠭᠴᠢ ᠵᠠᠩ ᠬᠠᠢ ᠰᠢᠶᠠ᠂ ᠬᠥᠬᠡᠬᠤᠲᠠ ᠶᠢᠨ ᠣᠷᠤᠯᠴᠠᠭᠴᠢ ᠶᠦᠨ ᠮᠧᠩ ᠺᠧ ᠬᠤᠪᠢ ᠬᠥᠮᠥᠨ ᠤ ᠬᠤᠶᠠᠳᠤᠭᠠᠷ ᠳᠡᠰ ᠤᠨ ᠱᠠᠩᠨᠠᠯ ᠬᠦᠷᠳᠡᠪᠡ︔ ᠪᠤᠭᠤᠲᠤ ᠬᠤᠳᠠ ᠶᠢᠨ ᠣᠷᠤᠯᠴᠠᠭᠴᠢ ᠵᠠᠩ ᠵᠢᠶᠠᠨ ᠷᠦ᠂ ᠤᠯᠠᠭᠠᠨᠴᠠᠪ ᠬᠤᠳᠠ ᠶᠢᠨ ᠣᠷᠤᠯᠴᠠᠭᠴᠢ ᠸᠠᠩ ᠴᠢᠶᠠᠩ᠂ ᠬᠥᠬᠡᠬᠤᠲᠠ ᠶᠢᠨ ᠣᠷᠤᠯᠴᠠᠭᠴᠢ ᠮᠦ ᡁᠢ ᠯᠢᠩ ᠰᠢᠯᠢᠳᠡᠭ ᠬᠤᠪᠢ ᠬᠥᠮᠥᠨ ᠤ ᠱᠠᠩᠨᠠᠯ ᠬᠦᠷᠳᠡᠪᠡ᠃ 
666.webp.png
       10 ᠰᠠᠷ᠎ᠠ ᠶᠢᠨ 24 ᠤ ᠡᠳᠦᠷ ᠤᠨ ᠦᠳᠡ ᠶᠢᠨ ᠬᠤᠶᠢᠨ᠎ᠠ᠂ ᠮᠦᠷᠦᠶᠢᠴᠡᠭᠡᠨ ᠤᠷᠤᠯᠳᠤᠭᠠᠨ ᠤ ᠱᠠᠩᠨᠠᠯ ᠣᠯᠭᠤᠬᠤ ᠶᠣᠰᠣᠯᠠᠯ ᠶᠠᠪᠤᠭᠤᠯᠵᠤ᠂ ᠱᠠᠩᠨᠠᠯ ᠣᠯᠣᠭᠰᠠᠨ ᠡᠩᠨᠡᠭᠡ ᠵᠢᠴᠢ ᠣᠷᠣᠯᠴᠠᠭᠰᠠᠳ ᠲᠤ ᠱᠠᠩᠨᠠᠯ ᠤᠨ ᠬᠤᠨᠳᠠᠭ᠎ᠠ ᠪᠠ ᠢᠷᠠᠭᠤ ᠠᠯᠳᠠᠷ ᠤᠨ ᠦᠨᠡᠮᠯᠡᠯ ᠣᠯᠭᠤᠪᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠬᠠᠢ ᠱᠠᠨ ᠳ᠋ᠦᠩᠨᠡᠯᠲᠡ ᠶᠢᠨ ᠶᠠᠷᠢᠶ᠎ᠠ ᠲᠠᠯᠪᠢᠵᠤ᠂ ᠣᠶᠢᠷ᠎ᠠ ᠶᠢᠨ ᠵᠢᠯ ᠤᠨ ᠲᠤᠷᠰᠢᠬᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠡᠯ᠎ᠡ ᠱᠠᠲᠤᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ ᠲᠠᠯ᠎ᠠ ᠪᠠᠷ ᠣᠯᠣᠭᠰᠠᠨ ᠠᠵᠢᠯ ᠤᠨ ᠦᠷ᠎ᠡ ᠪᠦᠲᠦᠮᠵᠢ ᠶᠢ ᠭᠦᠢᠴᠡᠳ ᠨᠤᠲᠠᠯᠠᠵᠤ᠂ ᠣᠳᠣᠬᠠᠨ ᠤ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠴᠢᠳᠠᠪᠤᠷᠢ ᠳᠤ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠭᠦᠨᠵᠡᠭᠡᠢ ᠵᠠᠳᠠᠯᠬᠤ ᠶᠢᠨ ᠬᠠᠮᠲᠤ ᠲᠠᠷᠠᠭᠠᠴᠢ ᠶᠢᠨ ᠠᠯᠬᠤᠮ ᠤᠨ ᠴᠢᠨᠠᠷ ᠰᠠᠶᠢᠲᠠᠢ ᠠᠬᠢᠭᠤᠯᠬᠤ ᠠᠵᠢᠯ᠂ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠴᠢᠳᠠᠪᠤᠷᠢ ᠶᠢ ᠲᠦᠷᠭᠡᠳᠬᠡᠨ ᠳᠡᠭᠡᠭᠰᠢᠯᠡᠭᠦᠯᠬᠦ ᠲᠠᠯ᠎ᠠ ᠪᠠᠷ ᠲᠣᠳᠣᠷᠬᠠᠢ ᠱᠠᠭᠠᠷᠳᠠᠯᠭ᠎ᠠ ᠳᠤᠷᠠᠳᠪᠠ᠃      ᠲᠣᠰ ᠤᠳᠠᠭ᠎ᠠ ᠶᠢᠨ ᠤᠷᠤᠯᠳᠤᠭᠠᠨ ᠤ ᠠᠵᠢᠯᠯᠠᠭ᠎ᠠ ᠨᠢ ᠤᠷᠤᠯᠳᠤᠭᠠᠨ ᠢᠶᠠᠷ ᠰᠤᠷᠤᠯᠴᠠᠯᠭ᠎ᠠ ᠶᠢ ᠠᠬᠢᠭᠤᠯᠬᠤ᠂ ᠰᠢᠯᠭᠠᠯᠲᠠ ᠪᠠᠷ ᠪᠣᠯᠪᠠᠰᠤᠷᠠᠯ ᠢ ᠠᠬᠢᠭᠤᠯᠬᠤ ᠠᠷᠭ᠎ᠠ ᠮᠠᠶ᠋ᠢᠭ ᠢᠶᠠᠷ ᠳᠡᠮᠵᠢᠨ᠂ ᠨᠢᠭᠡ ᠲᠠᠯ᠎ᠠ ᠪᠠᠷ ᠥᠷᠭᠡᠨ ᠣᠯᠠᠨ ᠨᠢᠭᠡᠳᠦᠭᠡᠷ ᠹᠷᠣᠨᠲ ᠤᠨ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ᠂ ᠲᠠᠰ ᠳᠠᠷᠠᠭᠠᠵᠢᠭᠤᠯᠬᠤ ᠲᠠᠯ᠎ᠠ ᠪᠠᠷ ᠣᠷᠣᠰᠢᠵᠤ ᠪᠠᠶᠢᠭ᠎ᠠ ᠪᠠᠭᠤᠷᠠᠢ ᠲᠠᠯ᠎ᠠ ᠶᠢ ᠣᠨᠣᠪᠴᠢᠲᠠᠶ ᠡᠷᠢᠨ ᠭᠠᠷᠭᠠᠵᠠᠢ︔ ᠨᠥᠭᠦᠭᠡ ᠲᠠᠯ᠎ᠠ ᠪᠠᠷ᠂ ᠬᠠᠤᠯᠢ ᠬᠡᠷᠡᠭᠵᠢᠭᠦᠯᠬᠦ ᠠᠵᠢᠯᠲᠠᠨ ᠤ ᠰᠤᠷᠤᠯᠴᠠᠯᠭ᠎ᠠ ᠪᠠᠨ ᠴᠢᠩᠭᠠᠳᠬᠠᠬᠤ᠂ ᠴᠢᠳᠠᠪᠤᠷᠢ ᠪᠠᠨ ᠳᠡᠭᠡᠭᠰᠢᠯᠡᠭᠦᠯᠬᠦ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠲᠤᠶᠢᠯ ᠤᠨ ᠶᠡᠭᠡ ᠪᠠᠷ ᠬᠥᠭᠵᠢᠭᠡᠵᠦ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠤ ᠪᠠᠲᠤ ᠴᠢᠩᠭ᠎ᠠ ᠬᠠᠤᠯᠢ ᠬᠡᠷᠡᠭᠵᠢᠭᠦᠯᠬᠦ ᠪᠠᠲᠤᠯᠠᠭ᠎ᠠ ᠬᠠᠩᠭᠠᠭᠰᠠᠨ ᠪᠠᠶᠢᠨ᠎ᠠ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号