ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠮᠠᠨᠵᠤᠤᠷ ᠬᠤᠲᠠ ᠶᠢᠨ ᠲᠠᠷᠢᠶᠠᠯᠠᠩ | ᠮᠠᠯ ᠠᠵᠤ ᠠᠬᠤᠢ ᠤᠰᠤᠨ ᠠᠰᠢᠭᠯᠠᠯᠲᠠ ᠶᠢᠨ ᠲᠣᠪᠴᠢᠶ᠎ᠠ᠂ ᠡᠷᠢᠶᠡᠨ ᠬᠤᠲᠠ ᠶᠢᠨ ᠲᠠᠷᠢᠶᠠᠯᠠᠩ ᠮᠠᠯ ᠠᠵᠤ ᠠᠬᠤᠢ | ᠪᠠ ᠤᠰᠤᠨ ᠤ ᠶᠠᠪᠤᠳᠠᠯ ᠤᠨ ᠲᠣᠪᠴᠢᠶ᠎ᠠ ᠳᠤ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ | ᠪᠦᠲᠦᠭᠡᠨ ᠪᠠᠶᠢᠭᠤᠯᠤᠯᠲᠠ ᠬᠢᠭᠡᠳ ᠬᠠᠮᠢᠶᠠᠷᠤᠯᠲᠠ ᠶᠢᠨ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠮᠢᠲᠠᠨ ᠲᠡᠵᠢᠭᠡᠬᠦ ᠲᠠᠯᠠᠪᠠᠶ ᠵᠡᠷᠭᠡ ᠲᠠᠯᠠᠪᠤᠷ ᠤᠨ ᠠᠮᠢᠲᠠᠨ ᠤ ᠬᠢᠵᠢᠭ ᠢ ᠰᠡᠷᠭᠡᠶᠢᠯᠡᠬᠦ ᠨᠥᠬᠦᠴᠡᠯ ᠤᠨ | ᠭᠠᠵᠠᠷ ᠰᠣᠩᠭᠤᠬᠤ ᠲᠦᠭᠰᠢᠭᠦᠷᠢ ᠶᠢ ᠦᠨᠡᠯᠡᠨ ᠵᠢᠱᠢᠬᠦ ᠠᠷᠭ᠎ᠠ ︵ᠲᠤᠷᠰᠢᠨ ᠬᠡᠷᠡᠭᠵᠢᠭᠦᠯᠬᠦ︶︾ ᠪᠠ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠯᠭᠠᠨ | ᠬᠢᠨᠠᠵᠤ ᠦᠨᠡᠯᠡᠨ ᠵᠢᠱᠢᠬᠦ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ | ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠵᠢᠷᠤᠮᠯᠠᠨ ᠬᠡᠷᠡᠭᠵᠢᠭᠦᠯᠲᠦᠭᠡᠢ᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ | 2024 ᠣᠨ ᠤ 10 ᠰᠠᠷ᠎ᠠ ᠶᠢᠨ 25 ᠤ ᠡᠳᠦᠷ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ | ᠪᠦᠲᠦᠭᠡᠨ ᠪᠠᠶᠢᠭᠤᠯᠤᠯᠲᠠ ᠬᠢᠭᠡᠳ ᠬᠠᠮᠢᠶᠠᠷᠤᠯᠲᠠ ᠶᠢᠨ ᠠᠷᠭ᠎ᠠ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠪᠦᠲᠦᠭᠡᠨ ᠪᠠᠶᠢᠭᠤᠯᠤᠯᠲᠠ | ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠠᠮᠢᠳᠤ ᠪᠣᠳᠠᠰ ᠤᠨ ᠠᠮᠤᠷ ᠲᠦᠪᠰᠢᠨ ᠤ | ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠬᠦ ᠪᠠ ᠠᠷᠢᠯᠭᠠᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠠᠮᠢᠲᠠᠨ ᠤ ᠬᠢᠵᠢᠭ ᠢ ᠰᠡᠷᠭᠡᠶᠢᠯᠡᠬᠦ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠠᠮᠢᠳᠤ ᠪᠣᠳᠠᠰ ᠤᠨ ᠠᠮᠤᠷ ᠲᠦᠪᠰᠢᠨ ᠤ ᠬᠠᠤᠯᠢ︾ ︽ᠡᠪᠡᠳᠴᠢᠨ ᠡᠭᠦᠰᠬᠡᠭᠴᠢ ᠮᠢᠺᠷᠣᠪ ᠤᠨ | ᠲᠤᠷᠰᠢᠯᠲᠠ ᠶᠢᠨ ᠲᠠᠰᠤᠭ ᠤᠨ ᠠᠮᠢᠳᠤ ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ︾ | ︽ᠲᠤᠷᠰᠢᠯᠲᠠ ᠶᠢᠨ ᠲᠠᠰᠤᠭ ᠤᠨ ᠠᠮᠢᠳᠤ ᠪᠣᠳᠠᠰ ᠤᠨ ᠠᠮᠤᠷ ᠲᠦᠪᠰᠢᠨ ᠤ ᠨᠡᠶᠢᠳᠡᠮ ᠬᠡᠷᠡᠭᠯᠡᠬᠦ ᠱᠠᠭᠠᠷᠳᠠᠯᠭ᠎ᠠ︾ ᠵᠡᠷᠭᠡ | ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠪᠠᠨ | ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ | ᠭᠡᠳᠡᠭ ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ᠂ ᠡᠭᠦᠨ ᠳᠤ ᠥᠪᠡᠷᠲᠡᠭᠡᠨ | ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠲᠣᠭᠤᠷᠢᠭ ᠭᠤᠷᠪᠠᠨ ᠱᠠᠲᠤᠨ ᠤ ᠠᠮᠢᠲᠠᠨ ᠤ ᠬᠢᠵᠢᠭ | ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠶᠢᠨ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ᠂ ᠳᠡᠭᠡᠳᠦ | ᠵᠡᠷᠭᠡ ᠶᠢᠨ ᠡᠪᠡᠳᠴᠢᠨ ᠡᠭᠦᠰᠬᠡᠬᠦ ᠮᠢᠺᠷᠣᠪ ᠤᠨ ᠲᠤᠷᠰᠢᠯᠲᠠ ᠶᠢᠨ ᠲᠠᠰᠤᠭ᠂ ᠳᠡᠭᠡᠳᠦ ᠰᠤᠷᠭᠠᠭᠤᠯᠢ᠂ ᠰᠢᠨᠵᠢᠯᠡᠬᠦ | ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠪᠣᠭᠤᠮᠲᠠ ᠵᠡᠷᠭᠡ ᠰᠠᠯᠠᠭ᠎ᠠ ᠮᠥᠴᠢᠷ ᠵᠢᠴᠢ ᠮᠠᠯ ᠤᠨ ᠡᠮ | ᠦᠢᠯᠡᠳᠪᠦᠷᠢᠯᠡᠬᠦ ᠠᠵᠤ ᠠᠬᠤᠶᠢᠯᠠᠯ ᠤᠨ ᠲᠤᠷᠰᠢᠯᠲᠠ ᠶᠢᠨ ᠲᠠᠰᠤᠭ᠂ ᠭᠤᠷᠪᠠᠳᠠᠭᠢ ᠡᠲᠡᠭᠡᠳ ᠤᠨ ᠪᠠᠶᠢᠴᠠᠭᠠᠨ | ᠰᠢᠯᠭᠠᠬᠤ ᠪᠠᠶᠢᠭᠤᠯᠤᠮᠵᠢ ᠶᠢᠨ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠵᠢᠴᠢ ᠲᠡᠵᠢᠭᠡᠨ ᠦᠷᠡᠵᠢᠭᠦᠯᠬᠦ ᠲᠠᠯᠠᠪᠠᠢ᠂ | ᠨᠢᠲᠤᠯᠬᠤ ᠲᠠᠯᠠᠪᠠᠢ ᠪᠠ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠬᠤᠣᠷ ᠦᠭᠡᠶᠢᠵᠢᠬᠦᠯᠦᠨ ᠰᠢᠢᠳᠪᠦᠷᠢᠯᠡᠬᠦ | ᠦᠢᠯᠡᠳᠪᠦᠷᠢ ᠵᠡᠷᠭᠡ ᠥᠪᠡᠰᠦᠪᠡᠨ ᠪᠠᠶᠢᠭᠤᠯᠤᠭᠰᠠᠨ ᠥᠪᠡᠰᠦᠪᠡᠨ ᠪᠠᠶᠢᠴᠠᠭᠠᠬᠤ ᠮᠠᠯ ᠡᠮᠨᠡᠯᠭᠡ ᠶᠢᠨ ᠲᠤᠷᠰᠢᠯᠲᠠ ᠶᠢᠨ | ᠲᠠᠰᠤᠭ ᠵᠡᠷᠭᠡ᠃ | ᠭᠤᠷᠪᠠᠳᠠᠭᠢ ᠡᠲᠡᠭᠡᠳ ᠤᠨ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠮᠠᠯ ᠡᠮᠨᠡᠯᠭᠡ ᠶᠢᠨ ᠲᠤᠷᠰᠢᠯᠲᠠ ᠶᠢᠨ | ᠲᠠᠰᠤᠭ ᠨᠢ ᠡᠷᠬᠡᠪᠰᠢ ᠰᠢᠯᠭᠠᠨ ᠪᠠᠶᠢᠴᠠᠭᠠᠯᠲᠠ / ᠪᠠᠶᠢᠴᠠᠭᠠᠨ ᠬᠡᠮᠵᠢᠯᠲᠡ ᠶᠢᠨ ᠮᠡᠳᠡᠭᠦᠯᠦᠯᠲᠡ ᠬᠢᠵᠦ ᠳᠡᠶᠢᠯᠬᠦ ᠬᠠᠤᠯᠢ | ᠶᠣᠰᠣᠴᠢ ᠴᠢᠨᠠᠷ ᠤᠨ ᠬᠢᠷᠢ ᠬᠡᠮ ᠲᠠᠢ ᠪᠠᠶᠢᠵᠤ᠂ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ | ᠴᠠᠭ ᠲᠤᠬᠠᠢ ᠳᠤᠨᠢ ᠬᠢᠨᠠᠨ ᠬᠠᠮᠢᠶᠠᠷᠴᠤ᠂ ᠬᠥᠳᠡᠯᠦᠩᠭᠦᠢ ᠪᠠᠷ ᠲᠣᠬᠢᠷᠠᠭᠤᠯᠬᠤ ᠪᠠ ᠲᠣᠭᠲᠠᠮᠠᠯ ᠬᠤᠭᠤᠴᠠᠭ᠎ᠠ ᠲᠠᠢ ᠪᠠᠷ | ᠦᠨᠡᠯᠡᠨ ᠵᠢᠱᠢᠬᠦ ᠳᠦᠷᠢᠮ ᠢ ᠬᠡᠷᠡᠭᠵᠢᠭᠦᠯᠬᠦ ᠬᠡᠷᠡᠭᠲᠡᠢ᠃ | ᠭᠤᠷᠪᠠᠳᠤᠭᠠᠷ ᠵᠦᠢᠯ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠪᠠ | ᠬᠠᠮᠢᠶᠠᠷᠤᠯᠲᠠ ᠳᠤ ᠨᠢᠭᠡᠳᠦᠯᠲᠡᠢ ᠲᠥᠯᠥᠪᠵᠢᠭᠦᠯᠬᠦ᠂ ᠵᠦᠢ ᠵᠣᠬᠢᠰᠲᠠᠢ ᠪᠠᠶᠢᠷᠢᠯᠠᠭᠤᠯᠬᠤ᠂ ᠠᠮᠤᠷ ᠲᠦᠪᠰᠢᠨ ᠢ | ᠲᠡᠷᠢᠭᠦᠨ ᠳᠤ ᠲᠠᠯᠪᠢᠬᠤ᠂ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠬᠠᠷᠢᠶ᠎ᠠ ᠣᠷᠣᠨ ᠳᠤᠨᠢ ᠬᠠᠮᠢᠶᠠᠷᠤᠭᠤᠯᠬᠤ᠂ ᠱᠠᠲᠤ | ᠬᠤᠪᠢᠶᠠᠨ ᠬᠠᠷᠢᠭᠤᠴᠠᠬᠤ ᠵᠠᠷᠴᠢᠮ ᠢ ᠪᠠᠷᠢᠮᠲᠠᠯᠠᠵᠤ᠂ ᠠᠮᠢᠳᠤ ᠪᠣᠳᠠᠰ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ | ᠠᠷᠭ᠎ᠠ ᠬᠡᠮᠵᠢᠶ᠎ᠡ ᠶᠢ ᠴᠢᠩᠳᠠᠯᠠᠵᠤ᠂ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠵᠣᠬᠢᠴᠠᠩᠭᠤᠢ ᠬᠢᠷᠢ ᠬᠡᠮ ᠢ | ᠣᠯᠬᠤ ᠶᠢᠨ ᠬᠠᠮᠲᠤ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠳᠠᠩᠰᠠᠯᠠᠭᠤᠯᠬᠤ ᠬᠡᠷᠡᠭᠲᠡᠢ᠃ | ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠮᠠᠯ ᠡᠮᠨᠡᠯᠭᠡ ᠶᠢᠨ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠨᠢ ᠪᠥᠬᠦ ᠣᠷᠣᠨ ᠤ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠬᠢᠨᠠᠯᠲᠠ | ᠬᠠᠮᠢᠶᠠᠷᠤᠯᠲᠠ ᠶᠢ ᠬᠠᠷᠢᠭᠤᠴᠠᠵᠤ᠂ ᠠᠮᠢᠳᠠᠨ ᠤ ᠬᠢᠵᠢᠭ ᠡᠪᠡᠳᠴᠢᠨ ᠢ ᠤᠷᠢᠳᠴᠢᠯᠠᠨ ᠰᠡᠷᠭᠡᠶᠢᠯᠡᠨ ᠬᠢᠵᠠᠭᠠᠷᠯᠠᠬᠤ | ᠪᠠᠶᠢᠭᠤᠯᠤᠮᠵᠢ ᠶᠢᠨ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠬᠢᠨᠠᠨ ᠰᠢᠯᠭᠠᠯᠳᠠ ᠶᠢ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠬᠢᠷᠢ ᠲᠡᠩᠴᠡᠭᠰᠡᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ 5 ᠵᠢᠯ ᠪᠣᠯᠣᠨ᠎ᠠ᠃ | ᠬᠦᠴᠦᠨ ᠲᠠᠢ ᠬᠤᠭᠤᠴᠠᠭ᠎ᠠ ᠳᠦᠭᠦᠷᠬᠦ ᠠᠴᠠ ᠡᠮᠦᠨ᠎ᠡ 6 ᠰᠠᠷ᠎ᠠ ᠶᠢᠨ ᠳᠣᠲᠣᠷ᠎ᠠ ᠤᠷᠲᠤᠳᠬᠠᠨ ᠬᠢᠨᠠᠨ ᠰᠢᠯᠭᠠᠭᠤᠯᠬᠤ | ᠭᠤᠶᠤᠴᠢᠯᠠᠯ ᠭᠠᠷᠭᠠᠬᠤ ᠬᠡᠷᠡᠭᠲᠡᠢ᠃ | ᠠᠶᠢᠮᠠᠭ ᠬᠤᠳᠠ᠂ ᠬᠤᠰᠢᠭᠤ ᠰᠢᠶᠠᠨ ᠲᠣᠭᠤᠷᠢᠭ ᠤᠨ ᠱᠠᠲᠤᠨ ᠤ ᠮᠠᠯ ᠡᠮᠨᠡᠯᠭᠡ ᠶᠢᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠨᠢ ᠲᠤᠰ ᠬᠠᠷᠢᠶ᠎ᠠ ᠣᠷᠣᠨ ᠤ ᠪᠠᠨ ᠳᠣᠲᠣᠷᠠᠬᠢ ᠮᠠᠯ ᠡᠮᠨᠡᠯᠭᠡ ᠶᠢᠨ ᠲᠤᠷᠰᠢᠯᠲᠠ ᠶᠢᠨ | ᠲᠠᠰᠤᠭ ᠤᠨ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠶᠢᠨ ᠠᠵᠢᠯ ᠬᠢᠬᠦ ᠶᠢ ᠬᠠᠷᠢᠭᠤᠴᠠᠨ᠎ᠠ᠃ | ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠮᠢᠳᠠᠨ ᠤ ᠬᠢᠵᠢᠭ ᠡᠪᠡᠳᠴᠢᠨ ᠢ ᠤᠷᠢᠳᠴᠢᠯᠠᠨ | ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠪᠥᠬᠦ ᠣᠷᠣᠨ ᠤ ᠮᠡᠷᠭᠡᠵᠢᠯ ᠤᠨ ᠵᠢᠯᠣᠭᠤᠳᠤᠯᠭ᠎ᠠ᠂ ᠮᠠᠯ ᠡᠮᠨᠡᠯᠭᠡ ᠶᠢᠨ | ᠲᠤᠷᠰᠢᠯᠲᠠ ᠶᠢᠨ ᠲᠠᠰᠤᠭ ᠤᠨ ᠠᠮᠢᠳᠤ ᠪᠣᠳᠠᠰ ᠤᠨ ᠠᠶᠤᠯᠭᠦᠢ ᠶᠢ ᠦᠨᠡᠯᠡᠨ ᠵᠢᠱᠢᠬᠦ᠂ ᠴᠢᠳᠠᠪᠤᠷᠢ ᠶᠢ ᠬᠠᠷᠢᠴᠠᠭᠤᠯᠬᠤ᠂ | ᠪᠠᠶᠢᠴᠠᠭᠠᠨ ᠰᠢᠯᠭᠠᠭᠰᠠᠨ ᠦᠷ᠎ᠡ ᠳ᠋ᠦᠩ ᠢ ᠲᠠᠬᠢᠨ ᠬᠢᠨᠠᠬᠤ ᠵᠢᠴᠢ ᠠᠵᠢᠯᠯᠠᠭᠤᠯᠬᠤ ᠪᠣᠯᠪᠠᠰᠤᠷᠠᠯ ᠵᠡᠷᠭᠡ ᠶᠢ ᠵᠣᠬᠢᠶᠠᠨ | ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ︔ ᠠᠶᠢᠮᠠᠭ ᠬᠤᠲᠠ᠂ ᠬᠤᠰᠢᠭᠤ ᠰᠢᠶᠠᠨ ᠲᠣᠭᠤᠷᠢᠭ ᠤᠨ ᠱᠠᠲᠤᠨ ᠤ | ᠠᠮᠢᠲᠠᠨ ᠤ ᠬᠢᠵᠢᠭ ᠡᠪᠡᠳᠴᠢᠨ ᠢ ᠤᠷᠢᠳᠴᠢᠯᠠᠨ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠨᠢ ᠬᠠᠷᠢᠶᠠᠲᠤ ᠣᠷᠣᠨ ᠤ | ᠳᠣᠲᠣᠷᠠᠬᠢ ᠬᠠᠮᠢᠶ᠎ᠠ ᠪᠦᠬᠦᠢ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠲᠤ ᠮᠡᠷᠭᠡᠵᠢᠯ ᠤᠨ ᠵᠢᠯᠣᠭᠤᠳᠤᠯᠭ᠎ᠠ᠂ | ᠪᠠᠶᠢᠴᠠᠭᠠᠨ ᠰᠢᠯᠭᠠᠭᠰᠠᠨ ᠦᠷ᠎ᠡ ᠳ᠋ᠦᠩ ᠪᠠ ᠮᠡᠳᠡᠭᠦᠯᠦᠯᠲᠡ ᠶᠢ ᠬᠠᠷᠭᠤᠭᠤᠯᠤᠨ ᠪᠠᠶᠢᠴᠠᠭᠠᠬᠤ᠂ ᠥᠯᠢᠭᠡᠷ ᠦᠯᠡᠳᠡᠭᠡᠵᠦ | ᠳᠠᠬᠢᠨ ᠬᠢᠨᠠᠬᠤ ᠵᠡᠷᠭᠡ ᠶᠢ ᠬᠠᠷᠢᠭᠤᠴᠠᠨ᠎ᠠ᠃ | ᠵᠢᠷᠭᠤᠳᠤᠭᠠᠷ ᠵᠦᠢᠯ ᠨᠢᠭᠡᠴᠡ ᠶᠢᠨ ᠬᠠᠷᠢᠭᠤᠴᠠᠯᠭᠠᠲᠠᠨ ᠨᠢ ᠲᠤᠷᠰᠢᠯᠲᠠ ᠶᠢᠨ ᠲᠠᠰᠤᠭ ᠤᠨ ᠠᠮᠢᠳᠤ | ᠪᠣᠳᠠᠰ ᠤᠨ ᠠᠮᠤᠷ ᠲᠦᠪᠰᠢᠨ ᠤ ᠭᠤᠣᠯ ᠬᠠᠷᠢᠭᠤᠴᠠᠯᠭᠠᠲᠠᠨ ᠪᠠᠶᠢᠵᠤ᠂ ᠮᠠᠯ ᠡᠮᠨᠡᠯᠭᠡ ᠶᠢᠨ ᠲᠤᠷᠰᠢᠯᠲᠠ ᠶᠢᠨ | ᠲᠠᠰᠤᠭ ᠤᠨ ᠬᠠᠷᠢᠭᠤᠴᠠᠯᠭᠠᠲᠠᠨ ᠨᠢ ᠲᠤᠷᠰᠢᠯᠲᠠ ᠶᠢᠨ ᠲᠠᠰᠤᠭ ᠤᠨ ᠠᠮᠢᠳᠤ ᠪᠣᠳᠠᠰ ᠤᠨ ᠠᠮᠤᠷ ᠲᠦᠪᠰᠢᠨ ᠤ | ᠨᠢᠭᠡᠳᠦᠭᠡᠷ ᠬᠠᠷᠢᠭᠤᠴᠠᠯᠭᠠᠲᠠᠨ ᠪᠣᠯᠣᠨ᠎ᠠ᠃ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠪᠠᠶᠢᠭᠤᠯᠬᠤ ᠨᠢᠭᠡᠴᠡ | ᠠᠮᠢᠳᠤ ᠪᠣᠳᠠᠰ ᠤᠨ ᠠᠮᠤᠷ ᠲᠦᠪᠰᠢᠨ ᠪᠠ ᠠᠮᠤᠷ ᠲᠦᠪᠰᠢᠨ ᠢ ᠬᠠᠮᠠᠭᠠᠯᠠᠬᠤ ᠳᠦᠷᠢᠮ ᠢ ᠪᠠᠶᠢᠭᠤᠯᠤᠨ | ᠲᠡᠭᠦᠯᠳᠡᠷᠵᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠥᠪᠡᠷ ᠢ ᠪᠠᠨ ᠪᠠᠶᠢᠴᠠᠭᠠᠬᠤ ᠠᠵᠢᠯ ᠢ ᠥᠷᠨᠢᠭᠦᠯᠵᠦ᠂ ᠠᠮᠢᠳᠤ | ᠪᠣᠳᠠᠰ ᠤᠨ ᠠᠮᠤᠷ ᠲᠦᠪᠰᠢᠨ ᠤ ᠲᠠᠯᠳᠠ ᠭᠡᠮ ᠢ ᠴᠠᠭ ᠲᠤᠬᠠᠢ ᠳᠤᠨᠢ ᠣᠯᠵᠤ ᠮᠡᠳᠡᠬᠦ ᠶᠢᠨ ᠬᠠᠮᠲᠤ ᠠᠷᠢᠯᠭᠠᠵᠤ᠂ | ᠭᠠᠯ ᠢ ᠰᠡᠷᠭᠡᠶᠢᠯᠡᠬᠦ᠂ ᠳᠡᠯᠪᠡᠷᠡᠬᠦ ᠶᠢ ᠰᠡᠷᠭᠡᠶᠢᠯᠡᠬᠦ᠂ ᠬᠤᠯᠠᠭᠠᠶᠢᠯᠠᠬᠤ ᠶᠢ ᠰᠡᠷᠭᠡᠶᠢᠯᠡᠬᠦ ᠪᠠ ᠵᠠᠳᠠᠷᠠᠭᠤᠯᠬᠤ ᠶᠢ ᠰᠡᠷᠭᠡᠶᠢᠯᠡᠬᠦ | ᠵᠡᠷᠭᠡ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠦᠲᠦᠮᠵᠢᠲᠡᠢ ᠨᠠᠶᠢᠳᠠᠪᠤᠷᠢᠵᠢᠭᠤᠯᠬᠤ ᠬᠡᠷᠡᠭᠲᠡᠢ᠃ ᠬᠠᠭᠠᠰ ᠵᠢᠯ ᠪᠦᠷᠢ | ᠠᠵᠢᠯᠲᠠᠳ ᠲᠤ ᠪᠣᠯᠪᠠᠰᠤᠷᠠᠯ ᠬᠢᠵᠦ᠂ ᠲᠡᠳᠡᠨ ᠤ ᠬᠠᠮᠢᠶ᠎ᠠ ᠪᠦᠬᠦᠢ ᠮᠡᠷᠭᠡᠵᠢᠯ ᠤᠨ ᠵᠢᠷᠤᠮᠵᠢᠯ᠂ ᠠᠵᠢᠯᠯᠠᠬᠤ ᠳᠦᠷᠢᠮ ᠪᠠ | ᠠᠮᠢᠳᠤ ᠪᠣᠳᠠᠰ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠮᠡᠳᠡᠯᠭᠡ ᠶᠢ ᠡᠵᠡᠮᠰᠢᠬᠦ ᠶᠢ ᠪᠠᠲᠤᠯᠠᠬᠤ ᠬᠡᠷᠡᠭᠲᠡᠢ᠃ | ᠳᠣᠯᠣᠳᠤᠭᠠᠷ ᠵᠦᠢᠯ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠨᠢ ᠠᠮᠢᠲᠠᠨ ᠤ ᠬᠢᠵᠢᠭ ᠡᠪᠡᠳᠴᠢᠨ ᠢ | ᠪᠠᠶᠢᠴᠠᠭᠠᠨ ᠰᠢᠯᠭᠠᠬᠤ ᠠᠵᠢᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠭᠦᠢᠴᠡᠳᠬᠡᠵᠦ᠂ ᠪᠤᠰᠤᠳᠴᠢ ᠪᠥᠭᠡᠳ | ᠪᠡᠶ᠎ᠡ ᠪᠠᠨ ᠳᠠᠭᠠᠭᠠᠬᠤ᠂ ᠡᠷᠬᠡ ᠲᠡᠭᠰᠢ ᠲᠥᠪ ᠭᠤᠣᠯᠴᠢ᠂ ᠦᠨᠡᠨᠴᠢ ᠢᠲᠡᠭᠡᠮᠵᠢᠲᠡᠢ ᠪᠠᠶᠢᠬᠤ ᠵᠠᠷᠴᠢᠮ ᠢ ᠵᠢᠷᠤᠮᠯᠠᠬᠤ | ᠬᠡᠷᠡᠭᠲᠡᠢ᠃ ᠪᠦᠷᠢᠨ ᠲᠡᠭᠦᠯᠳᠡᠷ ᠳᠦᠷᠢᠮ ᠲᠣᠭᠲᠠᠭᠠᠯ ᠪᠠ ᠪᠠᠶᠢᠴᠠᠭᠠᠨ ᠰᠢᠯᠭᠠᠬᠤ ᠴᠤᠪᠤᠷᠠᠯ ᠢ ᠲᠣᠭᠲᠠᠭᠠᠵᠤ᠂ | ᠪᠠᠶᠢᠴᠠᠭᠠᠨ ᠰᠢᠯᠭᠠᠭᠰᠠᠨ ᠦᠷ᠎ᠡ ᠳ᠋ᠦᠩ ᠤᠨ ᠦᠨᠡᠨ ᠪᠣᠳᠠᠲᠠᠢ᠂ ᠣᠨᠣᠪᠴᠢᠲᠠᠶ᠂ ᠪᠤᠰᠤᠳᠴᠢ᠂ ᠲᠥᠪ ᠭᠤᠥᠯᠴᠢ | ᠪᠠᠶᠢᠬᠤ ᠶᠢ ᠪᠠᠲᠤᠯᠠᠨ᠂ ᠴᠠᠭ ᠬᠤᠭᠤᠴᠠᠭᠠᠲᠤ ᠴᠢᠨᠠᠷ᠂ ᠨᠡᠬᠡᠮᠵᠢᠯᠡᠵᠦ ᠪᠣᠯᠬᠤᠶᠢᠴ᠊ᠠ ᠴᠢᠨᠠᠷ ᠲᠠᠢ ᠪᠠᠶᠢᠵᠤ᠂ ᠵᠣᠬᠢᠰ ᠦᠭᠡᠢ | ᠬᠦᠴᠦᠨ ᠵᠦᠢᠯ ᠳᠤ ᠨᠥᠯᠥᠭᠡᠯᠡᠭᠳᠡᠬᠦ ᠦᠭᠡᠢ᠂ ᠬᠤᠳᠠᠯ ᠬᠠᠭᠤᠷᠮᠠᠭ ᠪᠤᠶᠤ ᠲᠣᠭᠲᠠᠭᠠᠯ ᠳᠤ ᠥᠯᠥ ᠨᠡᠶᠢᠴᠡᠬᠦ ᠰᠢᠯᠭᠠᠨ | ᠪᠠᠶᠢᠴᠠᠭᠠᠯᠲᠠ / ᠪᠠᠶᠢᠴᠠᠭᠠᠨ ᠬᠡᠮᠵᠢᠯᠲᠡ ᠶᠢᠨ ᠮᠡᠳᠡᠭᠦᠯᠦᠯᠲᠡ ᠭᠠᠷᠭᠠᠬᠤ ᠦᠭᠡᠢ ᠪᠠᠶᠢᠬᠤ ᠬᠡᠷᠡᠭᠲᠡᠢ᠃ | ᠬᠤᠶᠠᠳᠤᠭᠠᠷ ᠪᠦᠯᠦᠭ ᠪᠦᠲᠦᠭᠡᠨ ᠪᠠᠶᠢᠭᠤᠯᠬᠤ ᠱᠠᠭᠠᠷᠳᠠᠯᠭ᠎ᠠ | ᠨᠠᠢᠮᠠᠳᠤᠭᠠᠷ ᠵᠦᠢᠯ ᠲᠤᠬᠠᠢ ᠶᠢᠨ ᠭᠠᠵᠠᠷ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ | ᠬᠥᠭᠵᠢᠯᠲᠡ ᠪᠠ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠣᠳᠣᠬᠢ ᠪᠠᠶᠢᠳᠠᠯ ᠲᠠᠢ | ᠤᠶᠠᠯᠳᠤᠭᠤᠯᠤᠨ᠂ ᠨᠢᠭᠡᠳᠦᠯᠲᠡᠢ ᠲᠥᠯᠥᠪᠵᠢᠭᠦᠯᠦᠨ᠂ ᠵᠦᠢ ᠵᠣᠬᠢᠰᠲᠠᠢ ᠪᠠᠶᠢᠷᠢᠯᠠᠭᠤᠯᠵᠤ᠂ ᠮᠠᠯ ᠡᠮᠨᠡᠯᠭᠡ ᠶᠢᠨ | ᠲᠤᠷᠰᠢᠯᠲᠠ ᠶᠢᠨ ᠲᠠᠰᠤᠭ ᠢ ᠲᠥᠯᠥᠪᠯᠡᠭᠡ ᠲᠠᠢ᠂ ᠭᠤᠣᠯᠳᠠᠯᠭ᠎ᠠ ᠲᠠᠢ ᠪᠠᠷ ᠪᠦᠲᠦᠭᠡᠨ ᠪᠠᠶᠢᠭᠤᠯᠵᠤ᠂ ᠵᠣᠬᠢᠬᠤ | ᠬᠡᠮᠵᠢᠶᠡᠨ ᠤ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠶᠢ ᠪᠠᠲᠤᠯᠠᠵᠤ᠂ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠶᠢ | ᠬᠡᠷᠡᠭᠵᠢᠭᠦᠯᠦᠨ᠎ᠡ᠃ | ᠶᠢᠰᠦᠳᠦᠭᠡᠷ ᠵᠦᠢᠯ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠭᠠᠵᠠᠷ ᠰᠣᠩᠭᠤᠬᠤ᠂ ᠵᠢᠷᠤᠵᠤ | ᠲᠥᠯᠥᠪᠯᠡᠬᠦ ᠪᠠ ᠪᠠᠶᠢᠭᠤᠯᠬᠤ ᠵᠡᠷᠭᠡ ᠨᠢ ᠡᠷᠬᠢᠨ ᠲᠣᠭᠤᠷᠢᠨ ᠤ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢ | ᠪᠣᠳᠣᠯᠬᠢᠯᠠᠵᠤ᠂ ︽ᠠᠮᠢᠳᠤ ᠪᠣᠳᠠᠰ ᠤᠨ ᠠᠶᠤᠯᠭᠦᠢ ᠶᠢᠨ ᠲᠤᠷᠰᠢᠯᠲᠠ ᠶᠢᠨ ᠲᠠᠰᠤᠭ ᠤᠨ ᠪᠠᠷᠢᠯᠭ᠎ᠠ ᠶᠢᠨ ᠮᠡᠷᠭᠡᠵᠢᠯ ᠤᠨ | ᠵᠢᠷᠤᠮᠵᠢᠯ︾᠂ ︽ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠠᠮᠢᠳᠤ ᠪᠣᠳᠠᠰ ᠤᠨ ᠠᠶᠤᠯᠭᠦᠢ ᠶᠢᠨ | ᠬᠠᠮᠢᠶᠠᠷᠤᠯᠲᠠ ᠶᠢᠨ ᠵᠢᠷᠤᠮᠵᠢᠯ︾᠂ ︽ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠲᠤᠷᠰᠢᠯᠲᠠ ᠶᠢᠨ ᠲᠠᠰᠤᠭ ᠤᠨ | ᠵᠢᠷᠤᠭ ᠲᠥᠯᠥᠪᠯᠡᠭᠡ ᠬᠢᠭᠡᠳ ᠪᠦᠲᠦᠭᠡᠨ ᠪᠠᠶᠢᠭᠤᠯᠤᠯᠲᠠ ᠶᠢᠨ ᠮᠡᠷᠭᠡᠵᠢᠯ ᠤᠨ ᠱᠠᠭᠠᠷᠳᠠᠯᠭ᠎ᠠ︾ ᠶᠢᠨ ᠲᠣᠭᠲᠠᠭᠠᠯ ᠳᠤ | ᠨᠡᠶᠢᠴᠡᠵᠦ᠂ ᠠᠮᠢᠳᠤ ᠪᠣᠳᠠᠰ ᠤᠨ ᠠᠶᠤᠯᠭᠦᠢ ᠶᠢᠨ ᠬᠠᠮᠠᠭᠠᠯᠠᠯᠲᠠ ᠶᠢᠨ ᠲᠡᠰ ᠨᠢ ᠲᠡᠭᠦᠨ ᠤ ᠬᠢᠵᠦ ᠪᠠᠶᠢᠭ᠎ᠠ | ᠲᠤᠷᠰᠢᠯᠲᠠ ᠶᠢᠨ ᠠᠵᠢᠯᠯᠠᠭ᠎ᠠ ᠲᠠᠢ ᠪᠠᠨ ᠵᠤᠬᠢᠴᠠᠯᠳᠤᠬᠤ ᠬᠡᠷᠡᠭᠳᠡᠢ᠃ | ᠠᠷᠪᠠᠳᠤᠭᠠᠷ ᠵᠦᠢᠯ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ᠂ | ᠭᠤᠷᠪᠠᠳᠠᠭᠢ ᠡᠲᠡᠭᠡᠳ ᠤᠨ ᠪᠠᠶᠢᠴᠠᠭᠠᠨ ᠰᠢᠯᠭᠠᠬᠤ ᠪᠠᠶᠢᠭᠤᠯᠤᠮᠵᠢ᠂ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ ᠭᠠᠵᠠᠷ᠂ ᠪᠣᠭᠤᠮᠲᠠ ᠶᠢᠨ ᠰᠠᠯᠠᠭ᠎ᠠ ᠮᠥᠴᠢᠷ ᠵᠢᠴᠢ ᠮᠠᠯ ᠤᠨ ᠡᠮ ᠦᠢᠯᠡᠳᠪᠦᠷᠢᠯᠡᠬᠦ ᠠᠵᠤ | ᠠᠬᠤᠶᠢᠯᠠᠯ ᠤᠨ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠨᠢ ᠠᠮᠢᠳᠤ ᠪᠣᠳᠠᠰ ᠤᠨ ᠠᠶᠤᠯᠭᠦᠢ ᠶᠢᠨ Ⅱ | ᠳᠡᠰ ᠤᠨ ᠲᠤᠷᠰᠢᠯᠲᠠ ᠶᠢᠨ ᠲᠠᠰᠤᠭ ᠪᠠᠶᠢᠭᠤᠯᠬᠤ ᠱᠠᠭᠠᠷᠳᠠᠯᠭ᠎ᠠ ᠳᠤ ᠬᠦᠷᠴᠦ᠂ ᠠᠮᠢᠳᠤ ᠪᠣᠳᠠᠰ ᠤᠨ ᠠᠶᠤᠯᠭᠦᠢ ᠶᠢᠨ | ᠵᠡᠷᠭᠡ ᠳᠡᠰ ᠲᠠᠢ ᠵᠣᠬᠢᠴᠠᠯᠳᠤᠭᠰᠠᠨ ᠪᠡᠯᠡᠳᠬᠡᠮᠵᠢ᠂ ᠲᠥᠬᠦᠭᠡᠷᠦᠮᠵᠢ ᠵᠢᠴᠢ ᠰᠡᠷᠭᠡᠶᠢᠯᠡᠨ ᠬᠠᠮᠠᠭᠠᠯᠠᠬᠤ ᠲᠤᠨᠤᠭ | ᠲᠥᠬᠦᠭᠡᠷᠦᠮᠵᠢ ᠶᠢ ᠲᠣᠬᠢᠷᠠᠭᠤᠯᠬᠤ ᠬᠡᠷᠡᠭᠲᠡᠢ᠃ | ᠠᠷᠪᠠᠨ ᠨᠢᠭᠡᠳᠦᠭᠡᠷ ᠵᠦᠢᠯ ᠳᠡᠭᠡᠳᠦ ᠲᠠᠰ ᠤᠨ ᠡᠪᠡᠳᠴᠢᠨ ᠡᠭᠦᠰᠬᠡᠬᠦ ᠮᠢᠺᠷᠣᠪ ᠤᠨ ᠲᠤᠷᠰᠢᠯᠲᠠ ᠶᠢᠨ | ᠲᠠᠰᠤᠭ ᠨᠢ ᠡᠷᠬᠡᠪᠰᠢ ᠠᠮᠢᠳᠤ ᠪᠣᠳᠠᠰ ᠤᠨ ᠠᠮᠤᠷ ᠲᠦᠪᠰᠢᠨ ᠤ Ⅲ ᠲᠠᠰ ᠤᠨ ᠲᠤᠷᠰᠢᠯᠲᠠ ᠶᠢᠨ ᠲᠠᠰᠤᠭ ᠤᠨ | ᠱᠠᠭᠠᠷᠳᠠᠯᠭ᠎ᠠ ᠳᠤ ᠬᠦᠷᠴᠦ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠴᠣᠬᠤᠯᠠᠪᠤᠷᠢᠯᠠᠭᠰᠠᠨ ᠬᠡᠪᠴᠢᠶᠡᠨ | ᠳᠣᠲᠣᠷ᠎ᠠ᠂ ᠵᠣᠬᠢᠬᠤ ᠡᠪᠡᠳᠴᠢᠯᠡᠭᠦᠯᠬᠦ ᠴᠢᠨᠠᠷ ᠢᠶᠠᠷ ᠴᠢᠩᠭ᠎ᠠ ᠠᠮᠢᠲᠠᠨ ᠤ ᠡᠪᠡᠳᠴᠢᠨ ᠡᠭᠦᠰᠬᠡᠬᠦ ᠮᠢᠺᠷᠣᠪ ᠤᠨ | ᠲᠤᠷᠰᠢᠯᠲᠠ ᠶᠢᠨ ᠠᠵᠢᠯᠯᠠᠭ᠎ᠠ ᠶᠢ ᠥᠷᠨᠢᠭᠦᠯᠵᠦ᠂ ᠬᠡᠪᠴᠢᠶ᠎ᠡ ᠠᠴᠠ ᠬᠡᠲᠦᠷᠡᠭᠦᠯᠦᠨ ᠡᠪᠡᠳᠴᠢᠨ ᠤ ᠮᠠᠲ᠋ᠧᠷᠢᠶᠠᠯ | ᠴᠤᠭᠯᠠᠭᠤᠯᠬᠤ ᠪᠠ ᠬᠠᠮᠢᠶ᠎ᠠ ᠪᠦᠬᠦᠢ ᠰᠤᠳᠤᠯᠭᠠᠨ ᠢ ᠴᠢᠩᠭ᠎ᠠ ᠴᠠᠭᠠᠵᠠᠯᠠᠬᠤ ᠬᠡᠷᠡᠭᠳᠡᠢ᠃ | ᠠᠷᠪᠠᠨ ᠬᠤᠶᠠᠳᠤᠭᠠᠷ ᠵᠦᠢᠯ ᠲᠡᠵᠢᠭᠡᠨ ᠦᠷᠡᠵᠢᠭᠦᠯᠬᠦ ᠲᠠᠯᠠᠪᠠᠢ᠂ ᠨᠢᠲᠤᠯᠬᠤ ᠲᠠᠯᠠᠪᠠᠢ᠂ ᠬᠤᠣᠷ | ᠦᠭᠡᠶᠢᠳᠡᠭᠦᠯᠦᠨ ᠰᠢᠢᠳᠪᠦᠷᠢᠯᠡᠬᠦ ᠦᠢᠯᠡᠳᠪᠦᠷᠢ ᠵᠡᠷᠭᠡ ᠥᠪᠡᠰᠦᠪᠡᠨ ᠪᠠᠶᠢᠭᠤᠯᠵᠤ ᠥᠪᠡᠰᠦᠪᠡᠨ ᠪᠠᠶᠢᠴᠠᠭᠠᠬᠤ ᠮᠠᠯ | ᠡᠮᠨᠡᠯᠭᠡ ᠶᠢᠨ ᠲᠤᠷᠰᠢᠯᠲᠠ ᠶᠢᠨ ᠲᠠᠰᠤᠭ ᠨᠢ ᠠᠮᠢᠳᠤ ᠪᠣᠳᠠᠰ ᠤᠨ ᠠᠶᠤᠯᠭᠦᠢ ᠶᠢᠨ ᠱᠠᠭᠠᠷᠳᠠᠯᠭ᠎ᠠ᠂ ᠲᠤᠬᠠᠢ ᠶᠢᠨ | ᠭᠠᠵᠠᠷ ᠤᠨ ᠣᠷᠴᠢᠨ ᠠᠬᠤᠢ ᠶᠢᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ | ᠮᠥᠴᠢᠷ ᠤᠨ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ ᠪᠥᠭᠡᠳ ᠠᠵᠤ ᠠᠬᠤᠶᠢᠯᠠᠯ ᠤᠨ ᠬᠡᠪᠴᠢᠶ᠎ᠡ ᠲᠠᠢ | ᠵᠣᠬᠢᠴᠠᠭᠤᠯᠤᠨ᠂ ᠠᠵᠤ ᠠᠬᠤᠶᠢᠯᠠᠯ ᠤᠨ ᠬᠢᠨᠠᠨ ᠬᠡᠮᠵᠢᠬᠦ ᠬᠡᠷᠡᠭᠴᠡᠭᠡ ᠶᠢ ᠬᠠᠩᠭᠠᠬᠤ ᠬᠡᠷᠡᠭᠲᠡᠢ᠃ | ᠭᠤᠷᠪᠠᠳᠤᠭᠠᠷ ᠪᠦᠯᠦᠭ ᠠᠵᠢᠯᠯᠠᠭᠠᠨ ᠤ ᠬᠠᠮᠢᠶᠠᠷᠤᠯᠲᠠ | ᠠᠷᠪᠠᠨ ᠭᠤᠷᠪᠠᠳᠤᠭᠠᠷ ᠵᠦᠢᠯ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠪᠠᠶᠢᠭᠤᠯᠬᠤ ᠨᠢᠭᠡᠴᠡ ᠨᠢ | ᠬᠠᠤᠯᠢ ᠶᠣᠰᠣᠭᠠᠷ ᠪᠠᠶᠢᠭᠤᠯᠤᠭᠳᠠᠭᠰᠠᠨ ᠬᠠᠤᠯᠢ ᠶᠢᠨ ᠬᠥᠮᠥᠨ ᠤ ᠨᠢᠭᠡᠴᠡ ᠪᠤᠶᠤ ᠪᠤᠰᠤᠳ ᠵᠣᠬᠢᠶᠠᠨ ᠪᠠᠶᠢᠭᠤᠯᠤᠯᠲᠠ | ᠪᠠᠶᠢᠬᠤ ᠬᠡᠷᠡᠭᠲᠡᠢ᠂ ᠲᠡᠷᠡ ᠨᠢ ᠲᠣᠳᠣᠷᠬᠠᠢ ᠬᠠᠤᠯᠢ ᠴᠠᠭᠠᠵᠠ ᠶᠢᠨ ᠪᠠᠶᠢᠷᠢ ᠰᠠᠭᠤᠷᠢ ᠲᠠᠢ ᠪᠠᠶᠢᠵᠤ᠂ ᠬᠢᠵᠦ ᠪᠠᠶᠢᠭ᠎ᠠ | ᠲᠤᠷᠰᠢᠯᠲᠠ ᠶᠢᠨ ᠠᠵᠢᠯᠯᠠᠭ᠎ᠠ ᠳᠠᠭᠠᠨ ᠬᠠᠤᠯᠢ ᠶᠢᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃ | ᠠᠷᠪᠠᠨ ᠳᠥᠷᠪᠡᠳᠦᠭᠡᠷ ᠵᠦᠢᠯ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠨᠢ ᠬᠠᠤᠯᠢ ᠪᠠᠷ | ᠲᠣᠭᠲᠠᠭᠠᠭᠰᠠᠨ ᠪᠠᠶᠢᠭᠤᠯᠤᠮᠵᠢ᠂ ᠵᠥᠪᠰᠢᠶᠡᠷᠡᠯ ᠤᠨ ᠪᠠᠶᠢᠭᠤᠯᠤᠮᠵᠢ ᠶᠢᠨ ᠱᠠᠭᠠᠷᠳᠠᠯᠭ᠎ᠠ ᠶᠢ ᠬᠠᠩᠭᠠᠵᠤ᠂ ᠬᠤᠯᠪᠣᠭᠳᠠᠯ | ᠪᠦᠬᠦᠢ ᠮᠡᠷᠭᠡᠵᠢᠯ ᠤᠨ ᠵᠢᠷᠤᠮᠵᠢᠯ ᠪᠠ ᠪᠠᠷᠢᠮᠵᠢᠶ᠎ᠠ ᠶᠢ ᠵᠢᠷᠤᠮᠯᠠᠵᠤ᠂ ᠲᠤᠷᠰᠢᠯᠲᠠ ᠶᠢᠨ ᠲᠠᠰᠤᠭ ᠤᠨ ᠶᠠᠰᠤ ᠴᠢᠨᠠᠷ ᠪᠠ | ᠠᠮᠢᠳᠤ ᠪᠣᠳᠠᠰ ᠤᠨ ᠠᠶᠤᠯᠭᠦᠢ ᠶᠢᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ ᠠᠵᠢᠯᠯᠠᠭᠤᠯᠵᠤ᠂ ᠡᠯ᠎ᠡ | ᠵᠦᠢᠯ ᠤᠨ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠬᠤ ᠬᠡᠷᠡᠭᠲᠡᠢ᠃ | ᠠᠷᠪᠠᠨ ᠲᠠᠪᠤᠳᠤᠭᠠᠷ ᠵᠦᠢᠯ ᠠᠮᠢᠳᠤ ᠪᠣᠳᠠᠰ ᠤᠨ ᠠᠶᠤᠯᠭᠦᠢ ᠶᠢᠨ ᠬᠠᠮᠢᠶᠠᠷᠤᠯᠲᠠ ᠶᠢ ᠴᠢᠩᠭᠠᠳᠬᠠᠨ᠂ | ᠠᠮᠢᠳᠤ ᠪᠣᠳᠠᠰ ᠤᠨ ᠠᠶᠤᠯᠭᠦᠢ ᠶᠢᠨ ᠬᠠᠮᠢᠶᠠᠷᠤᠯᠲᠠ ᠶᠢᠨ ᠳᠦᠷᠢᠮ ᠬᠢᠭᠡᠳ ᠠᠶᠤᠯᠭᠦᠢ ᠪᠠᠷ ᠠᠵᠢᠯᠯᠠᠬᠤ ᠳᠦᠷᠢᠮ ᠢ | ᠴᠢᠩᠭ᠎ᠠ ᠵᠢᠷᠤᠮᠯᠠᠬᠤ ᠬᠡᠷᠡᠭᠲᠡᠢ᠃ ᠠᠮᠢᠳᠤ ᠪᠣᠳᠠᠰ ᠤᠨ ᠠᠮᠤᠷ ᠲᠦᠪᠰᠢᠨ ᠤ ᠵᠥᠪᠯᠡᠯ ᠢ ᠪᠠᠶᠢᠭᠤᠯᠵᠤ᠂ ᠪᠠᠶᠢᠴᠠᠭᠠᠨ | ᠰᠢᠯᠭᠠᠬᠤ ᠠᠵᠢᠯ ᠤᠨ ᠴᠤᠪᠤᠷᠠᠯ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠂ ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠲᠥᠰᠥᠯ ᠪᠠ ᠰᠠᠨᠠᠭᠠᠨ ᠳᠤ ᠦᠭᠡᠢ ᠠᠳᠡᠯ ᠢ ᠰᠢᠢᠳᠪᠦᠷᠢᠯᠡᠬᠦ ᠲᠠᠰ ᠳᠠᠷᠠᠭᠠᠯᠠᠯ ᠢ ᠲᠣᠭᠲᠠᠭᠠᠵᠤ᠂ ᠵᠢᠯ ᠪᠦᠷᠢ | ᠨᠠᠭᠠᠲᠤ ᠵᠠᠬ᠎ᠠ ᠳᠠᠭᠠᠨ ᠪᠣᠶ ᠪᠦᠬᠦᠢ ᠲᠤᠷᠰᠢᠯᠲᠠ ᠶᠢᠨ ᠲᠠᠰᠤᠭ ᠤᠨ ᠠᠵᠢᠯᠲᠠᠨ ᠢ ᠵᠣᠬᠢᠶᠠᠨ ᠪᠠᠶᠢᠭᠤᠯᠤᠨ ᠪᠠᠴᠢᠮ | ᠪᠠᠶᠢᠳᠠᠯ ᠢ ᠠᠷᠭᠠᠴᠠᠬᠤ ᠰᠣᠷᠢᠯᠲᠠ ᠶᠢ ᠨᠢᠭᠡ ᠤᠳᠠᠭ᠎ᠠ ᠬᠢᠵᠦ᠂ ᠲᠤᠷᠰᠢᠯᠲᠠ ᠶᠢᠨ ᠲᠠᠰᠤᠭ ᠤᠨ ᠠᠳᠡᠯ ᠢ ᠮᠡᠳᠡᠭᠦᠯᠬᠦ | ᠳᠦᠷᠢᠮ ᠢ ᠪᠠᠶᠢᠭᠤᠯᠤᠨ᠂ ᠲᠤᠷᠰᠢᠯᠲᠠ ᠶᠢᠨ ᠲᠠᠰᠤᠭ ᠲᠤ ᠰᠠᠨᠠᠭᠠᠨ ᠳᠤ ᠦᠭᠡᠢ ᠠᠳᠡᠯ ᠭᠠᠷᠪᠠᠯ ᠴᠠᠭ ᠲᠤᠬᠠᠢ ᠳᠤᠨᠢ | ᠮᠡᠳᠡᠭᠦᠯᠬᠦ ᠬᠡᠷᠡᠭᠲᠡᠢ᠂ ᠶᠠᠮᠠᠷᠪᠠ ᠬᠥᠮᠥᠨ ᠭᠡᠳ ᠮᠡᠳᠡᠭᠦᠯᠬᠦ ᠦᠭᠡᠢ ᠨᠢᠭᠤᠬᠤ ᠪᠤᠶᠤ ᠬᠤᠳᠠᠯ ᠢᠶᠠᠷ ᠮᠡᠳᠡᠭᠦᠯᠵᠦ ᠪᠣᠯᠬᠤ | ᠦᠭᠡᠢ᠃ | ᠠᠷᠪᠠᠨ ᠵᠢᠷᠭᠤᠳᠤᠭᠠᠷ ᠵᠦᠢᠯ ᠲᠤᠷᠰᠢᠯᠲᠠ ᠶᠢᠨ ᠠᠵᠢᠯᠯᠠᠭ᠎ᠠ ᠬᠢᠬᠦ ᠳᠤ ᠲᠣᠬᠢᠷᠠᠬᠤ ᠬᠥᠮᠥᠰ ᠢ | ᠲᠣᠬᠢᠷᠠᠭᠤᠯᠬᠤ ᠬᠡᠷᠡᠭᠲᠡᠢ᠄ | ︵ᠨᠢᠭᠡ︶ ᠶᠠᠰᠤ ᠴᠢᠨᠠᠷ ᠤᠨ ᠬᠠᠷᠢᠭᠤᠴᠠᠯᠭᠠᠲᠠᠨ᠂ ᠮᠡᠷᠭᠡᠵᠢᠯ ᠤᠨ ᠬᠠᠷᠢᠭᠤᠴᠠᠯᠭᠠᠲᠠᠨ᠂ ᠠᠮᠢᠳᠤ ᠪᠣᠳᠠᠰ ᠤᠨ | ᠠᠮᠤᠷ ᠲᠦᠪᠰᠢᠨ ᠤ ᠬᠠᠷᠢᠭᠤᠴᠠᠯᠭᠠᠲᠠᠨ ᠨᠢ ᠮᠠᠯ ᠡᠮᠨᠡᠯᠭᠡ ᠶᠢᠨ ᠬᠠᠮᠢᠶ᠎ᠠ ᠪᠦᠬᠦᠢ ᠲᠤᠰᠬᠠᠢ ᠮᠡᠷᠭᠡᠵᠢᠯ ᠲᠠᠢ᠂ ᠲᠣᠰ | ᠲᠤᠰᠬᠠᠢ ᠮᠡᠷᠭᠡᠵᠢᠯ ᠤᠨ ᠠᠵᠢᠯ ᠢ 5 ᠵᠢᠯ ᠠᠴᠠ ᠳᠡᠭᠡᠭᠰᠢ ᠬᠢᠭᠰᠡᠨ ᠪᠤᠶᠤ ᠳᠤᠮᠳᠠ ᠵᠡᠷᠭᠡ ᠶᠢᠨ ᠪᠠ ᠲᠡᠭᠦᠨ ᠠᠴᠠ | ᠳᠡᠭᠡᠭᠰᠢᠬᠢ ᠮᠡᠷᠭᠡᠵᠢᠯ ᠤᠨ ᠴᠣᠯᠠ ᠲᠠᠢ ᠪᠠᠶᠢᠵᠤ᠂ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠮᠡᠳᠡᠯᠭᠡ ᠲᠠᠢ ᠪᠥᠭᠡᠳ | ᠲᠤᠷᠰᠢᠯᠲᠠ ᠶᠢᠨ ᠲᠠᠰᠤᠭ ᠤᠨ ᠬᠠᠮᠢᠶᠠᠷᠤᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠰᠠᠶᠢᠨ ᠮᠡᠳᠡᠬᠦ | ᠬᠡᠷᠡᠭᠲᠡᠢ᠃ | ︵ᠬᠤᠶᠠᠷ︶ ᠲᠤᠷᠰᠢᠯᠲᠠ ᠶᠢᠨ ᠲᠠᠰᠤᠭ ᠤᠨ ᠬᠠᠷᠢᠭᠤᠴᠠᠯᠭᠠᠲᠠᠨ ᠨᠢ ᠮᠠᠯ ᠡᠮᠨᠡᠯᠭᠡ ᠶᠢᠨ ᠬᠤᠯᠪᠣᠭᠳᠠᠯ ᠪᠦᠬᠦᠢ | ᠲᠤᠰᠬᠠᠢ ᠮᠡᠷᠭᠡᠵᠢᠯ ᠲᠠᠢ᠂ ᠲᠤᠰ ᠲᠤᠰᠬᠠᠢ ᠮᠡᠷᠭᠡᠵᠢᠯ ᠤᠨ ᠠᠵᠢᠯ ᠢ 3 ᠵᠢᠯ ᠠᠴᠠ ᠳᠡᠭᠡᠭᠰᠢ ᠬᠢᠭᠰᠡᠨ ᠪᠤᠶᠤ ᠳᠤᠮᠳᠠ | ᠵᠡᠷᠭᠡ ᠶᠢᠨ ᠪᠠ ᠲᠡᠭᠦᠨ ᠠᠴᠠ ᠳᠡᠭᠡᠭᠰᠢᠬᠢ ᠮᠡᠷᠭᠡᠵᠢᠯ ᠤᠨ ᠴᠣᠯᠠ ᠲᠠᠢ᠂ ᠬᠤᠯᠪᠣᠭᠳᠠᠯ ᠪᠦᠬᠦᠢ ᠲᠤᠰᠬᠠᠢ ᠮᠡᠷᠭᠡᠵᠢᠯ ᠤᠨ | ᠮᠡᠳᠡᠯᠭᠡ ᠲᠠᠢ ᠪᠠᠶᠢᠬᠤ ᠬᠡᠷᠡᠭᠲᠡᠢ᠃ | ︵ᠭᠤᠷᠪᠠ︶ ᠶᠠᠰᠤ ᠴᠢᠨᠠᠷ ᠤᠨ ᠠᠮᠤᠷ ᠲᠦᠪᠰᠢᠨ ᠳᠤ ᠬᠢᠨᠠᠯᠲᠠ ᠲᠠᠯᠪᠢᠬᠤ ᠠᠵᠢᠯᠲᠠᠨ ᠮᠠᠯ ᠡᠮᠨᠡᠯᠭᠡ ᠶᠢᠨ | ᠬᠠᠮᠢᠶ᠎ᠠ ᠪᠦᠬᠦᠢ ᠲᠤᠰᠬᠠᠢ ᠮᠡᠷᠭᠡᠵᠢᠯ ᠲᠠᠢ᠂ ᠲᠣᠰ ᠲᠤᠰᠬᠠᠢ ᠮᠡᠷᠭᠡᠵᠢᠯ ᠤᠨ ᠠᠵᠢᠯ ᠢ 2 ᠵᠢᠯ ᠠᠴᠠ ᠳᠡᠭᠡᠭᠰᠢ ᠬᠢᠭᠰᠡᠨ᠂ | ᠡᠰᠡᠬᠦᠯ᠎ᠡ ᠳᠤᠮᠳᠠ ᠵᠡᠷᠭᠡ ᠶᠢᠨ ᠪᠠ ᠲᠡᠭᠦᠨ ᠠᠴᠠ ᠳᠡᠭᠡᠭᠰᠢᠬᠢ ᠮᠡᠷᠭᠡᠵᠢᠯ ᠤᠨ ᠴᠣᠯᠠ ᠲᠠᠢ᠂ ᠬᠠᠮᠢᠶ᠎ᠠ ᠪᠦᠬᠦᠢ ᠲᠤᠰᠬᠠᠢ | ᠮᠡᠷᠭᠡᠵᠢᠯ ᠤᠨ ᠮᠡᠳᠡᠯᠭᠡ ᠲᠠᠢ ᠪᠠᠶᠢᠬᠤ ᠬᠡᠷᠡᠭᠲᠡᠢ᠃ | ︵ᠳᠥᠷᠪᠡ︶ ᠪᠠᠶᠢᠴᠠᠭᠠᠨ ᠰᠢᠯᠭᠠᠬᠤ ᠠᠵᠢᠯᠲᠠᠨ ᠨᠢ ᠮᠠᠯ ᠤᠨ ᠡᠮᠴᠢ ᠪᠤᠶᠤ ᠬᠠᠮᠢᠶ᠎ᠠ ᠪᠦᠬᠦᠢ ᠲᠤᠰᠬᠠᠢ | ᠮᠡᠷᠭᠡᠵᠢᠯ ᠲᠠᠢ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠮᠡᠷᠭᠡᠵᠢᠯ ᠤᠨ | ᠵᠢᠷᠤᠮᠵᠢᠯ ᠢ ᠰᠠᠶᠢᠨ ᠮᠡᠳᠡᠵᠦ᠂ ᠲᠤᠷᠰᠢᠯᠲᠠ ᠶᠢᠨ ᠲᠠᠰᠤᠭ ᠤᠨ ᠡᠯ᠎ᠡ ᠵᠦᠢᠯ ᠤᠨ ᠲᠤᠷᠰᠢᠯᠲᠠ ᠶᠢᠨ ᠠᠵᠢᠯᠯᠠᠬᠤ | ᠮᠡᠷᠭᠡᠵᠢᠯ ᠢ ᠡᠵᠡᠮᠰᠢᠵᠦ᠂ ᠲᠡᠭᠦᠨ ᠤ ᠬᠡᠮᠵᠢᠭᠦᠷᠯᠢᠭ ᠲᠥᠬᠦᠭᠡᠷᠦᠮᠵᠢ ᠶᠢ ᠪᠣᠯᠪᠠᠰᠤᠷᠠᠩᠭᠤᠢ ᠬᠡᠷᠡᠭᠯᠡᠵᠦ᠂ ᠲᠤᠷᠰᠢᠯᠲᠠ ᠶᠢᠨ | ᠲᠠᠰᠤᠭ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠤ ᠪᠣᠯᠪᠠᠰᠤᠷᠠᠯ ᠬᠢᠨᠠᠨ ᠰᠢᠯᠭᠠᠯᠲᠠ ᠪᠠᠷ ᠳᠡᠮᠵᠢᠨ ᠬᠢᠷᠢ | ᠲᠡᠩᠴᠡᠭᠡᠳ ᠠᠵᠢᠯ ᠤᠨ ᠪᠠᠶᠢᠷᠢ ᠳᠤ ᠭᠠᠷᠬᠤ ᠦᠨᠡᠮᠯᠡᠯ ᠣᠯᠣᠭᠰᠠᠨ ᠪᠠᠶᠢᠬᠤ ᠬᠡᠷᠡᠭᠲᠡᠢ᠃ | ᠠᠷᠪᠠᠨ ᠳᠣᠯᠣᠳᠤᠭᠠᠷ ᠵᠦᠢᠯ ᠬᠡᠮᠵᠢᠭᠦᠷᠯᠢᠭ ᠲᠥᠬᠦᠭᠡᠷᠦᠮᠵᠢ ᠨᠢ ᠲᠤᠷᠰᠢᠯᠲᠠ ᠶᠢᠨ ᠲᠠᠰᠤᠭ ᠤᠨ | ᠪᠠᠶᠢᠴᠠᠭᠠᠨ ᠰᠢᠯᠭᠠᠬᠤ ᠲᠣᠭᠲᠠᠭᠠᠯ ᠤᠨ ᠲᠥᠷᠥᠯ ᠵᠦᠢᠯ ᠤᠨ ᠬᠡᠷᠡᠭᠴᠡᠭᠡ ᠶᠢ ᠬᠠᠩᠭᠠᠵᠤ᠂ ᠴᠢᠳᠠᠪᠤᠷᠢ ᠶᠢᠨ | ᠭᠦᠢᠴᠡᠳᠬᠡᠬᠦ ᠲᠤᠭ᠎ᠠ ᠨᠢ ᠤᠯᠤᠰ ᠤᠨ ᠪᠠᠷᠢᠮᠵᠢᠶ᠎ᠠ ᠪᠠ ᠲᠤᠷᠰᠢᠯᠲᠠ ᠶᠢᠨ ᠲᠠᠰᠤᠭ ᠬᠡᠷᠡᠭᠯᠡᠬᠦ ᠱᠠᠭᠠᠷᠳᠠᠯᠭ᠎ᠠ ᠳᠤ | ᠬᠦᠷᠴᠦ᠂ ᠬᠡᠮᠵᠢᠭᠦᠷᠯᠢᠭ ᠲᠥᠬᠦᠭᠡᠷᠦᠮᠵᠢ ᠶᠢᠨ ᠲᠠᠩᠰᠠ ᠡᠪᠬᠡᠮᠡᠯ ᠢ ᠪᠠᠶᠢᠭᠤᠯᠬᠤ ᠳᠤ ᠡᠷᠬᠡᠪᠰᠢ ᠲᠤᠰᠬᠠᠢ ᠬᠥᠮᠥᠨ ᠢᠶᠠᠷ | ᠬᠠᠮᠢᠶᠠᠷᠤᠭᠤᠯᠵᠤ᠂ ᠲᠥᠬᠦᠭᠡᠷᠦᠮᠵᠢ ᠶᠢᠨ ᠢᠯᠡ ᠭᠠᠵᠠᠷ ᠲᠤ ᠪᠠᠶᠢᠳᠠᠯ ᠤᠨ ᠢᠯᠡᠳᠬᠡᠮᠵᠢ ᠶᠢ ᠢᠯᠡᠷᠬᠡᠶᠢᠯᠡᠨ᠂ | ᠬᠡᠮᠵᠢᠭᠦᠷᠯᠢᠭ ᠲᠥᠬᠦᠭᠡᠷᠦᠮᠵᠢ ᠶᠢᠨ ᠠᠵᠢᠯᠯᠠᠭᠤᠯᠬᠤ᠂ ᠬᠠᠮᠠᠭᠠᠯᠠᠬᠤ ᠳᠦᠷᠢᠮ ᠵᠢᠴᠢ ᠬᠤᠭᠤᠴᠠᠭᠠᠨ ᠳᠤ ᠬᠠᠷᠭᠤᠭᠤᠯᠤᠨ | ᠪᠠᠶᠢᠴᠠᠭᠠᠬᠤ ᠲᠠᠰ ᠳᠠᠷᠠᠭᠠᠯᠠᠯ ᠢ ᠲᠣᠭᠲᠠᠭᠠᠵᠤ᠂ ᠡᠷᠬᠡ ᠣᠯᠭᠤᠭᠰᠠᠨ ᠠᠵᠢᠯᠲᠠᠨ ᠢᠶᠠᠷ ᠠᠵᠢᠯᠯᠠᠭᠤᠯᠬᠤ ᠪᠠ | ᠬᠠᠮᠠᠭᠠᠯᠠᠭᠤᠯᠵᠤ᠂ ᠪᠠᠶᠢᠴᠠᠭᠠᠨ ᠰᠢᠯᠭᠠᠭᠰᠠᠨ ᠦᠷ᠎ᠡ ᠳ᠋ᠦᠩ ᠳᠤ ᠨᠥᠯᠥᠭᠡ ᠲᠠᠢ ᠬᠡᠮᠵᠢᠭᠦᠷᠯᠢᠭ ᠲᠥᠬᠦᠭᠡᠷᠦᠮᠵᠢ ᠶᠢ | ᠴᠠᠭ ᠲᠤᠨᠢ ᠲᠣᠬᠢᠷᠠᠭᠤᠯᠤᠨ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠲᠣᠭᠲᠠᠭᠠᠬᠤ ᠪᠤᠶᠤ ᠬᠠᠷᠭᠤᠭᠤᠯᠤᠨ | ᠲᠣᠭᠲᠠᠭᠠᠬᠤ ᠬᠡᠷᠡᠭᠲᠡᠢ᠃ | ᠠᠷᠪᠠᠨ ᠨᠠᠢᠮᠠᠳᠤᠭᠠᠷ ᠵᠦᠢᠯ ᠦᠯᠢᠭᠡᠷ ᠡᠳ᠋ ᠢ ᠴᠤᠭᠯᠠᠭᠤᠯᠬᠤ᠂ ᠲᠡᠭᠡᠭᠡᠪᠦᠷᠢᠯᠡᠬᠦ ᠳᠤ ︽ᠡᠪᠡᠳᠴᠢᠯᠡᠭᠦᠯᠬᠦ | ᠴᠢᠨᠠᠷ ᠢᠶᠠᠷ ᠴᠢᠩᠭ᠎ᠠ ᠠᠮᠢᠲᠠᠨ ᠤ ᠡᠪᠡᠳᠴᠢᠨ ᠡᠭᠦᠰᠬᠡᠬᠦ ᠮᠢᠺᠷᠣᠪ ᠪᠠᠺᠲ᠋ᠧᠷᠢ ︵ᠬᠤᠣᠷ︶ ᠶᠢᠨ ᠲᠦᠷᠦᠯ ᠵᠦᠢᠯ ᠪᠤᠶᠤ | ᠦᠯᠢᠭᠡᠷ ᠡᠳ᠋ ᠢ ᠲᠡᠭᠡᠭᠡᠪᠦᠷᠢᠯᠡᠵᠦ ᠪᠣᠭᠤᠳᠠᠯᠯᠠᠬᠤ ᠵᠢᠷᠤᠮᠵᠢᠯ︾ ᠤᠨ ᠱᠠᠭᠠᠷᠳᠠᠯᠭ᠎ᠠ ᠶᠣᠰᠣᠭᠠᠷ ᠬᠡᠷᠡᠭᠵᠢᠭᠦᠯᠬᠦ | ᠬᠡᠷᠡᠭᠳᠡᠢ᠃ | ᠥᠯᠢᠭᠡᠷ ᠡᠳ᠋ ᠢ ᠬᠠᠳᠠᠭᠠᠯᠠᠬᠤ᠂ ᠬᠡᠷᠡᠭᠯᠡᠬᠦ ᠬᠠᠮᠢᠶᠠᠷᠤᠯᠲᠠ ᠳᠤ ᠤᠯᠤᠰ ᠤᠨ ᠠᠮᠢᠳᠤ ᠪᠣᠳᠠᠰ ᠤᠨ ᠠᠮᠤᠷ | ᠲᠦᠪᠰᠢᠨ ᠤ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠵᠤ᠂ ᠴᠤᠭᠯᠠᠭᠤᠯᠬᠤ᠂ ᠪᠣᠭᠤᠳᠠᠯᠯᠠᠬᠤ᠂ | ᠲᠡᠭᠡᠭᠡᠪᠦᠷᠢᠯᠡᠬᠦ᠂ ᠭᠥᠯᠢᠶᠡᠨ ᠠᠪᠬᠤ᠂ ᠦᠢᠯᠡᠳᠬᠦ᠂ ᠬᠠᠳᠠᠭᠠᠯᠠᠬᠤ ᠵᠡᠷᠭᠡ ᠠᠵᠢᠯᠯᠠᠭᠠᠨ ᠤ ᠳᠦᠷᠢᠮ ᠢ ᠲᠣᠭᠲᠠᠭᠠᠵᠤ᠂ | ᠰᠢᠯᠭᠠᠨ ᠪᠠᠶᠢᠴᠠᠭᠠᠭᠰᠠᠨ ᠤ ᠳᠠᠷᠠᠭᠠᠬᠢ ᠥᠯᠢᠭᠡᠷ ᠡᠳ᠋᠂ ᠨᠢᠭᠡᠨᠲᠡ ᠲᠠᠷᠬᠠᠭᠠᠭᠰᠠᠨ ᠮᠡᠳᠡᠭᠦᠯᠦᠯᠲᠡ ᠶᠢᠨ ᠥᠯᠢᠭᠡᠷ | ᠡᠳ᠋ ᠤᠨ ᠦᠯᠡᠳᠡᠭᠡᠬᠦ ᠴᠠᠭ ᠤᠨ ᠬᠢᠵᠠᠭᠠᠷ ᠤᠨ ᠬᠠᠮᠢᠶ᠎ᠠ ᠪᠦᠬᠦᠢ ᠬᠠᠮᠢᠶᠠᠷᠤᠯᠲᠠ ᠶᠢᠨ ᠳᠦᠷᠢᠮ ᠢ ᠪᠠᠶᠢᠭᠤᠯᠬᠤ | ᠬᠡᠷᠡᠭᠲᠡᠢ᠃ ᠥᠯᠢᠭᠡᠷ ᠠᠪᠬᠤ ᠮᠡᠳᠡᠭᠡ ᠵᠠᠩᠭᠢ ᠶᠢ ᠦᠨᠡᠨ ᠪᠣᠳᠠᠲᠠᠢ ᠪᠠᠷ ᠲᠠᠭᠯᠠᠵᠤ᠂ ᠪᠠᠶᠢᠴᠠᠭᠠᠨ ᠰᠢᠯᠭᠠᠭᠰᠠᠨ | ᠶᠠᠪᠤᠴᠠ ᠪᠠ ᠪᠠᠶᠢᠴᠠᠭᠠᠨ ᠰᠢᠯᠭᠠᠭᠰᠠᠨ ᠦᠷ᠎ᠡ ᠳ᠋ᠦᠩ ᠢ ᠨᠡᠬᠡᠮᠵᠢᠯᠡᠵᠦ ᠪᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃ | ᠭᠥᠯᠢᠶᠡᠨ ᠠᠪᠤᠭᠰᠠᠨ ᠪᠤᠶᠤ ᠰᠢᠭᠤᠳ ᠴᠤᠭᠯᠠᠭᠤᠯᠤᠭᠰᠠᠨ ᠥᠯᠢᠭᠡᠷ ᠤᠨ ᠲᠤᠭ᠎ᠠ ᠬᠡᠮᠵᠢᠶ᠎ᠡ ᠵᠢᠴᠢ ᠲᠥᠷᠥᠯ | ᠵᠦᠢᠯ ᠨᠢ ᠪᠠᠶᠢᠴᠠᠭᠠᠨ ᠰᠢᠯᠭᠠᠬᠤ ᠴᠢᠳᠠᠪᠤᠷᠢ ᠯᠤᠭ᠎ᠠ ᠬᠠᠷᠢᠯᠴᠠᠨ ᠵᠣᠬᠢᠴᠠᠯᠳᠤᠭᠰᠠᠨ ᠪᠠᠶᠢᠬᠤ ᠬᠡᠷᠡᠭᠲᠡᠢ᠃ | ᠠᠷᠪᠠ ᠶᠢᠰᠦᠳᠦᠭᠡᠷ ᠵᠦᠢᠯ ᠠᠵᠢᠯᠯᠠᠵᠤ ᠪᠠᠶᠢᠭ᠎ᠠ ᠡᠪᠡᠳᠴᠢᠨ ᠡᠭᠦᠰᠬᠡᠬᠦ ᠮᠢᠺᠷᠣᠪ ᠤᠨ ᠲᠦᠷᠦᠯ ᠵᠦᠢᠯ᠂ | ᠪᠣᠬᠢᠷᠲᠤᠭᠳᠠᠬᠤ ᠡᠲᠡᠭᠡᠳ ᠪᠠ ᠪᠣᠬᠢᠷᠲᠤᠭᠳᠠᠭᠰᠠᠨ ᠬᠡᠮᠵᠢᠶ᠎ᠡ ᠵᠡᠷᠭᠡ ᠶᠢ ᠦᠨᠳᠦᠰᠦᠯᠡᠨ ᠲᠣᠬᠢᠷᠠᠮᠵᠢᠲᠠᠢ | ᠠᠷᠢᠭᠤᠳᠬᠠᠬᠤ ᠪᠠ ᠪᠠᠺᠲ᠋ᠧᠷᠢ ᠤᠰᠠᠳᠬᠠᠬᠤ ᠠᠷᠭ᠎ᠠ ᠶᠢ ᠰᠣᠩᠭᠤᠵᠤ᠂ ᠠᠷᠢᠭᠤᠳᠬᠠᠬᠤ ᠪᠠ ᠪᠠᠺᠲ᠋ᠧᠷᠢ ᠤᠰᠠᠳᠬᠠᠬᠤ | ᠦᠷ᠎ᠡ ᠪᠦᠲᠦᠮᠵᠢ ᠶᠢ ᠪᠠᠲᠤᠯᠠᠨ᠎ᠠ᠃ ᠲᠤᠷᠰᠢᠯᠲᠠ ᠶᠢᠨ ᠲᠠᠰᠤᠭ ᠤᠨ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠳᠡᠭᠡᠨ | ᠤᠯᠤᠰ ᠤᠨ ᠪᠤᠶᠤ ᠣᠷᠣᠨ ᠨᠤᠲᠤᠭ ᠤᠨ ᠬᠠᠤᠯᠢ ᠲᠣᠭᠲᠠᠭᠠᠯ ᠪᠠ ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠭᠦᠯᠵᠦ᠂ | ᠲᠤᠰᠬᠠᠢ ᠬᠥᠮᠥᠨ ᠢᠶᠠᠷ ᠬᠠᠷᠢᠭᠤᠴᠠᠭᠤᠯᠤᠨ᠂ ᠪᠢᠴᠢᠭ ᠤᠨ ᠲᠡᠮᠳᠡᠭᠯᠡᠯ ᠲᠠᠢ ᠪᠠᠶᠢᠯᠭᠠᠵᠤ᠂ ᠨᠢᠭᠡᠳᠦᠯᠲᠡᠢ ᠲᠠᠩᠰᠠ | ᠡᠪᠬᠡᠮᠡᠯ ᠳᠤ ᠣᠷᠣᠭᠤᠯᠵᠤ᠂ ᠨᠡᠬᠡᠮᠵᠢᠯᠡᠵᠦ ᠪᠣᠯᠬᠤ ᠶᠢ ᠪᠡᠶᠡᠯᠡᠭᠦᠯᠬᠦ ᠬᠡᠷᠡᠭᠲᠡᠢ᠃ | ᠬᠤᠷᠢᠳᠤᠭᠠᠷ ᠵᠦᠢᠯ ᠰᠢᠯᠭᠠᠨ ᠪᠠᠶᠢᠴᠠᠭᠠᠯᠲᠠ / ᠪᠠᠶᠢᠴᠠᠭᠠᠨ ᠬᠡᠮᠵᠢᠯᠲᠡ ᠶᠢᠨ ᠮᠡᠳᠡᠭᠦᠯᠦᠯᠲᠡ ᠣᠯᠭᠤᠬᠤ | ᠳᠦᠷᠢᠮ ᠢ ᠪᠠᠶᠢᠭᠤᠯᠵᠤ᠂ ᠰᠢᠯᠭᠠᠨ ᠪᠠᠶᠢᠴᠠᠭᠠᠯᠲᠠ / ᠪᠠᠶᠢᠴᠠᠭᠠᠨ ᠬᠡᠮᠵᠢᠯᠲᠡ ᠶᠢᠨ ᠮᠡᠳᠡᠭᠦᠯᠦᠯᠲᠡ ᠶᠢᠨ ᠣᠨᠣᠪᠴᠢᠲᠠᠶ᠂ | ᠲᠣᠳᠣᠷᠬᠠᠢ᠂ ᠪᠤᠰᠤᠳᠴᠢ ᠪᠠᠶᠢᠬᠤ ᠶᠢ ᠪᠠᠲᠤᠯᠠᠵᠤ᠂ ᠭᠠᠷᠭᠠᠭᠰᠠᠨ ᠮᠡᠳᠡᠭᠦᠯᠦᠯᠲᠡ ᠨᠢ ᠰᠢᠯᠭᠠᠨ ᠪᠠᠶᠢᠴᠠᠭᠠᠭᠰᠠᠨ | ᠰᠢᠯᠭᠠᠨ ᠬᠡᠮᠵᠢᠭᠰᠡᠨ ᠠᠷᠭ᠎ᠠ ᠶᠢᠨ ᠲᠣᠭᠲᠠᠭᠠᠯ ᠳᠤ ᠨᠡᠶᠢᠴᠡᠬᠦ ᠶᠢ ᠪᠠᠲᠤᠯᠠᠬᠤ ᠶᠢᠨ ᠬᠠᠮᠲᠤ ᠮᠡᠳᠡᠭᠦᠯᠦᠯᠲᠡ ᠶᠢ | ᠡᠭᠡᠭᠦᠯᠦᠨ ᠠᠪᠴᠢᠷᠠᠬᠤ ᠬᠠᠮᠢᠶᠠᠷᠤᠯᠲᠠ ᠶᠢᠨ ᠲᠡᠰ ᠳᠠᠷᠠᠭᠠᠯᠠᠯ ᠢ ᠲᠣᠭᠲᠠᠭᠠᠬᠤ ᠬᠡᠷᠡᠭᠲᠡᠢ᠃ | ᠰᠢᠯᠭᠠᠨ ᠪᠠᠶᠢᠴᠠᠭᠠᠯᠲᠠ / ᠪᠠᠶᠢᠴᠠᠭᠠᠨ ᠬᠡᠮᠵᠢᠯᠲᠡ ᠶᠢᠨ ᠮᠡᠳᠡᠭᠦᠯᠦᠯᠲᠡ ᠳᠤ᠄ ᠭᠠᠷᠴᠠᠭ᠂ ᠬᠢᠷᠢ ᠬᠡᠮ ᠤᠨ | ᠮᠠᠭᠠᠳᠯᠠᠯᠲᠠ / ᠲᠤᠷᠰᠢᠯᠲᠠ ᠶᠢᠨ ᠲᠠᠰᠤᠭ ᠤᠨ ᠵᠥᠪᠰᠢᠶᠡᠷᠡᠯ ᠤᠨ ᠲᠡᠮᠳᠡᠭ᠂ ᠰᠢᠯᠭᠠᠨ ᠪᠠᠶᠢᠴᠠᠭᠠᠬᠤ | ᠪᠠᠶᠢᠭᠤᠯᠤᠮᠵᠢ ᠶᠢᠨ ᠲᠤᠰᠬᠠᠢ ᠲᠠᠮᠠᠭ᠎ᠠ ᠪᠤᠶᠤ ᠠᠯᠪᠠᠨ ᠲᠠᠮᠠᠭ᠎ᠠ᠂ ᠡᠷᠬᠡ ᠣᠯᠭᠤᠭᠰᠠᠨ ᠭᠠᠷ ᠤᠨ ᠥᠰᠥᠭ | ᠵᠢᠷᠤᠭᠴᠢ ᠶᠢ ᠢᠯᠭᠠᠨ ᠲᠠᠨᠢᠬᠤ᠂ ᠵᠣᠴᠢᠨ ᠡᠷᠦᠬᠡ ᠶᠢᠨ ᠨᠡᠷᠡᠶᠢᠳᠦᠯ ᠪᠠ ᠬᠠᠶ᠋ᠢᠭ᠂ ᠰᠢᠯᠭᠠᠨ ᠪᠠᠶᠢᠴᠠᠭᠠᠬᠤ ᠠᠷᠭ᠎ᠠ ᠶᠢ | ᠢᠯᠭᠠᠨ ᠲᠠᠨᠢᠬᠤ᠂ ᠥᠯᠢᠭᠡᠷ ᠡᠳ᠋ ᠤᠨ ᠲᠥᠷᠥᠯ ᠢᠯᠭᠠᠯ᠂ ᠠᠩᠬᠠᠨ ᠤ ᠳ᠋ᠤᠭᠠᠷᠯᠠᠯ᠂ ᠥᠯᠢᠭᠡᠷ ᠡᠳ᠋ ᠢ ᠭᠥᠯᠢᠶᠡᠨ | ᠠᠪᠤᠭᠰᠠᠨ ᠴᠠᠭ᠂ ᠰᠢᠯᠭᠠᠨ ᠪᠠᠶᠢᠴᠠᠭᠠᠭᠰᠠᠨ ᠴᠠᠭ᠂ ᠭᠠᠷ ᠤᠨ ᠥᠰᠥᠭ ᠵᠢᠷᠤᠵᠤ ᠶᠠᠪᠤᠭᠤᠯᠤᠭᠰᠠᠨ ᠴᠠᠭ ᠵᠡᠷᠭᠡ | ᠪᠠᠭᠲᠠᠨ᠎ᠠ᠃ | ᠪᠠᠶᠢᠴᠠᠭᠠᠨ ᠰᠢᠯᠭᠠᠭᠰᠠᠨ ᠦᠷ᠎ᠡ ᠳ᠋ᠦᠩ ᠢ ᠤᠯᠤᠰ ᠤᠨ ᠮᠠᠯ ᠡᠮᠨᠡᠯᠭᠡ ᠶᠢᠨ ᠡᠷᠡᠭᠦᠯ ᠬᠠᠮᠠᠭᠠᠯᠠᠯ ᠤᠨ | ᠶᠡᠷᠦᠩᠬᠡᠶᠢᠯᠡᠭᠰᠡᠨ ᠮᠡᠳᠡᠭᠡ ᠵᠠᠩᠭᠢ ᠶᠢᠨ ᠲᠠᠪᠴᠠᠩ ᠤᠨ ︽ᠠᠮᠢᠳᠠᠨ ᠤ ᠬᠢᠵᠢᠭ ᠡᠪᠡᠳᠴᠢᠨ ᠢ ᠬᠢᠨᠠᠨ ᠬᠡᠮᠵᠢᠬᠦ ᠬᠢᠭᠡᠳ | ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠶᠢᠨ ᠬᠠᠮᠢᠶᠠᠷᠤᠯᠲᠠ︾ ᠶᠢᠨ ᠰᠢᠰᠲ᠋ᠧᠮ ᠢᠶᠠᠷ ᠳᠠᠮᠵᠢᠭᠤᠯᠤᠨ ᠥᠪᠡᠷᠲᠡᠭᠡᠨ | ᠵᠠᠰᠠᠬᠤ ᠣᠷᠣᠨ ᠤ ᠠᠮᠢᠳᠠᠨ ᠤ ᠬᠢᠵᠢᠭ ᠡᠪᠡᠳᠴᠢᠨ ᠢ ᠤᠷᠢᠳᠴᠢᠯᠠᠨ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠳᠤ | ᠮᠡᠳᠡᠭᠦᠯᠦᠨ ᠬᠦᠷᠭᠡᠬᠦ ᠬᠡᠷᠡᠭᠲᠡᠢ᠃ | ᠬᠤᠷᠢᠨ ᠨᠢᠭᠡᠳᠦᠭᠡᠷ ᠵᠦᠢᠯ ᠲᠠᠩᠰᠠ ᠡᠪᠬᠡᠮᠡᠯ ᠤᠨ ᠬᠠᠮᠢᠶᠠᠷᠤᠯᠲᠠ ᠶᠢ ᠴᠢᠩᠭᠠᠳᠬᠠᠵᠤ᠂ ᠬᠠᠮᠢᠶ᠎ᠠ ᠪᠦᠬᠦᠢ | ᠲᠠᠩᠰᠠ ᠡᠪᠬᠡᠮᠡᠯ ᠳᠤ ᠠᠩᠬᠠᠨ ᠤ ᠲᠡᠮᠳᠡᠭᠯᠡᠯ᠂ ᠰᠢᠯᠭᠠᠨ ᠪᠠᠶᠢᠴᠠᠭᠠᠯᠲᠠ / ᠪᠠᠶᠢᠴᠠᠭᠠᠨ ᠬᠡᠮᠵᠢᠯᠲᠡ ᠶᠢᠨ ᠮᠡᠳᠡᠭᠦᠯᠦᠯᠲᠡ᠂ | ᠬᠡᠮᠵᠢᠭᠦᠷᠯᠢᠭ ᠲᠥᠬᠦᠭᠡᠷᠦᠮᠵᠢ᠂ ᠠᠵᠢᠯᠲᠠᠨ᠂ ᠪᠠᠷᠢᠮᠵᠢᠶᠠᠲᠤ ᠪᠣᠳᠠᠰ ᠬᠢᠭᠡᠳ ᠤᠷᠪᠠᠯᠵᠢ᠂ ᠠᠵᠢᠯ ᠤᠨ ᠲᠥᠯᠥᠪᠯᠡᠭᠡ | ᠵᠢᠴᠢ ᠳ᠋ᠦᠩᠨᠡᠯᠲᠡ ᠵᠡᠷᠭᠡ ᠶᠢ ᠪᠠᠭᠲᠠᠭᠠᠵᠤ᠂ ᠪᠣᠶ ᠪᠦᠬᠦᠢ ᠲᠠᠩᠰᠠ ᠡᠪᠬᠡᠮᠡᠯ ᠢ ᠲᠥᠷᠥᠯ ᠬᠤᠪᠢᠶᠠᠨ ᠬᠠᠮᠢᠶᠠᠷᠴᠤ᠂ | ᠪᠠᠶᠢᠭᠤᠯᠤᠭᠰᠠᠨ ᠲᠠᠩᠰᠠ ᠡᠪᠬᠡᠮᠡᠯ ᠢ ᠵᠢᠷᠤᠮᠵᠢᠯ ᠲᠠᠢ᠂ ᠪᠦᠷᠢᠨ ᠭᠦᠢᠴᠡᠳ᠂ ᠲᠤᠰᠬᠠᠢ ᠬᠥᠮᠥᠨ ᠢᠶᠠᠷ ᠬᠠᠮᠢᠶᠠᠷᠤᠭᠤᠯᠬᠤ | ᠬᠡᠷᠡᠭᠲᠡᠢ᠃ ᠲᠤᠷᠰᠢᠯᠲᠠ ᠶᠢᠨ ᠲᠠᠰᠤᠭ ᠤᠨ ᠲᠠᠩᠰᠠ ᠡᠪᠬᠡᠮᠡᠯ ᠢ ᠵᠢᠯ ᠪᠦᠷᠢ ᠨᠢᠭᠡ ᠤᠳᠠᠭ᠎ᠠ ᠲᠥᠪᠯᠡᠷᠡᠭᠦᠯᠦᠨ | ᠡᠮᠬᠢᠯᠡᠬᠦ ᠶᠢᠨ ᠬᠠᠮᠲᠤ ᠪᠢᠴᠢᠯ ᠺᠣᠮᠫᠢᠦ᠋ᠲ᠋ᠧᠷ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠬᠠᠳᠠᠭᠠᠯᠠᠬᠤ ᠥᠷᠲᠡᠭ ᠢ | ᠦᠨᠳᠦᠰᠦᠯᠡᠨ ᠬᠠᠳᠠᠭᠠᠯᠠᠬᠤ ᠬᠤᠭᠤᠴᠠᠭ᠎ᠠ ᠶᠢ ᠲᠣᠭᠲᠠᠭᠠᠨ᠎ᠠ᠂ ᠬᠠᠮᠤᠭ ᠪᠠᠭ᠎ᠠ ᠳᠠᠭᠠᠨ 5 ᠵᠢᠯ ᠪᠣᠯᠣᠨ᠎ᠠ᠃ | ᠡᠪᠡᠳᠴᠢᠯᠡᠭᠦᠯᠬᠦ ᠴᠢᠨᠠᠷ ᠢᠶᠠᠷ ᠴᠢᠩᠭ᠎ᠠ ᠠᠮᠢᠲᠠᠨ ᠤ ᠡᠪᠡᠳᠴᠢᠨ ᠡᠭᠦᠰᠬᠡᠬᠦ ᠮᠢᠺᠷᠣᠪ ᠤᠨ ᠬᠠᠮᠢᠶ᠎ᠠ ᠪᠦᠬᠦᠢ | ᠠᠵᠢᠯᠯᠠᠭ᠎ᠠ ᠶᠢᠨ ᠲᠠᠩᠰᠠ ᠡᠪᠬᠡᠮᠡᠯ ᠢ ᠬᠠᠳᠠᠭᠠᠯᠠᠬᠤ ᠬᠤᠭᠤᠴᠠᠭ᠎ᠠ ᠶᠢ 20 ᠵᠢᠯ ᠠᠴᠠ ᠳᠤᠲᠠᠭᠤ ᠪᠠᠶᠢᠯᠭᠠᠵᠤ ᠪᠣᠯᠬᠤ | ᠦᠭᠡᠢ᠃ | ᠬᠤᠷᠢᠨ ᠬᠤᠶᠠᠳᠤᠭᠠᠷ ᠵᠦᠢᠯ ᠲᠤᠷᠰᠢᠯᠲᠠ ᠶᠢᠨ ᠲᠠᠰᠤᠭ ᠤᠨ ᠠᠵᠢᠯᠯᠠᠭ᠎ᠠ ᠶᠢᠨ ᠳᠣᠲᠣᠭᠠᠳᠤ ᠭᠠᠳᠠᠭᠠᠳᠤ | ᠬᠠᠮᠢᠶᠠᠷᠤᠯᠲᠠ ᠶᠢ ᠴᠢᠩᠭᠠᠳᠬᠠᠵᠤ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠠᠰᠤᠭ ᠤᠨ ᠳᠣᠲᠣᠭᠠᠳᠤ ᠶᠢᠨ | ᠶᠠᠰᠤ ᠴᠢᠨᠠᠷ ᠢ ᠡᠵᠡᠮᠳᠡᠬᠦ ︵ᠠᠵᠢᠯᠲᠠᠨ ᠤ ᠠᠳᠠᠯᠢᠳᠬᠠᠯ᠂ ᠲᠥᠬᠦᠭᠡᠷᠦᠮᠵᠢ ᠶᠢᠨ ᠠᠳᠠᠯᠢᠳᠬᠠᠯ᠂ ᠥᠯᠢᠭᠡᠷ ᠦᠯᠡᠳᠡᠭᠡᠵᠦ | ᠳᠠᠬᠢᠨ ᠬᠡᠮᠵᠢᠬᠦ᠂ ᠰᠣᠬᠤᠷ ᠪᠠᠯᠠᠢ ᠪᠠᠷ ᠥᠯᠢᠭᠡᠷ ᠡᠳ᠋ ᠢ ᠰᠢᠯᠭᠠᠨ ᠬᠢᠨᠠᠬᠤ ᠵᠡᠷᠭᠡ︶ ᠠᠵᠢᠯ ᠢ ᠥᠷᠨᠢᠭᠦᠯᠵᠦ᠂ ᠮᠤᠵᠢ ᠶᠢᠨ | ᠱᠠᠲᠤ ᠵᠢᠴᠢ ᠲᠡᠭᠦᠨ ᠠᠴᠠ ᠳᠡᠭᠡᠭᠰᠢᠬᠢ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠪᠤᠶᠤ ᠬᠢᠷᠢ ᠬᠡᠮ ᠲᠠᠢ | ᠰᠢᠯᠭᠠᠨ ᠪᠠᠶᠢᠴᠠᠭᠠᠵᠤ ᠬᠢᠨᠠᠨ ᠬᠡᠮᠵᠢᠬᠦ ᠪᠠᠶᠢᠭᠤᠯᠤᠮᠵᠢ ᠶᠢᠨ ᠵᠣᠬᠢᠶᠠᠨ ᠪᠠᠶᠢᠭᠤᠯᠤᠭᠰᠠᠨ ᠭᠠᠳᠠᠷ ᠲᠠᠯ᠎ᠠ ᠶᠢᠨ ᠶᠠᠰᠤ | ᠴᠢᠨᠠᠷ ᠢ ᠡᠵᠡᠮᠳᠡᠬᠦ ︵ᠴᠢᠳᠠᠪᠤᠷᠢ ᠶᠢ ᠰᠢᠯᠭᠠᠨ ᠪᠠᠲᠤᠯᠠᠬᠤ᠂ ᠲᠤᠷᠰᠢᠯᠲᠠ ᠶᠢᠨ ᠲᠠᠰᠤᠭ ᠤᠨ ᠬᠤᠭᠤᠷᠣᠨᠳᠣᠬᠢ | ᠠᠳᠠᠯᠢᠳᠬᠠᠯ ᠲᠡᠩᠴᠡᠭᠦᠦ︶ ᠳᠤ ᠣᠷᠣᠯᠴᠠᠵᠤ᠂ ᠪᠠᠶᠢᠴᠠᠭᠠᠨ ᠰᠢᠯᠭᠠᠭᠰᠠᠨ ᠦᠷ᠎ᠡ ᠳ᠋ᠦᠩ ᠤᠨ ᠣᠨᠣᠪᠴᠢᠲᠠᠶ ᠪᠠᠶᠢᠬᠤ | ᠪᠠ ᠨᠠᠶᠢᠳᠠᠪᠤᠷᠢᠲᠠᠢ ᠪᠠᠶᠢᠬᠤ ᠶᠢ ᠪᠠᠲᠤᠯᠠᠬᠤ ᠬᠡᠷᠡᠭᠲᠡᠢ᠃ | ᠬᠤᠷᠢᠨ ᠭᠤᠷᠪᠠᠳᠤᠭᠠᠷ ᠵᠦᠢᠯ ᠲᠤᠷᠰᠢᠯᠲᠠ ᠶᠢᠨ ᠠᠵᠢᠯᠯᠠᠭ᠎ᠠ ᠬᠢᠵᠦ ᠪᠠᠶᠢᠭ᠎ᠠ ᠪᠠᠺᠲ᠋ᠧᠷᠢ ︵ᠬᠤᠣᠷ︶ ᠶᠢᠨ | ᠦᠷ᠎ᠡ ᠪᠠ ᠦᠯᠢᠭᠡᠷ ᠢ ᠬᠠᠳᠠᠭᠠᠯᠠᠬᠤ ᠬᠠᠮᠢᠶᠠᠷᠤᠯᠲᠠ ᠶᠢ ︽ᠡᠪᠡᠳᠴᠢᠨ ᠡᠭᠦᠰᠬᠡᠭᠴᠢ ᠮᠢᠺᠷᠣᠪ ᠤᠨ ᠲᠤᠷᠰᠢᠯᠲᠠ ᠶᠢᠨ | ᠲᠠᠰᠤᠭ ᠤᠨ ᠠᠮᠢᠳᠤ ᠪᠣᠳᠠᠰ ᠤᠨ ᠠᠶᠤᠯᠭᠦᠢ ᠶᠢᠨ ᠬᠠᠮᠢᠶᠠᠷᠤᠯᠲᠠ ᠶᠢᠨ ᠳᠦᠷᠢᠮ︾ ︽ᠠᠮᠢᠲᠠᠨ ᠤ ᠡᠪᠡᠳᠴᠢᠨ | ᠡᠭᠦᠰᠬᠡᠭᠴᠢ ᠮᠢᠺᠷᠣᠪ ᠪᠠᠺᠲ᠋ᠧᠷᠢ ︵ᠬᠤᠣᠷ︶ ᠶᠢᠨ ᠦᠷ᠎ᠡ ᠶᠢ ᠬᠠᠳᠠᠭᠠᠯᠠᠬᠤ ᠬᠠᠮᠢᠶᠠᠷᠤᠯᠲᠠ ᠶᠢᠨ ᠠᠷᠭ᠎ᠠ︾ ᠶᠢᠨ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠬᠦ ᠬᠡᠷᠡᠭᠲᠡᠢ᠃ | ᠬᠤᠷᠢᠨ ᠳᠥᠷᠪᠡᠳᠦᠭᠡᠷ ᠵᠦᠢᠯ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠠᠶᠤᠯᠭᠦᠢ | ᠦᠢᠯᠡᠳᠪᠦᠷᠢᠯᠡᠯ ᠤᠨ ᠬᠠᠮᠢᠶᠠᠷᠤᠯᠲᠠ ᠶᠢ ᠴᠢᠩᠭᠠᠳᠬᠠᠵᠤ᠂ ᠨᠣᠴᠣᠮᠠᠲᠠᠭᠠᠢ ᠳᠡᠯᠪᠡᠷᠡᠮᠡᠲᠡᠭᠡᠢ ᠪᠣᠳᠠᠰ ᠢ ᠬᠠᠳᠠᠭᠠᠯᠠᠨ | ᠬᠠᠮᠢᠶᠠᠷᠬᠤ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠭᠡᠷᠡᠯᠲᠦᠭᠦᠯᠭᠡ ᠶᠢᠨ ᠲᠥᠬᠦᠭᠡᠷᠦᠮᠵᠢ ᠪᠠ ᠵᠣᠬᠢᠬᠤ | ᠲᠣᠭᠠᠨ ᠤ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠲᠣᠬᠢᠷᠠᠭᠤᠯᠵᠤ᠂ ᠪᠠᠴᠢᠮ ᠪᠠᠶᠢᠳᠠᠯ ᠢ ᠠᠷᠭᠠᠴᠠᠬᠤ ᠭᠠᠷᠬᠤ | ᠡᠭᠦᠳᠡ ᠪᠠ ᠭᠠᠯ ᠤᠨᠲᠠᠷᠠᠭᠠᠬᠤ ᠨᠡᠪᠲᠡᠷᠡᠬᠦ ᠵᠠᠮ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠪᠠᠴᠢᠮ ᠪᠠᠶᠢᠳᠠᠯ ᠢ | ᠠᠷᠭᠠᠴᠠᠬᠤ ᠪᠠ ᠭᠠᠯ ᠤᠨᠲᠠᠷᠠᠭᠠᠬᠤ ᠮᠡᠳᠡᠯᠭᠡ ᠶᠢᠨ ᠪᠣᠯᠪᠠᠰᠤᠷᠠᠭᠤᠯᠤᠯ ᠪᠠ ᠬᠢᠨᠠᠯᠲᠠ ᠪᠠᠶᠢᠴᠠᠭᠠᠯᠲᠠ ᠶᠢ ᠥᠷᠨᠢᠭᠦᠯᠵᠦ᠂ | ᠠᠶᠤᠯ ᠲᠦᠭᠰᠢᠭᠦᠷᠢ ᠶᠢᠨ ᠲᠠᠯᠳᠠ ᠭᠡᠮ ᠢ ᠴᠠᠭ ᠲᠤᠬᠠᠢ ᠳᠤᠨᠢ ᠣᠯᠵᠤ ᠮᠡᠳᠡᠨ ᠠᠷᠢᠯᠭᠠᠬᠤ ᠬᠡᠷᠡᠭᠲᠡᠢ᠃ ᠬᠤᠣᠷ | ᠬᠥᠨᠥᠭᠡᠯ ᠲᠠᠢ ᠬᠢᠮᠢ ᠶᠢᠨ ᠵᠦᠢᠯ ᠢ ᠬᠡᠷᠡᠭᠯᠡᠬᠦ ᠪᠠ ᠬᠠᠳᠠᠭᠠᠯᠠᠨ ᠬᠠᠮᠢᠶᠠᠷᠬᠤ ᠳᠦᠷᠢᠮ ᠢ ᠴᠢᠩᠭᠠᠳᠬᠠᠵᠤ᠂ ᠬᠤᠶᠠᠷ | ᠬᠥᠮᠥᠨ ᠬᠤᠶᠠᠷ ᠣᠨᠢᠰᠤ ᠪᠠᠷ ᠬᠠᠳᠠᠭᠠᠯᠠᠨ ᠬᠠᠮᠢᠶᠠᠷᠬᠤ ᠬᠡᠷᠡᠭᠳᠡᠢ᠃ | ᠳᠥᠷᠪᠡᠳᠦᠭᠡᠷ ᠪᠦᠯᠦᠭ ᠬᠢᠨᠠᠯᠲᠠ ᠬᠠᠮᠢᠶᠠᠷᠤᠯᠲᠠ | ᠬᠤᠷᠢᠨ ᠲᠠᠪᠤᠳᠤᠭᠠᠷ ᠵᠦᠢᠯ ᠬᠠᠷᠢᠶ᠎ᠠ ᠣᠷᠣᠨ ᠤ ᠬᠠᠮᠢᠶᠠᠷᠤᠯᠲᠠ ᠶᠢᠨ ᠵᠠᠷᠴᠢᠮ ᠶᠣᠰᠣᠭᠠᠷ᠂ ᠮᠠᠯ | ᠡᠮᠨᠡᠯᠭᠡ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠦᠨᠡᠨᠬᠦ | ᠭᠦᠢᠴᠡᠳᠬᠡᠵᠦ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠢᠨᠠᠯᠲᠠ ᠲᠠᠯᠪᠢᠨ ᠪᠠᠶᠢᠴᠠᠭᠠᠵᠤ᠂ ᠬᠠᠷᠢᠶᠠᠲᠤ ᠣᠷᠣᠨ ᠤ | ᠳᠣᠲᠣᠷᠠᠬᠢ ᠲᠤᠷᠰᠢᠯᠲᠠ ᠶᠢᠨ ᠲᠠᠰᠤᠭ ᠤᠨ ᠠᠮᠢᠳᠤ ᠪᠣᠳᠠᠰ ᠤᠨ ᠠᠮᠤᠷ ᠲᠦᠪᠰᠢᠨ ᠤ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠭᠰᠠᠨ ᠵᠢᠴᠢ ᠬᠠᠤᠯᠢ ᠲᠣᠭᠲᠠᠭᠠᠯ ᠶᠣᠰᠣᠭᠠᠷ ᠲᠤᠷᠰᠢᠯᠲᠠ ᠶᠢᠨ ᠠᠵᠢᠯᠯᠠᠭ᠎ᠠ ᠥᠷᠨᠢᠭᠦᠯᠦᠭᠰᠡᠨ | ᠵᠡᠷᠭᠡ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠵᠤ᠂ ᠲᠣᠭᠲᠠᠭᠠᠯ ᠠᠴᠠ ᠵᠥᠷᠢᠴᠡᠨ ᠠᠵᠢᠯᠯᠠᠬᠤ ᠦᠶᠯᠡ | ᠠᠵᠢᠯᠯᠠᠭ᠎ᠠ ᠶᠢ ᠴᠠᠭ ᠲᠤᠬᠠᠢ ᠳᠤᠨᠢ ᠵᠠᠯᠠᠷᠠᠭᠤᠯᠵᠤ᠂ ᠶᠠᠰᠤ ᠴᠢᠨᠠᠷ ᠤᠨ ᠠᠰᠠᠭᠤᠳᠠᠯ ᠪᠤᠶᠤ ᠠᠮᠢᠳᠤ ᠪᠣᠳᠠᠰ ᠤᠨ ᠠᠮᠤᠷ | ᠲᠦᠪᠰᠢᠨ ᠤ ᠳᠠᠯᠳᠠ ᠬᠡᠮ ᠣᠷᠣᠰᠢᠵᠤ ᠪᠠᠶᠢᠬᠤ ᠶᠢ ᠣᠯᠵᠤ ᠮᠡᠳᠡᠪᠡᠯ᠂ ᠲᠡᠭᠦᠨ ᠤ ᠪᠣᠶ ᠪᠦᠬᠦᠢ ᠪᠠᠶᠢᠴᠠᠭᠠᠨ ᠰᠢᠯᠭᠠᠬᠤ | ᠠᠵᠢᠯᠯᠠᠭ᠎ᠠ ᠶᠢ ᠲᠦᠷ ᠵᠣᠭᠰᠣᠭᠠᠵᠤ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠥᠭᠡᠷᠡᠴᠢᠯᠡᠵᠦ ᠪᠠᠷᠢᠮᠵᠢᠶ᠎ᠠ ᠳᠤ | ᠬᠦᠷᠦᠭᠦᠯᠦᠭᠰᠡᠨ ᠤ ᠳᠠᠷᠠᠭ᠎ᠠ ᠰᠠᠶ᠋ᠢ ᠲᠤᠷᠰᠢᠯᠲᠠ ᠶᠢᠨ ᠠᠵᠢᠯᠯᠠᠭ᠎ᠠ ᠶᠢ ᠳᠠᠬᠢᠨᠲᠠ ᠥᠷᠨᠢᠭᠦᠯᠵᠦ ᠪᠣᠯᠣᠨ᠎ᠠ᠃ | ᠬᠤᠷᠢᠨ ᠵᠢᠷᠭᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠮᠠᠯ ᠡᠮᠨᠡᠯᠭᠡ ᠶᠢᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠨᠢ ᠪᠦᠬᠦ ᠣᠷᠣᠨ ᠤ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠂ ᠭᠤᠣᠯᠳᠠᠯᠭ᠎ᠠ ᠲᠠᠢ ᠨᠢ ᠳᠡᠭᠡᠳᠦ ᠲᠡᠰ ᠤᠨ ᠡᠪᠡᠳᠴᠢᠨ ᠡᠭᠦᠰᠬᠡᠭᠴᠢ | ᠮᠢᠺᠷᠣᠪ ᠤᠨ ᠲᠤᠷᠰᠢᠯᠲᠠ ᠶᠢᠨ ᠲᠠᠰᠤᠭ ᠤᠨ ᠬᠢᠨᠠᠯᠲᠠ ᠬᠠᠮᠢᠶᠠᠷᠤᠯᠲᠠ ᠪᠣᠯᠣᠨ᠎ᠠ᠂ ᠮᠠᠯ ᠡᠮᠨᠡᠯᠭᠡ ᠶᠢᠨ ᠲᠤᠷᠰᠢᠯᠲᠠ ᠶᠢᠨ | ᠲᠠᠰᠤᠭ ᠤᠨ ᠠᠮᠢᠳᠤ ᠪᠣᠳᠠᠰ ᠤᠨ ᠠᠶᠤᠯᠭᠦᠢ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠵᠢᠴᠢ ᠮᠠᠯ ᠡᠮᠨᠡᠯᠭᠡ ᠶᠢᠨ | ᠲᠤᠷᠰᠢᠯᠲᠠ ᠶᠢᠨ ᠲᠠᠰᠤᠭ ᠤᠨ ᠬᠠᠷᠢᠭᠤᠴᠠᠯᠭᠠᠲᠠᠨ ᠤ ᠠᠮᠢᠳᠤ ᠪᠣᠳᠠᠰ ᠤᠨ ᠠᠶᠤᠯᠭᠦᠢ ᠶᠢᠨ ᠨᠢᠭᠡᠳᠦᠭᠡᠷ | ᠬᠠᠷᠢᠭᠤᠴᠠᠯᠭ᠎ᠠ ᠶᠢ ᠬᠢᠨᠠᠯᠲᠠ ᠲᠠᠯᠪᠢᠨ ᠨᠠᠶᠢᠳᠠᠪᠤᠷᠢᠵᠢᠭᠤᠯᠤᠨ᠎ᠠ᠂ ᠭᠤᠣᠯᠳᠠᠯᠭ᠎ᠠ ᠨᠢ ᠳᠣᠣᠷᠠᠬᠢ ᠮᠡᠲᠦ᠄ | ︵ᠨᠢᠭᠡ︶ ᠲᠤᠷᠰᠢᠯᠲᠠ ᠶᠢᠨ ᠠᠵᠢᠯᠯᠠᠭ᠎ᠠ ᠶᠢ ᠵᠥᠪᠰᠢᠶᠡᠷᠡᠭᠰᠡᠨ ᠪᠠ ᠲᠡᠭᠦᠨ ᠢ ᠭᠦᠢᠴᠡᠳᠬᠡᠭᠰᠡᠨ ᠪᠠᠶᠢᠳᠠᠯ︔ | ︵ᠬᠤᠶᠠᠷ︶ ᠪᠠᠺᠲ᠋ᠧᠷᠢ ︵ᠸᠢᠷᠦ᠋ᠰ︶ ᠪᠠ ᠡᠪᠡᠳᠴᠢᠨ ᠤ ᠮᠠᠲ᠋ᠧᠷᠢᠶᠠᠯ ︵ᠦᠯᠢᠭᠡᠷ ᠡᠳ᠋︶ ᠤᠨ ᠠᠮᠢᠳᠤ ᠪᠣᠳᠠᠰ ᠤᠨ | ᠠᠶᠤᠯᠭᠦᠢ ᠶᠢᠨ ᠬᠠᠮᠢᠶᠠᠷᠤᠯᠲᠠ ᠶᠢᠨ ᠪᠠᠶᠢᠳᠠᠯ︔ | ︵ᠭᠤᠷᠪᠠ︶ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠠᠶᠤᠯᠭᠦᠢ ᠶᠢᠨ ᠬᠠᠮᠢᠶᠠᠷᠤᠯᠲᠠ᠂ ᠠᠶᠤᠯᠭᠦᠢ ᠶᠢᠨ | ᠰᠡᠷᠭᠡᠶᠢᠯᠡᠯᠲᠡ᠂ ᠠᠷᠢᠭᠤᠳᠬᠠᠯ᠂ ᠬᠠᠯᠳᠠᠪᠤᠷᠢᠯᠠᠯ ᠢ ᠬᠢᠵᠠᠭᠠᠷᠯᠠᠬᠤ ᠪᠠ ᠠᠮᠢᠳᠤ ᠪᠣᠳᠠᠰ ᠤᠨ ᠠᠶᠤᠯᠭᠦᠢ ᠶᠢᠨ ᠠᠳᠡᠯ ᠤᠨ | ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠵᠡᠷᠭᠡ ᠳᠦᠷᠢᠮ ᠢ ᠲᠣᠭᠲᠠᠭᠠᠭᠰᠠᠨ ᠪᠠ ᠬᠡᠷᠡᠭᠵᠢᠭᠦᠯᠦᠭᠰᠡᠨ | ᠪᠠᠶᠢᠳᠠᠯ︔ | ︵ᠳᠥᠷᠪᠡ︶ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠲᠥᠬᠦᠭᠡᠷᠦᠮᠵᠢ ᠠᠷᠠᠴᠢᠯᠠᠨ ᠬᠠᠮᠠᠭᠠᠯᠠᠯᠳᠠ᠂ | ᠠᠵᠢᠯᠳᠠᠨ ᠤ ᠰᠡᠷᠭᠡᠶᠢᠯᠡᠨ ᠬᠠᠮᠠᠭᠠᠯᠠᠯᠳᠠ᠂ ᠬᠠᠶᠠᠭᠳᠠᠮᠠᠯ ᠪᠣᠳᠠᠰ ᠤᠨ ᠰᠢᠢᠳᠪᠦᠷᠢᠯᠡᠯᠳᠡ ᠵᠡᠷᠭᠡ ᠪᠠᠶᠢᠳᠠᠯ︔ | ︵ᠲᠠᠪᠤ︶ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠠᠮᠢᠳᠤ ᠪᠣᠳᠠᠰ ᠤᠨ ᠠᠶᠤᠯᠭᠦᠢ ᠶᠢᠨ ᠭᠠᠷ ᠳᠡᠪᠲᠡᠷ᠂ | ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠪᠠᠷᠢᠮᠵᠢᠶᠠᠲᠤ ᠠᠵᠢᠯᠯᠠᠬᠤ ᠳᠦᠷᠢᠮ ᠵᠡᠷᠭᠡ ᠳᠦᠷᠢᠮ ᠢ ᠪᠣᠳᠠᠲᠠᠢ | ᠬᠡᠷᠡᠭᠵᠢᠭᠦᠯᠦᠭᠰᠡᠨ ᠪᠠᠶᠢᠳᠠᠯ︔ | ︵ᠵᠢᠷᠭᠤᠭ᠎ᠠ︶ ᠲᠤᠷᠰᠢᠯᠲᠠ ᠶᠢᠨ ᠠᠵᠢᠯᠯᠠᠭ᠎ᠠ ᠶᠢᠨ ᠪᠠᠶᠢᠳᠠᠯ ᠢᠶᠠᠨ ᠥᠪᠡᠷᠲᠡᠭᠡᠨ ᠵᠠᠰᠠᠬᠤ ᠣᠷᠣᠨ ᠤ ᠮᠠᠯ | ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠤᠯᠠᠷᠢᠯ ᠪᠦᠷᠢ ᠮᠡᠳᠡᠭᠦᠯᠦᠨ ᠬᠦᠷᠭᠡᠨ᠎ᠡ᠃ | ᠬᠤᠷᠢᠨ ᠳᠣᠯᠣᠳᠤᠭᠠᠷ ᠵᠦᠢᠯ ᠠᠶᠢᠮᠠᠭ ᠬᠤᠳᠠ ᠶᠢᠨ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ | ᠮᠥᠴᠢᠷ ᠨᠢ ᠬᠠᠷᠢᠶ᠎ᠠ ᠣᠷᠣᠨ ᠤ ᠪᠠᠨ ᠳᠣᠲᠣᠷᠠᠬᠢ ᠬᠤᠰᠢᠭᠤ ᠰᠢᠶᠠᠨ ᠲᠣᠭᠤᠷᠢᠭ ᠤᠨ ᠠᠮᠢᠳᠠᠨ ᠤ ᠬᠢᠵᠢᠭ | ᠡᠪᠡᠳᠴᠢᠨ ᠢ ᠤᠷᠢᠳᠴᠢᠯᠠᠨ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ᠂ ᠳᠡᠭᠡᠳᠦ ᠰᠤᠷᠭᠠᠭᠤᠯᠢ᠂ ᠰᠢᠨᠵᠢᠯᠡᠬᠦ | ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠪᠣᠭᠤᠮᠲᠠ ᠵᠡᠷᠭᠡ ᠰᠠᠯᠠᠭ᠎ᠠ ᠮᠥᠴᠢᠷ᠂ ᠮᠠᠯ ᠤᠨ ᠡᠮ | ᠦᠢᠯᠡᠳᠪᠦᠷᠢᠯᠡᠬᠦ ᠠᠵᠤ ᠠᠬᠤᠶᠢᠯᠠᠯ ᠤᠨ ᠲᠤᠷᠰᠢᠯᠲᠠ ᠶᠢᠨ ᠲᠠᠰᠤᠭ ᠵᠢᠴᠢ ᠭᠤᠷᠪᠠᠳᠠᠭᠢ ᠡᠲᠡᠭᠡᠳ ᠤᠨ ᠪᠠᠶᠢᠴᠠᠭᠠᠨ | ᠰᠢᠯᠭᠠᠬᠤ ᠪᠠᠶᠢᠭᠤᠯᠤᠮᠵᠢ ᠶᠢᠨ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠲᠤ ᠬᠢᠨᠠᠯᠲᠠ ᠲᠠᠯᠪᠢᠵᠤ ᠬᠠᠮᠢᠶᠠᠷᠬᠤ ᠪᠠ | ᠳᠠᠩᠰᠠᠯᠠᠬᠤ ᠶᠢ ᠬᠠᠷᠢᠭᠤᠴᠠᠨ᠎ᠠ᠃ ᠬᠤᠰᠢᠭᠤ ᠰᠢᠶᠠᠨ ᠲᠣᠭᠤᠷᠢᠭ ᠤᠨ ᠮᠠᠯ ᠡᠮᠨᠡᠯᠭᠡ ᠶᠢᠨ ᠰᠠᠯᠠᠭ᠎ᠠ ᠮᠥᠴᠢᠷ ᠨᠢ | ᠬᠠᠷᠢᠶ᠎ᠠ ᠣᠷᠣᠨ ᠤ ᠳᠣᠲᠣᠷᠠᠬᠢ ᠲᠡᠵᠢᠭᠡᠨ ᠦᠷᠡᠵᠢᠭᠦᠯᠬᠦ ᠲᠠᠯᠠᠪᠠᠶ᠂ ᠨᠢᠲᠤᠯᠬᠤ ᠲᠠᠯᠠᠪᠠᠶ ᠪᠣᠯᠣᠨ ᠡᠪᠡᠳᠴᠢᠨ ᠢᠶᠠᠷ | ᠦᠬᠦᠭᠰᠡᠨ ᠮᠠᠯ ᠵᠢᠭᠦᠷᠲᠡᠨ ᠢ ᠬᠤᠣᠷ ᠦᠭᠡᠶᠢᠳᠡᠭᠦᠯᠦᠨ ᠰᠢᠢᠳᠪᠦᠷᠢᠯᠡᠬᠦ ᠦᠢᠯᠡᠳᠪᠦᠷᠢ ᠵᠡᠷᠭᠡ ᠥᠪᠡᠰᠦᠪᠡᠨ | ᠪᠠᠶᠢᠭᠤᠯᠵᠤ ᠥᠪᠡᠰᠦᠪᠡᠨ ᠪᠠᠶᠢᠴᠠᠭᠠᠬᠤ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠬᠢᠨᠠᠯᠲᠠ | ᠬᠠᠮᠢᠶᠠᠷᠤᠯᠲᠠ ᠶᠢ ᠬᠠᠷᠢᠭᠤᠴᠠᠨ᠎ᠠ᠃ | ᠬᠤᠷᠢᠨ ᠨᠠᠢᠮᠠᠳᠤᠭᠠᠷ ᠵᠦᠢᠯ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠬᠢᠨᠠᠯᠲᠠ | ᠲᠠᠯᠪᠢᠵᠤ ᠪᠠᠶᠢᠴᠠᠭᠠᠬᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠡᠭᠡᠨ ᠳᠣᠣᠷ᠎ᠠ ᠵᠢᠭᠰᠠᠭᠠᠭᠰᠠᠨ ᠠᠷᠭ᠎ᠠ | ᠬᠡᠮᠵᠢᠶ᠎ᠡ ᠶᠢ ᠠᠪᠬᠤ ᠡᠷᠬᠡ ᠲᠠᠢ᠄ | ︵ᠨᠢᠭᠡ︶ ᠥᠷᠨᠢᠭᠦᠯᠦᠭᠰᠡᠨ ᠠᠮᠢᠲᠠᠨ ᠤ ᠬᠢᠵᠢᠭ ᠡᠪᠡᠳᠴᠢᠨ ᠢ ᠪᠠᠶᠢᠴᠠᠭᠠᠨ ᠰᠢᠯᠭᠠᠬᠤ ᠠᠵᠢᠯᠯᠠᠭ᠎ᠠ ᠶᠢ | ᠲᠤᠬᠠᠢ ᠶᠢᠨ ᠭᠠᠵᠠᠷ ᠲᠤᠨᠢ ᠪᠠᠶᠢᠴᠠᠭᠠᠵᠤ᠂ ᠪᠠᠶᠢᠳᠠᠯ ᠢ ᠣᠶᠢᠯᠠᠭᠠᠵᠤ᠂ ᠪᠠᠶᠢᠴᠠᠭᠠᠵᠤ ᠭᠡᠷᠡᠴᠢ ᠠᠪᠬᠤ︔ | ︵ᠬᠤᠶᠠᠷ ᠠᠮᠢᠲᠠᠨ ᠤ ᠬᠢᠵᠢᠭ ᠡᠪᠡᠳᠴᠢᠨ ᠢ ᠪᠠᠶᠢᠴᠠᠭᠠᠨ ᠰᠢᠯᠭᠠᠬᠤ ᠠᠵᠢᠯᠯᠠᠭ᠎ᠠ ᠶᠢᠨ ᠶᠠᠰᠤ ᠴᠢᠨᠠᠷ ᠪᠠ | ᠠᠮᠢᠳᠤ ᠪᠣᠳᠠᠰ ᠤᠨ ᠠᠶᠤᠯᠭᠦᠢ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠮᠠᠲ᠋ᠧᠷᠢᠶᠠᠯ ᠢ ᠪᠠᠶᠢᠴᠠᠭᠠᠨ ᠦᠵᠡᠬᠦ | ᠪᠤᠶᠤ ᠪᠠᠭᠤᠯᠭᠠᠨ ᠠᠪᠴᠤ᠂ ᠦᠯᠢᠭᠡᠷ ᠡᠳ᠋ ᠢ ᠴᠤᠭᠯᠠᠭᠤᠯᠵᠤ᠂ ᠪᠢᠲᠡᠭᠦᠮᠵᠢᠯᠡᠨ ᠬᠠᠳᠠᠭᠠᠯᠠᠬᠤ︔ | ︵ᠭᠤᠷᠪᠠ︶ ᠡᠪᠡᠳᠴᠢᠨ ᠡᠭᠦᠰᠬᠡᠭᠴᠢ ᠮᠢᠺᠷᠣᠪ ᠪᠠᠺᠲ᠋ᠧᠷᠢ ︵ᠬᠤᠣᠷ︶ ᠶᠢᠨ ᠦᠷ᠎ᠡ᠂ ᠥᠯᠢᠭᠡᠷ ᠡᠳ᠋ ᠢ | ᠴᠤᠭᠯᠠᠭᠤᠯᠬᠤ᠂ ᠲᠡᠭᠡᠭᠡᠪᠦᠷᠢᠯᠡᠬᠦ᠂ ᠬᠠᠳᠠᠭᠠᠯᠠᠬᠤ ᠳᠤ ᠬᠢᠨᠠᠯᠲᠠ ᠲᠠᠯᠪᠢᠵᠤ ᠪᠠᠶᠢᠴᠠᠭᠠᠬᠤ᠃ | ᠬᠤᠷᠢ ᠶᠢᠰᠦᠳᠦᠭᠡᠷ ᠵᠦᠢᠯ ᠣᠨᠣᠰᠢᠯᠠᠬᠤ᠂ ᠬᠢᠨᠠᠨ ᠬᠡᠮᠵᠢᠬᠦ᠂ ᠪᠠᠶᠢᠴᠠᠭᠠᠨ ᠬᠡᠮᠵᠢᠬᠦ᠂ ᠵᠢᠭᠠᠨ ᠰᠤᠷᠭᠠᠬᠤ᠂ | ᠰᠢᠨᠵᠢᠯᠡᠬᠦ ᠤᠬᠠᠭᠠᠨ ᠤ ᠰᠤᠳᠤᠯᠭᠠᠨ ᠬᠢᠬᠦ ᠵᠡᠷᠭᠡ ᠶᠠᠪᠤᠴᠠ ᠳᠤ ᠠᠮᠢᠲᠠᠨ ᠤ ᠬᠢᠵᠢᠭ ᠬᠠᠯᠳᠠᠪᠤᠷᠢᠯᠠᠭᠰᠠᠨ ᠪᠤᠶᠤ | ᠬᠢᠵᠢᠭ ᠬᠠᠯᠳᠠᠪᠤᠷᠢᠯᠠᠭᠰᠠᠨ ᠰᠡᠵᠢᠭᠯᠡᠯ ᠲᠠᠢ ᠪᠠᠶᠢᠬᠤ ᠶᠢ ᠣᠯᠵᠤ ᠮᠡᠳᠡᠪᠡᠯ᠂ ᠪᠠᠶᠢᠭ᠎ᠠ ᠭᠠᠵᠠᠷ ᠤᠨ ᠢᠶᠠᠨ ᠮᠠᠯ | ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠤᠶᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ | ᠬᠢᠵᠠᠭᠠᠷᠯᠠᠬᠤ ᠪᠠᠶᠢᠭᠤᠯᠤᠮᠵᠢ ᠳᠤ ᠲᠡᠷᠡ ᠳᠠᠷᠤᠢ ᠳᠤᠨᠢ ᠮᠡᠳᠡᠭᠦᠯᠬᠦ ᠬᠡᠷᠡᠭᠲᠡᠢ᠂ ᠡᠷᠬᠡ ᠣᠯᠭᠤᠭᠰᠠᠨ ᠦᠭᠡᠢ ᠪᠣᠯ | ᠠᠮᠢᠲᠠᠨ ᠤ ᠬᠢᠵᠢᠭ ᠤᠨ ᠪᠠᠶᠢᠳᠠᠯ ᠢ ᠨᠡᠶᠢᠲᠡᠯᠡᠵᠦ ᠪᠣᠯᠬᠤ ᠦᠭᠡᠢ᠃ ᠳᠡᠪᠰᠢᠭᠦᠯᠦᠭᠰᠡᠨ ᠡᠷᠳᠡᠮ ᠰᠢᠨᠵᠢᠯᠡᠭᠡᠨ ᠤ | ᠮᠡᠳᠡᠭᠦᠯᠦᠯᠲᠡ᠂ ᠨᠡᠶᠢᠲᠡᠯᠡᠭᠰᠡᠨ ᠬᠠᠮᠢᠶ᠎ᠠ ᠪᠦᠬᠦᠢ ᠵᠣᠬᠢᠶᠠᠯ ᠵᠢᠴᠢ ᠭᠠᠳᠠᠭᠠᠳᠤ ᠳᠤ ᠬᠠᠩᠭᠠᠭᠰᠠᠨ ᠲᠤᠷᠰᠢᠯᠲᠠ ᠶᠢᠨ | ᠲᠠᠰᠤᠭ ᠤᠨ ᠰᠤᠳᠤᠯᠭᠠᠨ ᠤ ᠦᠷ᠎ᠡ ᠪᠦᠲᠦᠭᠡᠯ ᠳᠠᠬᠢ ᠠᠮᠢᠲᠠᠨ ᠤ ᠬᠢᠵᠢᠭ ᠤᠨ ᠪᠠᠶᠢᠳᠠᠯ ᠪᠤᠶᠤ ᠬᠢᠨᠠᠨ ᠬᠡᠮᠵᠢᠯᠲᠡ ᠶᠢᠨ | ᠠᠷᠭ᠎ᠠ ᠴᠢᠨᠠᠷ ᠲᠤ ᠬᠤᠯᠪᠣᠭᠳᠠᠭᠰᠠᠨ ᠵᠡᠷᠭᠡ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ | ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ᠃ | ᠭᠤᠴᠢᠳᠤᠭᠠᠷ ᠵᠦᠢᠯ ᠬᠤᠳᠠᠯ ᠬᠠᠭᠤᠷᠮᠠᠭ ᠰᠢᠯᠭᠠᠨ ᠪᠠᠶᠢᠴᠠᠭᠠᠯᠲᠠ / ᠪᠠᠶᠢᠴᠠᠭᠠᠨ ᠬᠡᠮᠵᠢᠯᠲᠡ ᠶᠢᠨ | ᠮᠡᠳᠡᠭᠦᠯᠦᠯᠲᠡ ᠭᠠᠷᠭᠠᠭᠰᠠᠨ᠂ ᠬᠦᠨᠳᠦ ᠡᠪᠡᠳᠴᠢᠯᠡᠭᠦᠯᠬᠦ ᠴᠢᠨᠠᠷᠲᠠᠢ ᠠᠮᠢᠲᠠᠨ ᠤ ᠡᠪᠡᠳᠴᠢᠨ ᠡᠭᠦᠰᠬᠡᠬᠦ ᠮᠢᠺᠷᠣᠪ ᠤᠨ | ᠲᠤᠷᠰᠢᠯᠲᠠ ᠶᠢᠨ ᠠᠵᠢᠯᠯᠠᠭ᠎ᠠ ᠶᠢ ᠵᠥᠪᠰᠢᠶᠡᠷᠡᠭᠦᠯᠦᠭᠰᠡᠨ ᠦᠭᠡᠢ ᠪᠠᠷ ᠥᠷᠨᠢᠭᠦᠯᠦᠭᠰᠡᠨ᠂ ᠠᠮᠢᠲᠠᠨ ᠤ ᠬᠦᠨᠳᠦ ᠶᠡᠭᠡ | ᠬᠢᠵᠢᠭ ᠡᠪᠡᠳᠴᠢᠨ ᠤ ᠮᠠᠲ᠋ᠧᠷᠢᠶᠠᠯ ᠢ ᠳᠤᠷ᠎ᠠ ᠪᠠᠷ ᠢᠶᠠᠨ ᠴᠤᠭᠯᠠᠭᠤᠯᠤᠭᠰᠠᠨ᠂ ᠬᠡᠪᠴᠢᠶ᠎ᠡ ᠠᠴᠠ ᠬᠡᠲᠦᠷᠡᠭᠦᠯᠦᠨ ᠰᠢᠯᠭᠠᠨ | ᠪᠠᠶᠢᠴᠠᠭᠠᠭᠰᠠᠨ ᠵᠡᠷᠭᠡ ᠦᠢᠯᠡ ᠠᠵᠢᠯᠯᠠᠭ᠎ᠠ ᠳᠤ ᠬᠠᠤᠯᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ | ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ | ᠲᠠᠪᠤᠳᠤᠭᠠᠷ ᠪᠦᠯᠦᠭ ᠪᠠᠲᠤᠯᠠᠭ᠎ᠠ ᠶᠢᠨ ᠠᠷᠭ᠎ᠠ ᠬᠡᠮᠵᠢᠶ᠎ᠡ | ᠭᠤᠴᠢᠨ ᠨᠢᠭᠡᠳᠦᠭᠡᠷ ᠵᠦᠢᠯ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠮᠢᠳᠤ | ᠪᠣᠳᠠᠰ ᠤᠨ ᠠᠮᠤᠷ ᠲᠦᠪᠰᠢᠨ ᠤ ᠤᠬᠠᠮᠰᠠᠷ ᠢᠶᠠᠨ ᠴᠢᠩᠭᠠᠳᠬᠠᠵᠤ᠂ ᠨᠢᠭᠡᠳᠦᠯᠲᠡᠢ ᠲᠥᠯᠥᠪᠯᠡᠨ ᠨᠡᠶᠢᠳᠡ ᠳᠤᠨᠢ | ᠬᠠᠷᠠᠭᠠᠯᠵᠠᠵᠤ᠂ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠪᠠ ᠴᠢᠳᠠᠮᠵᠢ ᠶᠢᠨ ᠪᠠᠶᠢᠷᠢ ᠲᠣᠭᠲᠠᠭᠠᠯᠲᠠ ᠶᠢ | ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠲᠤᠷᠰᠢᠯᠲᠠ ᠶᠢᠨ ᠠᠵᠢᠯᠲᠠᠨ ᠤ ᠡᠩᠨᠡᠭᠡ ᠪᠠ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ | ᠪᠦᠷᠢᠨᠰᠢᠭᠦᠯᠵᠦ᠂ ᠲᠤᠷᠰᠢᠯᠲᠠ ᠶᠢᠨ ᠲᠠᠰᠤᠭ ᠤᠨ ᠥᠨᠳᠥᠷ ᠪᠦᠲᠦᠮᠵᠢᠲᠡᠢ ᠠᠵᠢᠯᠯᠠᠬᠤ ᠶᠢ ᠪᠠᠳᠤᠯᠠᠬᠤ ᠬᠡᠷᠡᠭᠳᠡᠢ᠃ | ᠭᠤᠴᠢᠨ ᠬᠤᠶᠠᠳᠤᠭᠠᠷ ᠵᠦᠢᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢᠲᠠᠨ ᠤ | ᠬᠢᠵᠢᠭ ᠤᠨ ᠪᠠᠶᠢᠳᠠᠯ ᠢ ᠰᠢᠢᠳᠪᠦᠷᠢᠯᠡᠬᠦ ᠠᠵᠢᠯᠲᠠᠨ ᠤ ᠲᠦᠷ ᠴᠠᠭ ᠤᠨ ᠴᠢᠨᠠᠷᠲᠠᠢ ᠠᠵᠢᠯ ᠤᠨ ᠨᠥᠬᠦᠪᠦᠷᠢ ᠶᠢᠨ | ᠪᠠᠷᠢᠮᠵᠢᠶ᠎ᠠ ᠶᠢ ᠪᠠᠶᠢᠭᠤᠯᠬᠤ ᠲᠤᠬᠠᠢ ᠮᠡᠳᠡᠭᠳᠡᠯ︾ ᠢ ᠦᠨᠳᠦᠰᠦᠯᠡᠨ᠂ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ | ᠪᠠᠶᠢᠭᠤᠯᠤᠭᠰᠠᠨ ᠨᠢᠭᠡᠴᠡ ᠨᠢ ᠠᠮᠢᠲᠠᠨ ᠤ ᠬᠢᠵᠢᠭ ᠡᠪᠡᠳᠴᠢᠨ ᠢ ᠣᠨᠣᠰᠢᠯᠠᠬᠤ᠂ ᠬᠢᠨᠠᠨ ᠬᠡᠮᠵᠢᠬᠦ᠂ ᠪᠠᠶᠢᠴᠠᠭᠠᠨ ᠬᠡᠮᠵᠢᠬᠦ | ᠵᠡᠷᠭᠡ ᠬᠠᠮᠢᠶ᠎ᠠ ᠪᠦᠬᠦᠢ ᠠᠵᠢᠯ ᠵᠢᠴᠢ ᠠᠵᠢᠯᠯᠠᠭᠤᠯᠵᠤ ᠪᠠᠲᠤᠯᠠᠬᠤ ᠵᠠᠷᠤᠳᠠᠯ ᠤᠨ ᠲᠠᠯ᠎ᠠ ᠪᠠᠷ ᠴᠢᠬᠤᠯᠠ ᠪᠦᠬᠦᠢ | ᠳᠡᠮᠵᠢᠯᠭᠡ ᠦᠵᠡᠭᠦᠯᠵᠦ᠂ ᠲᠠᠷᠢᠶᠠᠯᠠᠩ ᠤᠨ ᠬᠤᠣᠷ ᠬᠥᠨᠥᠭᠡᠯ ᠤᠨ ᠡᠷᠡᠭᠦᠯᠵᠢᠯ ᠤᠨ ᠨᠡᠮᠡᠭᠦᠷᠢ ᠪᠠ ᠮᠠᠯ ᠠᠵᠤ ᠠᠬᠤᠢ | ᠮᠠᠯ ᠡᠮᠨᠡᠯᠭᠡ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠨᠡᠮᠡᠭᠦᠷᠢ ᠣᠯᠭᠤᠬᠤ ᠶᠢ ᠨᠠᠶᠢᠳᠠᠪᠤᠷᠢᠵᠢᠭᠤᠯᠤᠨ᠂ ᠮᠠᠯ | ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ | ᠭᠤᠴᠢᠨ ᠭᠤᠷᠪᠠᠳᠤᠭᠠᠷ ᠵᠦᠢᠯ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠪᠤᠶᠤ ᠮᠠᠯ ᠡᠮᠨᠡᠯᠭᠡ ᠶᠢᠨ | ᠲᠤᠷᠰᠢᠯᠲᠠ ᠶᠢᠨ ᠲᠠᠰᠤᠭ ᠪᠠᠶᠢᠭᠤᠯᠤᠭᠰᠠᠨ ᠨᠢᠭᠡᠴᠡ ᠵᠢᠯ ᠪᠦᠷᠢ ᠲᠤᠷᠰᠢᠯᠲᠠ ᠬᠢᠵᠦ ᠪᠠᠶᠢᠭ᠎ᠠ ᠬᠥᠮᠥᠰ ᠲᠤ | ᠪᠣᠯᠪᠠᠰᠤᠷᠠᠯ ᠬᠢᠵᠦ᠂ ᠲᠤᠷᠰᠢᠯᠲᠠ ᠶᠢᠨ ᠲᠠᠰᠤᠭ ᠤᠨ ᠮᠡᠷᠭᠡᠵᠢᠯ ᠤᠨ ᠵᠢᠷᠤᠮᠵᠢᠯ᠂ ᠠᠵᠢᠯᠯᠠᠬᠤ ᠳᠦᠷᠢᠮ᠂ ᠠᠮᠢᠳᠤ | ᠪᠣᠳᠠᠰ ᠤᠨ ᠠᠶᠤᠯᠭᠦᠢ ᠶᠢᠨ ᠬᠠᠮᠠᠭᠠᠯᠠᠯᠲᠠ ᠶᠢᠨ ᠮᠡᠳᠡᠯᠭᠡ ᠪᠠ ᠪᠣᠳᠠᠲᠠᠢ ᠠᠵᠢᠯᠯᠠᠬᠤ ᠤᠷ᠎ᠠ ᠴᠢᠳᠠᠪᠤᠷᠢ ᠶᠢ | ᠡᠵᠡᠮᠰᠢᠬᠦ ᠶᠢ ᠨᠢ ᠪᠠᠲᠤᠯᠠᠬᠤ ᠶᠢᠨ ᠬᠠᠮᠲᠤ ᠬᠢᠨᠠᠨ ᠰᠢᠯᠭᠠᠵᠤ᠂ ᠬᠢᠨᠠᠨ ᠰᠢᠯᠭᠠᠭᠠᠳ ᠬᠢᠷᠢ ᠲᠡᠩᠴᠡᠭᠰᠡᠨ ᠤ ᠳᠠᠷᠠᠭ᠎ᠠ | ᠰᠠᠶ᠋ᠢ ᠠᠵᠢᠯ ᠤᠨ ᠪᠠᠶᠢᠷᠢ ᠳᠤ ᠭᠠᠷᠭᠠᠵᠤ ᠪᠣᠯᠣᠨ᠎ᠠ᠃ | ᠵᠢᠷᠭᠤᠳᠤᠭᠠᠷ ᠪᠦᠯᠦᠭ ᠳᠠᠩᠰᠠᠯᠠᠬᠤ ᠬᠠᠮᠢᠶᠠᠷᠤᠯᠳᠠ | ᠭᠤᠴᠢᠨ ᠳᠥᠷᠪᠡᠳᠦᠭᠡᠷ ᠵᠦᠢᠯ ᠠᠮᠢᠲᠠᠨ ᠤ ᠡᠪᠡᠳᠴᠢᠨ ᠡᠭᠦᠰᠬᠡᠬᠦ ᠮᠢᠺᠷᠣᠪ ᠪᠠᠺᠲ᠋ᠧᠷᠢ ︵ᠬᠤᠣᠷ︶ ᠶᠢᠨ | ᠲᠦᠷᠦᠯ᠂ ᠦᠯᠢᠭᠡᠷ ᠡᠳ᠋ ᠢ ᠣᠨᠣᠰᠢᠯᠠᠬᠤ᠂ ᠬᠢᠨᠠᠨ ᠬᠡᠮᠵᠢᠬᠦ᠂ ᠰᠢᠯᠭᠠᠨ ᠬᠡᠮᠵᠢᠬᠦ᠂ ᠵᠢᠭᠠᠨ ᠰᠤᠷᠭᠠᠬᠤ᠂ ᠰᠢᠨᠵᠢᠯᠡᠬᠦ | ᠤᠬᠠᠭᠠᠨ ᠤ ᠰᠤᠳᠤᠯᠭᠠᠨ ᠬᠢᠬᠦ ᠵᠡᠷᠭᠡ ᠠᠵᠢᠯᠯᠠᠭ᠎ᠠ ᠶᠢ ᠬᠢᠵᠦ ᠪᠠᠶᠢᠭ᠎ᠠ ᠨᠢᠭᠡᠳᠦᠭᠡᠷ ᠳᠡᠰ ᠤᠨ᠂ ᠬᠤᠶᠠᠳᠤᠭᠠᠷ ᠳᠡᠰ ᠤᠨ | ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ︵ᠰᠢᠯᠵᠢᠮᠡᠯ ᠬᠡᠯᠪᠡᠷᠢ ᠶᠢᠨ ᠲᠤᠷᠰᠢᠯᠲᠠ ᠶᠢᠨ ᠲᠠᠰᠤᠭ ᠪᠠᠭᠲᠠᠨ᠎ᠠ︶ ᠢ | ᠲᠠᠩᠰᠠᠯᠠᠨ ᠲᠡᠮᠳᠡᠭᠯᠡᠬᠦ ᠬᠡᠷᠡᠭᠲᠡᠢ᠃ | ᠭᠤᠴᠢᠨ ᠲᠠᠪᠤᠳᠤᠭᠠᠷ ᠵᠦᠢᠯ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠵᠠᠷᠴᠢᠮ ᠤᠨ ᠶᠣᠰᠣᠭᠠᠷ᠂ | ᠲᠣᠭᠤᠷᠢᠭ ᠪᠠᠶᠢᠭᠤᠯᠤᠭᠰᠠᠨ ᠠᠶᠢᠮᠠᠭ ᠬᠤᠳᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠮᠠᠯ | ᠠᠵᠤ ᠠᠬᠤᠢ ᠶᠢᠨ ᠰᠠᠯᠠᠭ᠎ᠠ ᠮᠥᠴᠢᠷ ᠨᠢ ᠬᠠᠷᠢᠶ᠎ᠠ ᠣᠷᠣᠨ ᠤ ᠳᠣᠲᠣᠷᠠᠬᠢ ᠲᠤᠷᠰᠢᠯᠲᠠ ᠶᠢᠨ ᠳᠠᠰᠤᠬ ᠢ ᠲᠠᠩᠰᠠᠯᠠᠨ | ᠲᠡᠮᠳᠡᠭᠯᠡᠬᠦ ᠠᠵᠢᠯ ᠢ ᠬᠠᠷᠢᠭᠤᠴᠠᠨ᠎ᠠ᠃ | ᠭᠤᠴᠢᠨ ᠵᠢᠷᠭᠤᠳᠤᠭᠠᠷ ᠵᠦᠢᠯ ᠳᠠᠩᠰᠠᠯᠠᠬᠤ ᠠᠭᠤᠯᠭ᠎ᠠ ᠳᠤ᠄ ᠲᠤᠷᠰᠢᠯᠲᠠ ᠶᠢᠨ ᠲᠠᠰᠤᠭ ᠵᠢᠴᠢ ᠲᠡᠭᠦᠨ ᠢ | ᠪᠠᠶᠢᠭᠤᠯᠤᠭᠰᠠᠨ ᠨᠢᠭᠡᠴᠡ ᠶᠢᠨ ᠦᠨᠳᠦᠰᠦᠨ ᠪᠠᠶᠢᠳᠠᠯ᠂ ᠲᠤᠷᠰᠢᠯᠲᠠ ᠶᠢᠨ ᠲᠠᠰᠤᠭ ᠤᠨ ᠬᠠᠷᠢᠭᠤᠴᠠᠯᠭᠠᠲᠠᠨ ᠤ ᠪᠠᠶᠢᠳᠠᠯ᠂ | ᠠᠵᠢᠯᠲᠠᠨ ᠤ ᠪᠠᠶᠢᠳᠠᠯ᠂ ᠬᠠᠪᠲᠠᠭᠠᠢ ᠶᠢᠨ ᠪᠠᠶᠢᠷᠢᠯᠠᠭᠤᠯᠤᠯᠲᠠ᠂ ᠭᠤᠣᠯ ᠪᠣᠯᠬᠤ ᠪᠡᠯᠡᠳᠬᠡᠮᠵᠢ ᠲᠥᠬᠦᠭᠡᠷᠦᠮᠵᠢ᠂ ᠠᠮᠢᠳᠤ | ᠪᠣᠳᠠᠰ ᠤᠨ ᠠᠶᠤᠯᠭᠦᠢ ᠶᠢᠨ ᠬᠠᠮᠢᠶᠠᠷᠤᠯᠲᠠ ᠶᠢᠨ ᠰᠢᠰᠲ᠋ᠧᠮ᠂ ᠬᠢᠬᠦ ᠪᠠᠷ ᠪᠠᠶᠢᠭ᠎ᠠ ᠲᠤᠷᠰᠢᠯᠲᠠ ᠶᠢᠨ ᠠᠵᠢᠯᠯᠠᠭ᠎ᠠ ᠶᠢᠨ | ᠬᠦᠷᠢᠶ᠎ᠡ ᠬᠡᠪᠴᠢᠶ᠎ᠡ ᠵᠡᠷᠭᠡ ᠶᠢ ᠪᠠᠭᠲᠠᠭᠠᠬᠤ ᠬᠡᠷᠡᠭᠲᠡᠢ᠃ ᠠᠳᠠᠯᠢ ᠨᠢᠭᠡᠨ ᠢᠵᠢ ᠠᠮᠢᠳᠤ ᠪᠣᠳᠠᠰ ᠤᠨ ᠠᠮᠤᠷ | ᠲᠦᠪᠰᠢᠨ ᠤ ᠬᠠᠮᠢᠶᠠᠷᠤᠯᠲᠠ ᠶᠢᠨ ᠰᠢᠰᠲ᠋ᠧᠮ ᠳᠣᠣᠷᠠᠬᠢ ᠠᠳᠠᠯᠢ ᠪᠤᠰᠤ ᠲᠤᠷᠰᠢᠯᠲᠠ ᠶᠢᠨ ᠲᠠᠰᠤᠭ ᠢ ᠨᠢᠭᠡᠨ | ᠲᠤᠷᠰᠢᠯᠲᠠ ᠶᠢᠨ ᠲᠠᠰᠤᠭ ᠤᠨ ᠬᠤᠪᠢ ᠪᠠᠷ ᠳᠠᠩᠰᠠᠯᠠᠵᠤ᠂ ᠠᠳᠠᠯᠢ ᠪᠤᠰᠤ ᠠᠮᠢᠳᠤ ᠪᠣᠳᠠᠰ ᠤᠨ ᠠᠮᠤᠷ ᠲᠦᠪᠰᠢᠨ ᠤ | ᠬᠠᠮᠢᠶᠠᠷᠤᠯᠲᠠ ᠶᠢᠨ ᠰᠢᠰᠲ᠋ᠧᠮ ᠢ ᠬᠡᠷᠡᠭᠯᠡᠭᠰᠡᠨ ᠲᠤᠷᠰᠢᠯᠲᠠ ᠶᠢᠨ ᠲᠠᠰᠤᠭ ᠢ ᠲᠣᠰ ᠲᠣᠰ ᠲᠤᠰᠠᠭᠠᠷ ᠳᠠᠩᠰᠠᠯᠠᠬᠤ | ᠬᠡᠷᠡᠭᠳᠡᠢ᠃ | ᠭᠤᠴᠢᠨ ᠳᠣᠯᠣᠳᠤᠭᠠᠷ ᠵᠦᠢᠯ ᠳᠠᠩᠰᠠᠯᠠᠭᠤᠯᠬᠤ ᠵᠢᠷᠤᠮ ᠳᠤ ᠳᠣᠣᠷᠠᠬᠢ ᠵᠦᠢᠯᠡᠰ ᠪᠠᠭᠲᠠᠨ᠎ᠠ᠄ | ︵ᠨᠢᠭᠡ︶ ᠲᠤᠷᠰᠢᠯᠲᠠ ᠶᠢᠨ ᠲᠠᠰᠤᠭ ᠪᠠᠶᠢᠭᠤᠯᠤᠭᠰᠠᠨ ᠨᠢᠭᠡᠴᠡ ᠨᠢ ᠳᠠᠩᠰᠠᠯᠠᠭᠤᠯᠬᠤ ᠠᠴᠠ ᠡᠮᠦᠨ᠎ᠡ | ᠲᠤᠷᠰᠢᠯᠲᠠ ᠶᠢᠨ ᠲᠠᠰᠤᠭ ᠤᠨ ᠠᠮᠢᠳᠤ ᠪᠣᠳᠠᠰ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠬᠢᠷᠢ ᠬᠡᠮᠵᠢᠶ᠎ᠡ᠂ | ᠲᠤᠷᠰᠢᠯᠲᠠ ᠶᠢᠨ ᠲᠠᠰᠤᠭ ᠤᠨ ᠪᠠᠶᠢᠷᠢᠰᠢᠭᠤᠯᠤᠯᠲᠠ ᠶᠢᠨ ᠵᠦᠢ ᠵᠣᠬᠢᠰᠲᠠᠢ ᠴᠢᠨᠠᠷ᠂ ᠠᠮᠤᠷ ᠲᠦᠪᠰᠢᠨ ᠤ | ᠬᠠᠮᠢᠶᠠᠷᠤᠯᠲᠠ ᠶᠢᠨ ᠰᠢᠰᠲ᠋ᠧᠮᠵᠢ ᠶᠢᠨ ᠪᠢᠴᠢᠭ ᠮᠠᠲ᠋ᠧᠷᠢᠶᠠᠯ ᠤᠨ ᠠᠭᠤᠯᠭ᠎ᠠ ᠶᠢᠨ ᠪᠦᠷᠢᠨ ᠪᠦᠲᠦᠨ ᠴᠢᠨᠠᠷ ᠬᠢᠭᠡᠳ | ᠵᠢᠷᠤᠮᠵᠢᠯᠳᠤ ᠴᠢᠨᠠᠷ᠂ ᠲᠤᠷᠰᠢᠯᠲᠠ ᠶᠢᠨ ᠲᠠᠰᠤᠭ ᠤᠨ ᠬᠢᠬᠦ ᠪᠠᠷ ᠪᠠᠶᠢᠭ᠎ᠠ ᠠᠮᠢᠲᠠᠨ ᠤ ᠡᠪᠡᠳᠴᠢᠨ ᠡᠭᠦᠰᠬᠡᠬᠦ | ᠮᠢᠺᠷᠣᠪ ᠤᠨ ᠬᠠᠮᠢᠶ᠎ᠠ ᠪᠦᠬᠦᠢ ᠲᠤᠷᠰᠢᠯᠲᠠ ᠶᠢᠨ ᠠᠵᠢᠯᠯᠠᠭ᠎ᠠ ᠶᠢᠨ ᠠᠮᠢᠳᠤ ᠪᠣᠳᠠᠰ ᠤᠨ ᠠᠮᠤᠷ ᠲᠦᠪᠰᠢᠨ ᠤ | ᠲᠦᠭᠰᠢᠭᠦᠷᠢ ᠵᠡᠷᠭᠡ ᠳᠤ ᠥᠪᠡᠷ ᠤᠨ ᠪᠠᠶᠢᠴᠠᠭᠠᠯᠲᠠ ᠬᠢᠬᠦ ᠬᠡᠷᠡᠭᠲᠡᠢ᠃ | ︵ᠬᠤᠶᠠᠷ︶ ᠳᠠᠩᠰᠠᠯᠠᠭᠤᠯᠬᠤ ᠳᠤ ᠪᠡᠯᠡᠳᠬᠡᠬᠦ ᠴᠢᠬᠤᠯᠠᠲᠠᠢ ᠵᠦᠢᠯᠡᠰ᠄ ᠨᠢᠭᠡᠳᠦᠭᠡᠷ ᠳᠡᠰ᠂ ᠬᠤᠶᠠᠳᠤᠭᠠᠷ ᠳᠡᠰ ᠤᠨ | ᠠᠮᠢᠲᠠᠨ ᠤ ᠡᠪᠡᠳᠴᠢᠨ ᠡᠭᠦᠰᠬᠡᠬᠦ ᠮᠢᠺᠷᠣᠪ ᠤᠨ ᠲᠤᠷᠰᠢᠯᠲᠠ ᠶᠢᠨ ᠲᠠᠰᠤᠭ ᠤᠨ ᠳᠠᠩᠰᠠᠯᠠᠭᠤᠯᠤᠭᠰᠠᠨ ᠮᠡᠳᠡᠭᠡ | ᠵᠠᠩᠭᠢ ᠶᠢᠨ ᠬᠦᠰᠦᠨᠦᠭᠲᠦ᠂ ᠲᠤᠷᠰᠢᠯᠲᠠ ᠶᠢᠨ ᠲᠠᠰᠤᠭ ᠪᠤᠶᠤ ᠲᠤᠷᠰᠢᠯᠲᠠ ᠶᠢᠨ ᠲᠠᠰᠤᠭ ᠪᠠᠶᠢᠭᠤᠯᠤᠭᠰᠠᠨ | ᠨᠢᠭᠡᠴᠡ ᠶᠢᠨ ᠬᠠᠤᠯᠢ ᠶᠢᠨ ᠡᠷᠬᠡᠲᠡᠨ ᠤ ᠬᠢᠷᠢ ᠬᠡᠮ ᠤᠨ ᠭᠡᠷᠡᠴᠢᠯᠡᠯ ᠤᠨ ᠬᠠᠭᠤᠯᠪᠤᠷᠢ᠂ ᠲᠤᠷᠰᠢᠯᠲᠠ ᠶᠢᠨ ᠲᠠᠰᠤᠭ | ᠪᠠᠶᠢᠭᠤᠯᠤᠭᠰᠠᠨ ᠨᠢᠭᠡᠴᠡ ᠶᠢᠨ ᠠᠮᠢᠳᠤ ᠪᠣᠳᠠᠰ ᠤᠨ ᠠᠮᠤᠷ ᠲᠦᠪᠰᠢᠨ ᠤ ᠵᠣᠬᠢᠶᠠᠨ ᠪᠠᠶᠢᠭᠤᠯᠤᠯᠲᠠ ᠶᠢᠨ | ᠬᠠᠮᠢᠶᠠᠷᠤᠯᠲᠠ ᠶᠢᠨ ᠪᠣᠷᠣ ᠲᠥᠯᠥᠪ ᠤᠨ ᠵᠢᠷᠤᠭ᠂ ᠲᠤᠷᠰᠢᠯᠲᠠ ᠶᠢᠨ ᠲᠠᠰᠤᠭ ᠤᠨ ᠬᠠᠪᠲᠠᠭᠠᠢ ᠪᠠᠶᠢᠷᠢᠰᠢᠯ ᠤᠨ ᠵᠢᠷᠤᠭ᠂ | ᠲᠤᠷᠰᠢᠯᠲᠠ ᠶᠢᠨ ᠲᠠᠰᠤᠭ ᠤᠨ ᠭᠤᠣᠯ ᠪᠣᠯᠬᠤ ᠪᠡᠯᠡᠳᠬᠡᠮᠵᠢ ᠲᠥᠬᠦᠭᠡᠷᠦᠮᠵᠢ ᠶᠢᠨ ᠮᠡᠳᠡᠭᠡ ᠵᠠᠩᠭᠢ ᠪᠠ ᠰᠢᠯᠭᠠᠨ | ᠪᠠᠶᠢᠴᠠᠭᠠᠯᠲᠠ / ᠪᠠᠶᠢᠴᠠᠭᠠᠨ ᠬᠡᠮᠵᠢᠯᠲᠡ ᠶᠢᠨ ᠮᠡᠳᠡᠭᠦᠯᠦᠯᠲᠡ᠂ ᠲᠤᠷᠰᠢᠯᠲᠠ ᠶᠢᠨ ᠲᠠᠰᠤᠭ ᠤᠨ ᠥᠪᠡᠷ ᠢ ᠪᠠᠨ | ᠦᠨᠡᠯᠡᠨ ᠵᠢᠱᠢᠭᠰᠡᠨ ᠰᠠᠨᠠᠯ ᠵᠡᠷᠭᠡ᠃ | ︵ᠭᠤᠷᠪᠠ︶ ᠲᠣᠭᠤᠷᠢᠭ ᠪᠠᠶᠢᠭᠤᠯᠤᠭᠰᠠᠨ ᠠᠶᠢᠮᠠᠭ ᠬᠤᠲᠠ ᠶᠢᠨ ᠱᠠᠲᠤᠨ ᠤ ᠠᠷᠠᠳ ᠤᠨ ᠵᠠᠰᠠᠭ ᠤᠨ | ᠣᠷᠳᠣᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠲᠤᠷᠰᠢᠯᠲᠠ ᠶᠢᠨ ᠲᠠᠰᠤᠭ ᠤᠨ | ᠳᠠᠩᠰᠠᠯᠠᠭᠤᠯᠤᠭᠰᠠᠨ ᠮᠠᠲ᠋ᠧᠷᠢᠶᠠᠯ ᠢ ᠭᠥᠯᠢᠶᠡᠨ ᠠᠪᠤᠭᠰᠠᠨ ᠤ ᠳᠠᠷᠠᠭ᠎ᠠ᠂ ᠴᠠᠭ ᠲᠤᠬᠠᠢ ᠳᠤᠨᠢ ᠬᠢᠨᠠᠨ ᠬᠠᠷᠭᠤᠭᠤᠯᠵᠤ᠂ | ᠮᠠᠲ᠋ᠧᠷᠢᠶᠠᠯ ᠨᠢ ᠪᠦᠷᠢᠨ ᠭᠦᠢᠴᠡᠳ ᠮᠥᠷᠲᠡᠭᠡᠨ ᠳᠠᠩᠰᠠᠯᠠᠭᠤᠯᠤᠭᠰᠠᠨ ᠮᠡᠳᠡᠭᠡ ᠵᠠᠩᠭᠢ ᠨᠢ ᠪᠦᠷᠢᠨ ᠭᠦᠢᠴᠡᠳ | ᠪᠠᠶᠢᠬᠤ ᠶᠢ ᠪᠦᠷᠢᠳᠬᠡᠨ ᠳᠡᠩᠰᠡᠯᠡᠵᠦ᠂ ᠨᠢᠭᠡᠳᠦᠭᠡᠷ ᠳᠡᠰ᠂ ᠬᠤᠶᠠᠳᠤᠭᠠᠷ ᠳᠡᠰ ᠤᠨ ᠲᠤᠷᠰᠢᠯᠲᠠ ᠶᠢᠨ ᠲᠠᠰᠤᠭ ᠤᠨ | ᠳᠠᠩᠰᠠᠯᠠᠭᠤᠯᠤᠭᠰᠠᠨ ᠭᠡᠷᠡᠴᠢ ᠪᠠᠷᠢᠮᠲᠠ ᠶᠢ ᠣᠯᠭᠤᠬᠤ ᠬᠡᠷᠡᠭᠲᠡᠢ᠃ ᠮᠠᠲ᠋ᠧᠷᠢᠶᠠᠯ ᠨᠢ ᠪᠦᠷᠢᠨ ᠪᠤᠰᠤ ᠪᠤᠶᠤ | ᠳᠠᠩᠰᠠᠯᠠᠭᠤᠯᠤᠭᠰᠠᠨ ᠮᠡᠳᠡᠭᠡ ᠵᠠᠩᠭᠢ ᠨᠢ ᠪᠦᠷᠢᠨ ᠪᠤᠰᠤ ᠪᠠᠶᠢᠪᠠᠯ᠂ ᠴᠠᠭ ᠲᠤᠬᠠᠢ ᠳᠤᠨᠢ ᠨᠥᠬᠦᠪᠦᠷᠢᠯᠡᠨ | ᠵᠠᠯᠠᠷᠠᠭᠤᠯᠤᠭᠰᠠᠨ ᠤ ᠲᠠᠷᠠᠭ᠎ᠠ ᠲᠠᠬᠢᠨ ᠳᠠᠩᠰᠠᠯᠠᠭᠤᠯᠬᠤ ᠬᠡᠷᠡᠭᠲᠡᠢ᠃ | ︵ᠳᠥᠷᠪᠡ︶ ᠥᠪᠡᠷᠲᠡᠭᠡᠨ ᠵᠠᠰᠠᠬᠤ ᠣᠷᠣᠨ ᠤ ᠮᠠᠯ ᠡᠮᠨᠡᠯᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠨᠢ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠪᠦᠷᠢᠳᠬᠡᠨ | ᠳᠠᠩᠰᠠᠯᠠᠬᠤ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠯ᠎ᠡ ᠱᠠᠲᠤᠨ ᠤ ᠲᠠᠷᠢᠶᠠᠯᠠᠩ ᠮᠠᠯ ᠠᠵᠤ | ᠠᠬᠤᠢ ᠶᠢᠨ ᠰᠠᠯᠠᠭ᠎ᠠ ᠮᠥᠴᠢᠷ ᠢ ᠵᠢᠯᠣᠭᠤᠳᠤᠨ ᠪᠦᠷᠢᠳᠬᠡᠨ ᠳᠠᠩᠰᠠᠯᠠᠬᠤ ᠤᠬᠠᠭᠤᠯᠭ᠎ᠠ ᠥᠷᠨᠢᠭᠦᠯᠵᠦ᠂ | ᠲᠤᠷᠰᠢᠯᠲᠠ ᠶᠢᠨ ᠲᠠᠰᠤᠭ ᠢ ᠰᠢᠮᠳᠠᠭᠤᠯᠤᠨ ᠠᠮᠢᠳᠤ ᠪᠣᠳᠠᠰ ᠤᠨ ᠠᠮᠤᠷ ᠲᠦᠪᠰᠢᠨ ᠤ ᠭᠤᠣᠯ ᠴᠣᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠠᠶᠢᠮᠠᠭ ᠬᠤᠲᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ | ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠬᠢᠨᠠᠯᠲᠠ ᠲᠠᠯᠪᠢᠵᠤ ᠪᠠᠶᠢᠴᠠᠭᠠᠬᠤ ᠳᠦᠷᠢᠮ ᠢ | ᠪᠠᠶᠢᠭᠤᠯᠵᠤ᠂ ᠳᠠᠩᠰᠠᠯᠠᠭᠤᠯᠤᠭᠰᠠᠨ ᠭᠡᠷᠡᠴᠢ ᠪᠠᠷᠢᠮᠲᠠ ᠶᠢ ᠲᠠᠷᠬᠠᠭᠠᠭᠰᠠᠨ ᠤ ᠳᠠᠷᠠᠭ᠎ᠠ᠂ ᠬᠤᠰᠢᠭᠤ ᠰᠢᠶᠠᠨ | ᠲᠣᠭᠤᠷᠢᠭ ᠤᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ | ᠮᠥᠴᠢᠷ ᠢ ᠵᠣᠬᠢᠶᠠᠨ ᠪᠠᠶᠢᠭᠤᠯᠤᠨ ᠳᠠᠩᠰᠠᠯᠠᠭᠤᠯᠬᠤ ᠲᠤᠷᠰᠢᠯᠲᠠ ᠶᠢᠨ ᠲᠠᠰᠤᠭ ᠲᠤ ᠬᠢᠨᠠᠯᠲᠠ ᠲᠠᠯᠪᠢᠵᠤ | ᠪᠠᠶᠢᠴᠠᠭᠠᠯᠲᠠ ᠬᠢᠵᠦ᠂ ᠲᠤᠷᠰᠢᠯᠲᠠ ᠶᠢᠨ ᠲᠠᠰᠤᠭ ᠤᠨ ᠳᠠᠩᠰᠠᠯᠠᠭᠤᠯᠤᠭᠰᠠᠨ ᠮᠠᠲ᠋ᠧᠷᠢᠶᠠᠯ ᠤᠨ ᠮᠡᠳᠡᠭᠡ ᠵᠠᠩᠭᠢ ᠨᠢ | ᠪᠣᠳᠠᠲᠤ ᠪᠠᠶᠢᠳᠠᠯ ᠲᠠᠢ ᠪᠠᠨ ᠨᠡᠶᠢᠴᠡᠬᠦ ᠦᠭᠡᠢ ᠪᠠᠶᠢᠬᠤ ᠶᠢ ᠣᠯᠵᠤ ᠮᠡᠳᠡᠪᠡᠯ᠂ ᠴᠠᠭ ᠲᠤᠬᠠᠢ ᠳᠤᠨᠢ ᠲᠤᠷᠰᠢᠯᠲᠠ ᠶᠢᠨ | ᠲᠠᠰᠤᠭ ᠲᠤ ᠮᠡᠳᠡᠭᠳᠡᠵᠦ ᠳᠠᠩᠰᠠᠯᠠᠭᠤᠯᠬᠤ ᠮᠡᠳᠡᠭᠡ ᠵᠠᠩᠭᠢ ᠪᠠᠨ ᠰᠢᠨᠡᠳᠬᠡᠬᠦ ᠬᠡᠷᠡᠭᠲᠡᠢ᠃ ᠠᠶᠢᠮᠠᠭ ᠬᠤᠳᠠ ᠶᠢᠨ | ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠨᠢ | ᠳᠠᠩᠰᠠᠯᠠᠭᠤᠯᠤᠭᠰᠠᠨ ᠪᠠᠶᠢᠳᠠᠯ ᠢᠶᠠᠨ ᠬᠤᠷᠢᠶᠠᠩᠭᠤᠶᠢᠯᠠᠭᠠᠳ ᠵᠢᠯ ᠪᠦᠷᠢ ᠥᠪᠡᠷᠲᠡᠭᠡᠨ ᠵᠠᠰᠠᠬᠤ ᠣᠷᠣᠨ ᠤ ᠮᠠᠯ | ᠡᠮᠨᠡᠯᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ᠃ | ︵ᠲᠠᠪᠤ︶ ᠲᠤᠷᠰᠢᠯᠲᠠ ᠶᠢᠨ ᠲᠠᠰᠤᠭ ᠪᠠᠶᠢᠭᠤᠯᠬᠤ ᠨᠢᠭᠡᠴᠡ ᠶᠢᠨ ᠬᠠᠤᠯᠢ ᠶᠢᠨ ᠡᠷᠬᠡᠲᠡᠨ᠂ ᠲᠤᠷᠰᠢᠯᠲᠠ ᠶᠢᠨ | ᠲᠠᠰᠤᠭ ᠤᠨ ᠬᠠᠷᠢᠭᠤᠴᠠᠯᠭᠠᠲᠠᠨ᠂ ᠲᠤᠷᠰᠢᠯᠲᠠ ᠶᠢᠨ ᠲᠠᠰᠤᠭ ᠤᠨ ᠬᠠᠪᠲᠠᠭᠠᠢ ᠪᠠᠶᠢᠷᠢᠰᠢᠭᠤᠯᠤᠯᠲᠠ᠂ ᠴᠢᠬᠤᠯᠠ | ᠪᠡᠯᠡᠳᠬᠡᠮᠵᠢ ᠲᠥᠬᠦᠭᠡᠷᠦᠮᠵᠢ ︵ᠠᠮᠢᠳᠤ ᠪᠣᠳᠠᠰ ᠤᠨ ᠠᠮᠤᠷ ᠲᠦᠪᠰᠢᠨ ᠤ ᠬᠤᠷᠭᠤ᠂ ᠳᠠᠷᠤᠯᠲᠠᠲᠤ ᠠᠭᠤᠷ ᠤᠨ | ᠪᠠᠺᠲ᠋ᠧᠷᠢ ᠤᠰᠠᠳᠬᠠᠬᠤ ᠪᠠᠭᠠᠵᠢ᠂ ᠠᠮᠢᠳᠤ ᠪᠣᠳᠠᠰ ᠤᠨ ᠠᠮᠤᠷ ᠲᠦᠪᠰᠢᠨ ᠤ ᠬᠡᠯᠪᠡᠷᠢ ᠶᠢᠨ ᠵᠢᠭᠤᠲᠠᠩᠭᠤᠢ ᠮᠠᠰᠢᠨ | ᠵᠡᠷᠭᠡ ᠪᠠᠭᠲᠠᠨ᠎ᠠ︶᠂ ᠲᠤᠷᠰᠢᠯᠲᠠ ᠶᠢᠨ ᠠᠵᠢᠯᠯᠠᠭ᠎ᠠ ᠶᠢᠨ ᠬᠡᠪᠴᠢᠶ᠎ᠡ ᠵᠡᠷᠭᠡ ᠠᠮᠢᠳᠤ ᠪᠣᠳᠠᠰ ᠤᠨ ᠠᠮᠤᠷ ᠲᠦᠪᠰᠢᠨ | ᠯᠦᠭᠡ ᠬᠤᠯᠪᠣᠭᠳᠠᠬᠤ ᠴᠢᠬᠤᠯᠠ ᠶᠡᠭᠡ ᠵᠦᠢᠯᠡᠰ ᠲᠤ ᠬᠤᠪᠢᠷᠠᠯᠲᠠ ᠭᠠᠷᠪᠠᠯ᠂ ᠴᠠᠭ ᠲᠤᠬᠠᠢ ᠳᠤᠨᠢ ᠤᠤᠯ ᠤᠨ | ᠳᠠᠩᠰᠠᠯᠠᠭᠤᠯᠤᠭᠰᠠᠨ ᠰᠠᠯᠠᠭ᠎ᠠ ᠮᠥᠴᠢᠷ ᠲᠤ ᠳᠠᠩᠰᠠᠯᠠᠭᠤᠯᠤᠭᠰᠠᠨ ᠮᠡᠳᠡᠭᠡ ᠵᠠᠩᠭᠢ ᠪᠠᠨ ᠰᠢᠨᠡᠳᠬᠡᠬᠦ ᠬᠡᠷᠡᠭᠲᠡᠢ᠃ | ᠳᠣᠯᠣᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ | ᠭᠤᠴᠢᠨ ᠨᠠᠢᠮᠠᠳᠤᠭᠠᠷ ᠵᠦᠢᠯ ᠲᠣᠰ ᠠᠷᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠬᠠᠷᠢᠭᠤᠴᠠᠨ | ᠲᠠᠶᠢᠯᠪᠤᠷᠢᠯᠠᠨ᠎ᠠ᠃ | ᠭᠤᠴᠢ ᠶᠢᠰᠦᠳᠦᠭᠡᠷ ᠵᠦᠢᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠡᠮᠨᠡᠯᠭᠡ ᠶᠢᠨ | ᠲᠤᠷᠰᠢᠯᠲᠠ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠬᠢᠭᠡᠳ ᠬᠠᠮᠢᠶᠠᠷᠤᠯᠲᠠ ᠶᠢᠨ ᠠᠷᠭ᠎ᠠ ︵ᠲᠤᠷᠰᠢᠨ | ᠬᠡᠷᠡᠭᠵᠢᠭᠦᠯᠬᠦ︶︾ ︵ᠥᠪᠥᠷ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠲᠣᠭᠲᠠᠭᠠᠯ ﹇2022﹈ 1 ᠳ᠋ᠦ᠋ᠭᠡᠷ | ᠲᠣᠭᠠᠲᠤ︶ ᠨᠢ ᠨᠢᠭᠡᠨᠲᠡ ᠬᠦᠴᠦᠨ ᠦᠭᠡᠢ ᠪᠣᠯᠤᠭᠰᠠᠨ ᠲᠤᠯᠠ᠂ ᠲᠣᠰ ᠠᠷᠭ᠎ᠠ ᠶᠢ ᠨᠡᠶᠢᠲᠡᠯᠡᠭᠰᠡᠨ ᠡᠳᠦᠷ ᠠᠴᠠ | ᠡᠬᠢᠯᠡᠵᠦ ᠬᠡᠷᠡᠭᠵᠢᠭᠦᠯᠦᠨ᠎ᠡ᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢᠲᠠᠨ ᠲᠡᠵᠢᠭᠡᠬᠦ ᠲᠠᠯᠠᠪᠠᠶ ᠵᠡᠷᠭᠡ ᠲᠠᠯᠠᠪᠤᠷ ᠤᠨ | ᠠᠮᠢᠲᠠᠨ ᠤ ᠬᠢᠵᠢᠭ ᠢ ᠰᠡᠷᠭᠡᠶᠢᠯᠡᠬᠦ ᠨᠥᠬᠦᠴᠡᠯ ᠤᠨ ᠭᠠᠵᠠᠷ ᠰᠣᠩᠭᠤᠬᠤ ᠲᠦᠭᠰᠢᠭᠦᠷᠢ ᠶᠢ ᠦᠨᠡᠯᠡᠨ ᠵᠢᠱᠢᠬᠦ ᠠᠷᠭ᠎ᠠ | ︵ᠲᠤᠷᠰᠢᠨ ᠬᠡᠷᠡᠭᠵᠢᠭᠦᠯᠬᠦ︶ | ᠨᠢᠭᠡᠳᠦᠭᠡᠷ ᠵᠦᠢᠯ ᠠᠮᠢᠲᠠᠨ ᠤ ᠬᠢᠵᠢᠭ ᠢ ᠰᠡᠷᠭᠡᠶᠢᠯᠡᠬᠦ ᠨᠥᠬᠦᠴᠡᠯ ᠢ ᠬᠢᠨᠠᠨ ᠪᠠᠶᠢᠴᠠᠭᠠᠬᠤ ᠠᠵᠢᠯ ᠢ | ᠰᠢᠯᠢᠳᠡᠭᠵᠢᠭᠦᠯᠬᠦ ᠶᠢᠨ ᠲᠥᠯᠥᠭᠡ᠂ ᠠᠮᠢᠲᠠᠨ ᠤ ᠬᠢᠵᠢᠭ ᠢ ᠰᠡᠷᠭᠡᠶᠢᠯᠡᠬᠦ ᠨᠥᠬᠦᠴᠡᠯ ᠤᠨ ᠭᠠᠵᠠᠷ ᠰᠣᠩᠭᠤᠨ ᠦᠨᠡᠯᠡᠨ | ᠵᠢᠱᠢᠬᠦ ᠶᠢ ᠦᠨᠡᠨᠬᠦ ᠰᠠᠶᠢᠲᠤᠷ ᠬᠢᠵᠦ᠂ ᠠᠮᠢᠲᠠᠨ ᠤ ᠬᠢᠵᠢᠭ ᠡᠪᠡᠳᠴᠢᠨ ᠤ ᠬᠠᠯᠳᠠᠪᠤᠷᠢᠯᠠᠬᠤ ᠲᠦᠭᠰᠢᠭᠦᠷᠢ ᠶᠢ | ᠪᠠᠭᠤᠷᠠᠭᠤᠯᠤᠨ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠢᠲᠠᠨ ᠤ ᠬᠢᠵᠢᠭ ᠢ ᠰᠡᠷᠭᠡᠶᠢᠯᠡᠬᠦ | ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠮᠠᠯ ᠠᠵᠤ ᠠᠬᠤᠢ ᠶᠢᠨ ᠬᠠᠤᠯᠢ︾ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢᠲᠠᠨ ᠤ ᠬᠢᠵᠢᠭ ᠢ ᠰᠡᠷᠭᠡᠶᠢᠯᠡᠬᠦ ᠳᠦᠷᠢᠮ︾ ᠵᠢᠴᠢ ︽ᠠᠮᠢᠲᠠᠨ ᠤ | ᠬᠢᠵᠢᠭ ᠢ ᠰᠡᠷᠭᠡᠶᠢᠯᠡᠬᠦ ᠨᠥᠬᠦᠴᠡᠯ ᠢ ᠬᠢᠨᠠᠨ ᠪᠠᠶᠢᠴᠠᠭᠠᠬᠤ ᠠᠷᠭ᠎ᠠ︾ ︵ᠲᠠᠷᠢᠶᠠᠯᠠᠩ ᠬᠥᠳᠡᠭᠡ ᠲᠣᠰᠬᠤᠨ ᠤ ᠶᠠᠮᠤᠨ | ᠶᠠᠮᠤᠨ ᠤ ᠵᠠᠷᠯᠢᠭ 2022 ᠣᠨ ᠤ 8 ᠳ᠋ᠤᠭᠠᠷ ᠲᠣᠭᠠᠲᠤ ᠶᠢᠨ ᠱᠠᠭᠠᠷᠳᠠᠯᠭ᠎ᠠ ᠶᠣᠰᠣᠭᠠᠷ᠂ ᠲᠣᠰ ᠠᠷᠭ᠎ᠠ ᠶᠢ | ᠲᠣᠭᠲᠠᠭᠠᠪᠠ᠃ | ᠬᠤᠶᠠᠳᠤᠭᠠᠷ ᠵᠦᠢᠯ ᠲᠣᠰ ᠠᠷᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠷᠢᠶ᠎ᠠ | ᠣᠷᠣᠨ ᠳᠠᠬᠢ ᠠᠮᠢᠲᠠᠨ ᠲᠡᠵᠢᠭᠡᠬᠦ ᠲᠠᠯᠠᠪᠠᠶ᠂ ᠠᠮᠢᠲᠠᠨ ᠢ ᠲᠤᠰᠠᠭᠠᠷᠯᠠᠬᠤ ᠲᠠᠯᠠᠪᠤᠷ᠂ ᠠᠮᠢᠲᠠᠨ ᠢ ᠨᠢᠲᠤᠯᠵᠤ ᠡᠳ᠋ᠰᠢᠭᠦᠯᠬᠦ | ᠲᠠᠯᠠᠪᠤᠷ᠂ ᠠᠮᠢᠲᠠᠨ ᠪᠠ ᠠᠮᠢᠲᠠᠨ ᠤ ᠠᠰᠢᠭ ᠰᠢᠮ᠎ᠡ ᠶᠢ ᠬᠤᠣᠷ ᠦᠭᠡᠶᠢᠳᠡᠭᠦᠯᠦᠨ ᠰᠢᠢᠳᠪᠦᠷᠢᠯᠡᠬᠦ ᠲᠠᠯᠠᠪᠤᠷ ᠢ ᠨᠡᠭᠡᠭᠡᠨ | ᠡᠷᠭᠢᠯᠡᠭᠰᠡᠨ ᠠᠮᠢᠲᠠᠨ ᠤ ᠬᠢᠵᠢᠭ ᠢ ᠰᠡᠷᠭᠡᠶᠢᠯᠡᠬᠦ ᠨᠥᠬᠦᠴᠡᠯ ᠤᠨ ᠭᠠᠵᠠᠷ ᠰᠣᠩᠭᠤᠬᠤ ᠲᠦᠭᠰᠢᠭᠦᠷᠢ ᠶᠢ ᠦᠨᠡᠯᠡᠨ | ᠵᠢᠱᠢᠬᠦ ᠳᠤ ᠬᠡᠷᠡᠭᠯᠡᠨ᠎ᠡ᠃ | ᠭᠤᠷᠪᠠᠳᠤᠭᠠᠷ ᠵᠦᠢᠯ ᠭᠠᠵᠠᠷ ᠰᠣᠩᠭᠤᠬᠤ ᠲᠦᠭᠰᠢᠭᠦᠷᠢ ᠶᠢ ᠦᠨᠡᠯᠡᠨ ᠵᠢᠱᠢᠬᠦ ᠳᠤ ᠠᠮᠢᠲᠠᠨ ᠤ ᠬᠢᠵᠢᠭ | ᠡᠪᠡᠳᠴᠢᠨ ᠤ ᠲᠠᠷᠬᠠᠬᠤ ᠲᠦᠭᠰᠢᠭᠦᠷᠢ ᠶᠢ ᠪᠦᠲᠦᠮᠵᠢᠲᠡᠶ ᠪᠠᠷ ᠪᠠᠭᠤᠷᠠᠭᠤᠯᠬᠤ ᠪᠠᠷ ᠬᠠᠷᠠᠯᠲᠠ ᠪᠣᠯᠭᠠᠨ᠂ ︽ᠡᠷᠬᠡ | ᠲᠡᠭᠰᠢ᠂ ᠲᠥᠪ ᠭᠤᠣᠯᠴᠢ᠂ ᠢᠯᠡ ᠪᠠᠶᠢᠯᠭᠠᠬᠤ︾ ᠪᠠᠷ ᠵᠠᠷᠴᠢᠮ ᠪᠣᠯᠭᠠᠵᠤ᠂ ᠬᠤᠯᠪᠣᠭᠳᠠᠯ ᠪᠦᠬᠦᠢ ᠲᠠᠯᠠᠪᠤᠷ ᠭᠠᠵᠠᠷ ᠤᠨ | ᠬᠤᠭᠤᠷᠣᠨᠳᠣᠬᠢ ᠵᠠᠢ ᠪᠣᠯᠣᠨ ᠶᠡᠷᠦᠩᠬᠡᠶᠢᠯᠡᠭᠰᠡᠨ ᠦᠨᠡᠯᠡᠯᠳᠡ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠦᠨᠡᠯᠡᠨ | ᠵᠢᠱᠢᠯᠲᠡ ᠥᠷᠨᠢᠭᠦᠯᠵᠦ᠂ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯᠯᠠᠭ᠎ᠠ ᠶᠢ ᠵᠢᠷᠤᠮᠵᠢᠭᠤᠯᠤᠨ ᠬᠠᠮᠢᠶᠠᠷᠤᠨ᠎ᠠ᠃ | ᠳᠥᠷᠪᠡᠳᠦᠭᠡᠷ ᠵᠦᠢᠯ ᠬᠤᠰᠢᠭᠤ ᠰᠢᠶᠠᠨ ︵ᠬᠤᠳᠠ᠂ ᠲᠣᠭᠤᠷᠢᠭ︶ ᠤ ᠲᠠᠷᠢᠶᠠᠯᠠᠩ ᠮᠠᠯ ᠠᠵᠤ ᠠᠬᠤᠢ ᠶᠢᠨ | ᠰᠠᠯᠠᠭ᠎ᠠ ᠮᠥᠴᠢᠷ ᠠᠮᠢᠳᠠᠨ ᠲᠡᠵᠢᠭᠡᠬᠦ ᠲᠠᠯᠠᠪᠠᠢ᠂ ᠠᠮᠢᠳᠠᠨ ᠢ ᠲᠤᠰᠠᠭᠠᠷᠯᠠᠬᠤ ᠲᠠᠯᠠᠪᠤᠷ᠂ ᠠᠮᠢᠳᠠᠨ ᠨᠢᠲᠤᠯᠵᠤ | ᠡᠳ᠋ᠰᠢᠭᠦᠯᠬᠦ ᠲᠠᠯᠠᠪᠤᠷ᠂ ᠠᠮᠢᠳᠠᠨ ᠪᠠ ᠠᠮᠢᠳᠠᠨ ᠤ ᠠᠰᠢᠭ ᠰᠢᠮ᠎ᠡ ᠶᠢ ᠬᠤᠣᠷ ᠦᠭᠡᠶᠢᠳᠡᠭᠦᠯᠦᠨ ᠰᠢᠢᠳᠪᠦᠷᠢᠯᠡᠬᠦ | ᠲᠠᠯᠠᠪᠤᠷ ᠤᠨ ᠠᠮᠢᠳᠠᠨ ᠤ ᠬᠢᠵᠢᠭ ᠰᠡᠷᠭᠡᠶᠢᠯᠡᠬᠦ ᠨᠥᠬᠦᠴᠡᠯ ᠤᠨ ᠭᠠᠵᠠᠷ ᠰᠣᠩᠭᠤᠨ ᠦᠨᠡᠯᠡᠨ ᠵᠢᠱᠢᠬᠦ ᠠᠵᠢᠯ ᠢ | ᠬᠠᠷᠢᠭᠤᠴᠠᠨ᠎ᠠ᠃ | ᠲᠠᠪᠤᠳᠤᠭᠠᠷ ᠵᠦᠢᠯ ᠠᠮᠢᠲᠠᠨ ᠲᠡᠵᠢᠭᠡᠬᠦ ᠲᠠᠯᠠᠪᠠᠶ᠂ ᠠᠮᠢᠲᠠᠨ ᠢ ᠲᠤᠰᠠᠭᠠᠷᠯᠠᠬᠤ ᠲᠠᠯᠠᠪᠤᠷ᠂ ᠠᠮᠢᠲᠠᠨ ᠢ | ᠨᠢᠲᠤᠯᠵᠤ ᠡᠳ᠋ᠰᠢᠭᠦᠯᠬᠦ ᠲᠠᠯᠠᠪᠤᠷ᠂ ᠠᠮᠢᠲᠠᠨ ᠪᠠ ᠠᠮᠢᠲᠠᠨ ᠤ ᠠᠰᠢᠭ ᠰᠢᠮ᠎ᠡ ᠶᠢ ᠬᠤᠣᠷ ᠦᠭᠡᠶᠢᠳᠡᠭᠦᠯᠦᠨ | ᠰᠢᠢᠳᠪᠦᠷᠢᠯᠡᠬᠦ ᠲᠠᠯᠠᠪᠤᠷ ᠢ ᠨᠡᠭᠡᠭᠡᠨ ᠡᠷᠭᠢᠯᠡᠬᠦ ᠳᠤ ᠪᠠᠶᠢᠭ᠎ᠠ ᠭᠠᠵᠠᠷ ᠤᠨ ᠬᠤᠰᠢᠭᠤ ᠰᠢᠶᠠᠨ ︵ᠬᠤᠲᠠ᠂ ᠲᠣᠭᠤᠷᠢᠭ︶ ᠤ | ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠲᠤ ᠭᠤᠶᠤᠴᠢᠯᠠᠯ ᠢᠶᠠᠨ ᠳᠤᠷᠠᠳᠴᠤ᠂ ᠭᠠᠵᠠᠷ ᠰᠣᠩᠭᠤᠬᠤ ᠶᠢ | ᠦᠨᠡᠯᠡᠨ ᠵᠢᠱᠢᠬᠦ ᠠᠵᠢᠯ ᠢ ᠰᠠᠨᠠᠭᠠᠴᠢᠯᠠᠭ᠎ᠠ ᠠᠴᠠ ᠪᠠᠨ ᠭᠥᠯᠢᠶᠡᠨ ᠠᠪᠬᠤ ᠶᠢᠨ ᠬᠠᠮᠲᠤ ᠳᠣᠣᠷᠠᠬᠢ ᠮᠡᠲᠦ | ᠮᠠᠲ᠋ᠧᠷᠢᠶᠠᠯ ᠢ ᠲᠤᠰᠢᠶᠠᠬᠤ ᠬᠡᠷᠡᠭᠲᠡᠢ᠃ | ︵ᠨᠢᠭᠡ︶ ᠭᠠᠵᠠᠷ ᠰᠣᠩᠭᠤᠭᠰᠠᠨ ᠲᠣᠶᠢᠮᠣ ᠪᠠᠶᠢᠳᠠᠯ᠂ ᠡᠭᠦᠨ ᠳᠤ ᠭᠠᠵᠠᠷ ᠰᠣᠩᠭᠤᠭᠰᠠᠨ ᠭᠠᠵᠠᠷ ᠵᠦᠢ ᠶᠢᠨ | ᠪᠠᠶᠢᠷᠢᠯᠠᠯ ᠤᠨ ᠵᠢᠷᠤᠭ᠂ ᠡᠷᠬᠢᠨ ᠲᠣᠭᠤᠷᠢᠨ ᠬᠢᠭᠡᠳ ᠠᠮᠢᠳᠠᠨ ᠤ ᠬᠢᠵᠢᠭ ᠢ ᠰᠡᠷᠭᠡᠶᠢᠯᠡᠬᠦ ᠨᠥᠬᠦᠴᠡᠯ ᠢ ᠬᠢᠨᠠᠨ | ᠪᠠᠶᠢᠴᠠᠭᠠᠬᠤ ᠬᠤᠯᠪᠣᠭᠳᠠᠯ ᠪᠦᠬᠦᠢ ᠲᠠᠯᠠᠪᠤᠷ ᠤᠨ ᠲᠠᠷᠬᠠᠯᠲᠠ ᠶᠢᠨ ᠵᠠᠢ ᠵᠢᠴᠢ ᠪᠠᠶᠢᠭᠠᠯᠢ ᠶᠢᠨ ᠬᠠᠯᠬᠠᠪᠴᠢ ᠶᠢᠨ | ᠪᠠᠶᠢᠳᠠᠯ ᠪᠠᠭᠲᠠᠨ᠎ᠠ᠃ | ︵ᠬᠤᠶᠠᠷ︶ ᠵᠢᠷᠤᠭ ᠲᠥᠯᠥᠪᠯᠡᠭᠡ ᠶᠢᠨ ᠲᠥᠰᠥᠯ᠂ ᠡᠭᠦᠨ ᠳᠤ ᠲᠡᠵᠢᠭᠡᠨ ᠦᠷᠡᠵᠢᠭᠦᠯᠬᠦ ᠮᠠᠯ ᠵᠢᠭᠦᠷᠲᠡᠨ ᠤ | ᠲᠥᠷᠥᠯ ᠵᠦᠢᠯ᠂ ᠵᠢᠷᠤᠭ ᠲᠥᠯᠥᠪᠯᠡᠭᠡ ᠶᠢᠨ ᠬᠡᠪᠴᠢᠶ᠎ᠡ᠂ ᠲᠡᠵᠢᠭᠡᠨ ᠠᠷᠠᠴᠢᠯᠠᠬᠤ ᠵᠠᠭᠪᠤᠷ᠂ ᠡᠯ᠎ᠡ ᠴᠢᠳᠠᠮᠵᠢᠲᠤ | ᠣᠷᠣᠨ ᠤ ᠪᠠᠶᠢᠷᠢᠰᠢᠭᠤᠯᠤᠯᠲᠠ ᠶᠢᠨ ᠬᠠᠪᠲᠠᠭᠠᠢ ᠵᠢᠷᠤᠭ᠂ ᠡᠪᠡᠳᠴᠢᠨ ᠢᠶᠠᠷ ᠦᠬᠦᠭᠰᠡᠨ ᠠᠮᠢᠲᠠᠨ ᠪᠠ ᠡᠪᠡᠳᠴᠢᠨ ᠤ | ᠬᠥᠨᠥᠭᠡᠯ ᠲᠠᠢ ᠠᠮᠢᠲᠠᠨ ᠤ ᠠᠰᠢᠭ ᠰᠢᠮ᠎ᠡ ᠶᠢ ᠬᠤᠣᠷ ᠦᠭᠡᠶᠢᠳᠡᠭᠦᠯᠦᠨ ᠰᠢᠢᠳᠪᠦᠷᠢᠯᠡᠬᠦ ᠠᠷᠭ᠎ᠠ ᠮᠠᠶ᠋ᠢᠭ᠂ ᠢᠯᠭᠠᠳᠠᠰᠤ | ᠵᠡᠷᠭᠡ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠤᠷᠠᠨ ᠮᠡᠷᠭᠡᠰᠢᠯ ᠵᠡᠷᠭᠡ ᠪᠠᠭᠲᠠᠨ᠎ᠠ᠃ | ︵ᠭᠤᠷᠪᠠ︶ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ᠂ ᠠᠮᠢᠲᠠᠨ ᠤ ᠬᠢᠵᠢᠭ ᠢ ᠰᠡᠷᠭᠡᠶᠢᠯᠡᠬᠦ ᠬᠥᠮᠥᠨ ᠤ | ᠬᠦᠴᠦᠨ ᠤ ᠬᠠᠯᠬᠠᠪᠴᠢ᠂ ᠠᠮᠢᠲᠠᠨ ᠤ ᠬᠢᠵᠢᠭ ᠢ ᠰᠡᠷᠭᠡᠶᠢᠯᠡᠬᠦ ᠬᠠᠲᠠᠭᠤ ᠬᠡᠷᠡᠭᠰᠡᠯ ᠤᠨ ᠲᠥᠬᠦᠭᠡᠷᠦᠮᠵᠢ᠂ ᠪᠡᠯᠡᠳᠬᠡᠮᠵᠢ | ᠲᠥᠬᠦᠭᠡᠷᠦᠮᠵᠢ ᠶᠢᠨ ᠲᠣᠳᠣᠷᠬᠠᠢ ᠬᠠᠭᠤᠳᠠᠰᠤ᠂ ᠡᠯ᠎ᠡ ᠵᠦᠢᠯ ᠤᠨ ᠬᠠᠮᠢᠶᠠᠷᠤᠯᠲᠠ ᠶᠢᠨ ᠳᠦᠷᠢᠮ ᠵᠡᠷᠭᠡ ᠶᠢ | ᠭᠤᠣᠯᠳᠠᠯᠭ᠎ᠠ ᠲᠠᠢ ᠪᠠᠷ ᠲᠣᠳᠣᠷᠬᠠᠶᠢᠯᠠᠨ᠎ᠠ᠃ | ︵ᠳᠥᠷᠪᠡ︶ ᠠᠮᠢᠲᠠᠨ ᠤ ᠬᠢᠵᠢᠭ ᠢ ᠰᠡᠷᠭᠡᠶᠢᠯᠡᠬᠦ ᠨᠥᠬᠦᠴᠡᠯ ᠤᠨ ᠭᠠᠵᠠᠷ ᠰᠣᠩᠭᠤᠬᠤ ᠶᠢ ᠦᠨᠡᠯᠡᠨ ᠵᠢᠱᠢᠬᠦ | ᠭᠤᠶᠤᠴᠢᠯᠠᠯ ᠤᠨ ᠬᠦᠰᠦᠨᠦᠭᠲᠦ᠂ ᠮᠡᠳᠡᠭᠦᠯᠦᠭᠴᠢ ᠶᠢᠨ ᠪᠡᠶ᠎ᠡ ᠶᠢᠨ ᠦᠨᠡᠮᠯᠡᠯ ᠤᠨ ᠪᠠᠭᠤᠯᠭᠠᠪᠤᠷᠢ ᠵᠢᠴᠢ ᠮᠡᠳᠡᠭᠦᠯᠦᠭᠰᠡᠨ | ᠨᠢᠭᠡᠴᠢ ᠶᠢᠨ ᠬᠠᠤᠯᠢ ᠶᠢᠨ ᠬᠥᠮᠥᠨ ᠤ ᠬᠢᠷᠢ ᠬᠡᠮ ᠤᠨ ᠭᠡᠷᠡᠴᠢ ᠶᠢᠨ ᠪᠠᠭᠤᠯᠭᠠᠪᠤᠷᠢ᠃ | ᠭᠤᠶᠤᠴᠢᠯᠠᠭᠰᠠᠨ ᠮᠠᠲ᠋ᠧᠷᠢᠶᠠᠯ ᠨᠢ ᠪᠦᠷᠢᠨ ᠪᠤᠰᠤ ᠪᠤᠶᠤ ᠲᠣᠭᠲᠠᠭᠠᠭᠰᠠᠨ ᠨᠥᠬᠦᠴᠡᠯ ᠳᠤ ᠨᠡᠶᠢᠴᠡᠬᠦ ᠦᠭᠡᠢ | ᠪᠣᠯ ᠬᠤᠰᠢᠭᠤ ᠰᠢᠶᠠᠨ ︵ᠬᠤᠳᠠ᠂ ᠲᠣᠭᠤᠷᠢᠭ︶ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠨᠢ | ᠭᠤᠶᠤᠴᠢᠯᠠᠭᠰᠠᠨ ᠮᠠᠲ᠋ᠧᠷᠢᠶᠠᠯ ᠢ ᠣᠯᠣᠭᠰᠠᠨ ᠡᠳᠦᠷ ᠠᠴᠠ ᠡᠬᠢᠯᠡᠨ 5 ᠠᠵᠢᠯᠯᠠᠬᠤ ᠡᠳᠦᠷ ᠤᠨ ᠳᠣᠲᠣᠷ᠎ᠠ᠂ | ᠨᠥᠬᠦᠪᠦᠷᠢᠯᠡᠨ ᠵᠠᠯᠠᠷᠠᠭᠤᠯᠬᠤ ᠴᠢᠬᠤᠯᠠ ᠲᠠᠢ ᠪᠥᠬᠦ ᠠᠭᠤᠯᠭ᠎ᠠ ᠶᠢ ᠭᠤᠶᠤᠴᠢᠯᠠᠭᠴᠢ ᠳᠤ ᠨᠢᠭᠡ ᠤᠳᠠᠭ᠎ᠠ ᠶᠢᠨ | ᠴᠢᠨᠠᠷᠲᠠᠢ ᠪᠠᠷ ᠮᠡᠳᠡᠭᠳᠡᠬᠦ ᠬᠡᠷᠡᠭᠲᠡᠢ᠃ | ᠵᠢᠷᠭᠤᠳᠤᠭᠠᠷ ᠵᠦᠢᠯ ᠠᠮᠢᠲᠠᠨ ᠲᠡᠵᠢᠭᠡᠬᠦ ᠲᠠᠯᠠᠪᠠᠢ ᠶᠢᠨ ᠰᠣᠩᠭᠤᠭᠰᠠᠨ ᠭᠠᠵᠠᠷ ᠨᠢ ᠳᠣᠣᠷᠠᠬᠢ ᠨᠥᠬᠦᠴᠡᠯ ᠢ | ᠬᠠᠩᠭᠠᠭᠰᠠᠨ ᠪᠠᠶᠢᠪᠠᠯ᠂ ᠠᠮᠢᠲᠠᠨ ᠤ ᠬᠢᠵᠢᠭ ᠢ ᠰᠡᠷᠭᠡᠶᠢᠯᠡᠬᠦ ᠨᠥᠬᠦᠴᠡᠯ ᠤᠨ ᠰᠣᠩᠭᠤᠭᠰᠠᠨ ᠭᠠᠵᠠᠷ ᠤᠨ | ᠱᠠᠭᠠᠷᠳᠠᠯᠭ᠎ᠠ ᠳᠤ ᠨᠡᠶᠢᠴᠡᠭᠰᠡᠨ ᠢᠶᠠᠷ ᠮᠠᠭᠠᠳᠯᠠᠨ ᠲᠣᠭᠲᠠᠭᠠᠵᠤ ᠪᠣᠯᠣᠨ᠎ᠠ᠃ | ︵ᠨᠢᠭᠡ︶ ᠠᠮᠢᠲᠠᠨ ᠢ ᠨᠢᠲᠤᠯᠵᠤ ᠡᠳ᠋ᠰᠢᠭᠦᠯᠬᠦ ᠲᠠᠯᠠᠪᠤᠷ᠂ ᠠᠮᠢᠲᠠᠨ ᠪᠠ ᠠᠮᠢᠲᠠᠨ ᠤ ᠠᠰᠢᠭ ᠰᠢᠮ᠎ᠡ ᠶᠢᠨ | ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ ᠠᠴᠠ 500 ᠮᠧᠲᠷ ᠠᠴᠠ ᠳᠡᠭᠡᠭᠰᠢ ᠵᠠᠶᠢᠲᠠᠢ ᠪᠠᠶᠢᠬᠤ ᠬᠡᠷᠡᠭᠲᠡᠢ︔ | ᠦᠷ᠎ᠡ ᠶᠢᠨ ᠮᠠᠯ ᠵᠢᠭᠦᠷᠲᠡᠨ ᠤ ᠲᠠᠯᠠᠪᠠᠶ ᠠᠴᠠ 1000 ᠮᠧᠲᠷ ᠠᠴᠠ ᠳᠡᠭᠡᠭᠰᠢ ᠵᠠᠶᠢᠲᠠᠢ ᠪᠠᠶᠢᠬᠤ ᠬᠡᠷᠡᠭᠲᠡᠢ︔ | ᠠᠮᠢᠲᠠᠨ ᠤ ᠣᠨᠣᠰᠢᠯᠠᠨ ᠡᠮᠨᠡᠬᠦ ᠭᠠᠵᠠᠷ ᠠᠴᠠ 200 ᠮᠧᠲᠷ ᠠᠴᠠ ᠳᠡᠭᠡᠭᠰᠢ ᠵᠠᠶᠢᠲᠠᠢ ᠪᠠᠶᠢᠬᠤ ᠬᠡᠷᠡᠭᠲᠡᠢ︔ | ᠠᠮᠢᠲᠠᠨ ᠤ ᠲᠡᠵᠢᠭᠡᠪᠦᠷᠢ ᠶᠢᠨ ᠲᠠᠯᠠᠪᠠᠶ ᠶᠢᠨ ᠬᠤᠭᠤᠷᠣᠨᠳᠣᠬᠢ ᠵᠠᠢ ᠨᠢ 500 ᠮᠧᠲᠷ ᠠᠴᠠ ᠳᠡᠭᠡᠭᠰᠢ ᠪᠠᠶᠢᠬᠤ | ᠬᠡᠷᠡᠭᠲᠡᠢ︔ | ︵ᠬᠤᠶᠠᠷ︶ ᠠᠮᠢᠲᠠᠨ ᠢ ᠲᠤᠰᠠᠭᠠᠷᠯᠠᠬᠤ ᠲᠠᠯᠠᠪᠤᠷ᠂ ᠠᠮᠢᠲᠠᠨ ᠪᠠ ᠠᠮᠢᠲᠠᠨ ᠤ ᠠᠰᠢᠭ ᠰᠢᠮ᠎ᠡ ᠶᠢ ᠬᠤᠣᠷ | ᠦᠭᠡᠶᠢᠳᠡᠭᠦᠯᠦᠨ ᠰᠢᠢᠳᠪᠦᠷᠢᠯᠡᠬᠦ ᠲᠠᠯᠠᠪᠤᠷ ᠠᠴᠠ 3000 ᠮᠧᠲᠷ ᠠᠴᠠ ᠳᠡᠭᠡᠭᠰᠢ ᠵᠠᠶᠢᠲᠠᠢ ᠪᠠᠶᠢᠬᠤ ᠬᠡᠷᠡᠭᠲᠡᠢ︔ | ︵ᠭᠤᠷᠪᠠ︶ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠲᠣᠭᠤᠷᠢᠭ᠂ ᠰᠤᠷᠭᠠᠭᠤᠯᠢ᠂ ᠡᠮᠨᠡᠯᠭᠡ ᠶᠢᠨ | ᠬᠤᠷᠢᠶ᠎ᠠ ᠵᠡᠷᠭᠡ ᠣᠯᠠᠨ ᠨᠡᠶᠢᠲᠡ ᠶᠢᠨ ᠲᠠᠯᠠᠪᠤᠷ ᠵᠢᠴᠢ ᠵᠠᠰᠠᠮᠠᠯ ᠵᠠᠮ᠂ ᠲᠡᠮᠦᠷ ᠵᠠᠮ ᠵᠡᠷᠭᠡ ᠭᠤᠣᠯ ᠪᠣᠯᠬᠤ ᠵᠠᠮ | ᠬᠠᠷᠢᠯᠴᠠᠭᠠᠨ ᠤ ᠭᠤᠣᠯ ᠱᠤᠭᠤᠮ᠂ ᠠᠮᠢᠳᠤᠷᠠᠯ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠠᠴᠠ | 500 ᠮᠧᠲᠷ ᠠᠴᠠ ᠳᠡᠭᠡᠭᠰᠢ ᠵᠠᠶᠢᠲᠠᠢ ᠪᠠᠶᠢᠬᠤ ᠬᠡᠷᠡᠭᠲᠡᠢ︔ | ︵ᠳᠥᠷᠪᠡ︶ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ | ᠲᠡᠵᠢᠭᠡᠬᠦ ᠶᠢ ᠴᠠᠭᠠᠵᠠᠯᠠᠬᠤ ᠣᠷᠣᠨ ᠤ ᠬᠡᠪᠴᠢᠶᠡᠨ ᠳᠤ ᠬᠠᠷᠢᠶᠠᠯᠠᠭᠳᠠᠬᠤ ᠦᠭᠡᠢ᠃ | ᠳᠣᠯᠣᠳᠤᠭᠠᠷ ᠵᠦᠢᠯ ᠠᠮᠢᠲᠠᠨ ᠢ ᠲᠤᠰᠠᠭᠠᠷᠯᠠᠬᠤ ᠲᠠᠯᠠᠪᠤᠷ ᠤᠨ ᠰᠣᠩᠭᠤᠭᠰᠠᠨ ᠭᠠᠵᠠᠷ ᠨᠢ ᠳᠣᠣᠷᠠᠬᠢ | ᠨᠥᠬᠦᠴᠡᠯ ᠢ ᠬᠠᠩᠭᠠᠭᠰᠠᠨ ᠪᠠᠶᠢᠪᠠᠯ᠂ ᠠᠮᠢᠲᠠᠨ ᠤ ᠬᠢᠵᠢᠭ ᠢ ᠰᠡᠷᠭᠡᠶᠢᠯᠡᠬᠦ ᠨᠥᠬᠦᠴᠡᠯ ᠤᠨ ᠰᠣᠩᠭᠤᠭᠰᠠᠨ ᠭᠠᠵᠠᠷ ᠤᠨ | ᠱᠠᠭᠠᠷᠳᠠᠯᠭ᠎ᠠ ᠳᠤ ᠨᠡᠶᠢᠴᠡᠭᠰᠡᠨ ᠢᠶᠠᠷ ᠮᠠᠭᠠᠳᠯᠠᠨ ᠲᠣᠭᠲᠠᠭᠠᠵᠤ ᠪᠣᠯᠣᠨ᠎ᠠ᠃ | ︵ᠨᠢᠭᠡ︶ ᠠᠮᠢᠲᠠᠨ ᠲᠡᠵᠢᠭᠡᠬᠦ ᠲᠠᠯᠠᠪᠠᠶ᠂ ᠡᠭᠦᠯᠳᠡᠷ ᠤᠨ ᠮᠠᠯ ᠵᠢᠭᠦᠷᠲᠡᠨ ᠤ ᠲᠠᠯᠠᠪᠠᠶ᠂ ᠠᠮᠢᠲᠠᠨ ᠢ ᠨᠢᠲᠤᠯᠵᠤ | ᠡᠳ᠋ᠰᠢᠭᠦᠯᠬᠦ ᠲᠠᠯᠠᠪᠤᠷ᠂ ᠠᠮᠢᠲᠠᠨ ᠪᠠ ᠠᠮᠢᠲᠠᠨ ᠤ ᠠᠰᠢᠭ ᠰᠢᠮ᠎ᠡ ᠶᠢ ᠬᠤᠣᠷ ᠦᠭᠡᠶᠢᠳᠡᠭᠦᠯᠦᠨ ᠰᠢᠢᠳᠪᠦᠷᠢᠯᠡᠬᠦ | ᠲᠠᠯᠠᠪᠤᠷ᠂ ᠠᠮᠢᠲᠠᠨ ᠢ ᠣᠨᠣᠰᠢᠯᠠᠨ ᠡᠮᠨᠡᠬᠦ ᠲᠠᠯᠠᠪᠤᠷ᠂ ᠠᠮᠢᠲᠠᠨ ᠪᠠ ᠠᠮᠢᠲᠠᠨ ᠤ ᠠᠰᠢᠭ ᠰᠢᠮ᠎ᠡ ᠶᠢᠨ ᠴᠤᠭᠯᠠᠭ᠎ᠠ | ᠮᠠᠶᠢᠮᠠᠢ ᠶᠢᠨ ᠵᠠᠬ᠎ᠠ ᠳᠡᠯᠭᠡᠭᠦᠷ ᠵᠢᠴᠢ ᠪᠤᠰᠤᠳ ᠠᠮᠢᠲᠠᠨ ᠢ ᠲᠤᠰᠠᠭᠠᠷᠯᠠᠬᠤ ᠲᠠᠯᠠᠪᠤᠷ ᠠᠴᠠ 3000 ᠮᠧᠲᠷ ᠠᠴᠠ | ᠳᠡᠭᠡᠭᠰᠢ ᠵᠠᠶᠢᠲᠠᠢ ᠪᠠᠶᠢᠬᠤ ᠬᠡᠷᠡᠭᠲᠡᠢ︔ | ︵ᠬᠤᠶᠠᠷ︶ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠲᠣᠭᠤᠷᠢᠭ᠂ ᠰᠤᠷᠭᠠᠭᠤᠯᠢ᠂ ᠡᠮᠨᠡᠯᠭᠡ ᠶᠢᠨ ᠬᠤᠷᠢᠶ᠎ᠠ | ᠵᠡᠷᠭᠡ ᠣᠯᠠᠨ ᠨᠡᠶᠢᠲᠡ ᠶᠢᠨ ᠲᠠᠯᠠᠪᠤᠷ ᠵᠢᠴᠢ ᠵᠠᠰᠠᠮᠠᠯ ᠵᠠᠮ᠂ ᠲᠡᠮᠦᠷ ᠵᠠᠮ ᠵᠡᠷᠭᠡ ᠭᠤᠣᠯ ᠪᠣᠯᠬᠤ ᠵᠠᠮ ᠬᠠᠷᠢᠯᠴᠠᠭᠠᠨ ᠤ | ᠭᠤᠣᠯ ᠱᠤᠭᠤᠮ᠂ ᠠᠮᠢᠳᠤᠷᠠᠯ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠠᠴᠠ 500 ᠮᠧᠲᠷ ᠠᠴᠠ | ᠳᠡᠭᠡᠭᠰᠢ ᠵᠠᠶᠢᠲᠠᠢ ᠪᠠᠶᠢᠬᠤ ᠬᠡᠷᠡᠭᠲᠡᠢ︔ | ︵ᠭᠤᠷᠪᠠ︶ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ | ᠴᠠᠭᠠᠵᠠᠯᠠᠬᠤ ᠣᠷᠣᠨ ᠪᠦᠰᠡ ᠶᠢᠨ ᠬᠡᠪᠴᠢᠶᠡᠨ ᠳᠤ ᠦᠯᠦ ᠬᠠᠷᠢᠶᠠᠯᠠᠭᠳᠠᠬᠤ᠃ | ᠨᠠᠢᠮᠠᠳᠤᠭᠠᠷ ᠵᠦᠢᠯ ᠠᠮᠢᠲᠠᠨ ᠢ ᠨᠢᠲᠤᠯᠵᠤ ᠪᠣᠯᠪᠠᠰᠤᠷᠠᠭᠤᠯᠬᠤ ᠲᠠᠯᠠᠪᠤᠷ ᠤᠨ ᠰᠣᠩᠭᠤᠭᠰᠠᠨ ᠭᠠᠵᠠᠷ ᠨᠢ | ᠳᠣᠣᠷᠠᠬᠢ ᠨᠥᠬᠦᠴᠡᠯ ᠢ ᠬᠠᠩᠭᠠᠭᠰᠠᠨ ᠪᠠᠶᠢᠪᠠᠯ᠂ ᠠᠮᠢᠲᠠᠨ ᠤ ᠬᠢᠵᠢᠭ ᠢ ᠰᠡᠷᠭᠡᠶᠢᠯᠡᠬᠦ ᠨᠥᠬᠦᠴᠡᠯ ᠤᠨ ᠰᠣᠩᠭᠤᠭᠰᠠᠨ | ᠭᠠᠵᠠᠷ ᠤᠨ ᠱᠠᠭᠠᠷᠳᠠᠯᠭ᠎ᠠ ᠳᠤ ᠨᠡᠶᠢᠴᠡᠭᠰᠡᠨ ᠢᠶᠠᠷ ᠮᠠᠭᠠᠳᠯᠠᠨ ᠲᠣᠭᠲᠠᠭᠠᠵᠤ ᠪᠣᠯᠣᠨ᠎ᠠ᠃ | ︵ᠨᠢᠭᠡ︶ ᠠᠮᠢᠲᠠᠨ ᠲᠡᠵᠢᠭᠡᠬᠦ ᠲᠠᠯᠠᠪᠠᠶ᠂ ᠠᠮᠢᠲᠠᠨ ᠤ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ ᠠᠴᠠ 500 | ᠮᠧᠲᠷ ᠠᠴᠠ ᠳᠡᠭᠡᠭᠰᠢ ᠵᠠᠶᠢᠲᠠᠢ ᠪᠠᠶᠢᠬᠤ ᠬᠡᠷᠡᠭᠲᠡᠢ︔ ᠦᠷ᠎ᠡ ᠶᠢᠨ ᠮᠠᠯ ᠵᠢᠭᠦᠷᠲᠡᠨ ᠤ ᠲᠠᠯᠠᠪᠠᠶ ᠠᠴᠠ 3000 | ᠮᠧᠲᠷ ᠠᠴᠠ ᠳᠡᠭᠡᠭᠰᠢ ᠵᠠᠶᠢᠲᠠᠢ ᠪᠠᠶᠢᠬᠤ ᠬᠡᠷᠡᠭᠲᠡᠢ︔ ᠠᠮᠢᠲᠠᠨ ᠤ ᠣᠨᠣᠰᠢᠯᠠᠨ ᠡᠮᠨᠡᠬᠦ ᠭᠠᠵᠠᠷ ᠠᠴᠠ 200 | ᠮᠧᠲᠷ ᠠᠴᠠ ᠳᠡᠭᠡᠭᠰᠢ ᠵᠠᠶᠢᠲᠠᠢ ᠪᠠᠶᠢᠬᠤ ᠬᠡᠷᠡᠭᠲᠡᠢ︔ | ︵ᠬᠤᠶᠠᠷ︶ ᠠᠮᠢᠲᠠᠨ ᠢ ᠲᠤᠰᠠᠭᠠᠷᠯᠠᠬᠤ ᠲᠠᠯᠠᠪᠤᠷ᠂ ᠠᠮᠢᠲᠠᠨ ᠪᠠ ᠠᠮᠢᠲᠠᠨ ᠤ ᠠᠰᠢᠭ ᠰᠢᠮ᠎ᠡ ᠶᠢ ᠬᠤᠣᠷ | ᠦᠭᠡᠶᠢᠳᠡᠭᠦᠯᠦᠨ ᠰᠢᠢᠳᠪᠦᠷᠢᠯᠡᠬᠦ ᠲᠠᠯᠠᠪᠤᠷ ᠠᠴᠠ 3000 ᠮᠧᠲᠷ ᠠᠴᠠ ᠳᠡᠭᠡᠭᠰᠢ ᠵᠠᠶᠢᠲᠠᠢ ᠪᠠᠶᠢᠬᠤ︔ | ︵ᠭᠤᠷᠪᠠ︶ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠲᠣᠭᠤᠷᠢᠭ᠂ ᠰᠤᠷᠭᠠᠭᠤᠯᠢ᠂ ᠡᠮᠨᠡᠯᠭᠡ ᠶᠢᠨ | ᠬᠤᠷᠢᠶ᠎ᠠ ᠵᠡᠷᠭᠡ ᠣᠯᠠᠨ ᠨᠡᠶᠢᠲᠡ ᠶᠢᠨ ᠲᠠᠯᠠᠪᠤᠷ ᠵᠢᠴᠢ ᠵᠠᠰᠠᠮᠠᠯ ᠵᠠᠮ᠂ ᠲᠡᠮᠦᠷ ᠵᠠᠮ ᠵᠡᠷᠭᠡ ᠭᠤᠣᠯ ᠪᠣᠯᠬᠤ ᠵᠠᠮ | ᠬᠠᠷᠢᠯᠴᠠᠭᠠᠨ ᠤ ᠭᠤᠣᠯ ᠱᠤᠭᠤᠮ᠂ ᠠᠮᠢᠳᠤᠷᠠᠯ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠠᠴᠠ | 500 ᠮᠧᠲᠷ ᠠᠴᠠ ᠳᠡᠭᠡᠭᠰᠢ ᠵᠠᠶᠢᠲᠠᠢ ᠪᠠᠶᠢᠬᠤ ᠬᠡᠷᠡᠭᠲᠡᠢ︔ | ︵ᠳᠥᠷᠪᠡ︶ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ | ᠴᠠᠭᠠᠵᠠᠯᠠᠬᠤ ᠣᠷᠣᠨ ᠪᠦᠰᠡ ᠶᠢᠨ ᠬᠡᠪᠴᠢᠶᠡᠨ ᠳᠤ ᠦᠯᠦ ᠬᠠᠷᠢᠶᠠᠯᠠᠭᠳᠠᠬᠤ᠃ | ᠶᠢᠰᠦᠳᠦᠭᠡᠷ ᠵᠦᠢᠯ ᠠᠮᠢᠲᠠᠨ ᠪᠠ ᠠᠮᠢᠲᠠᠨ ᠤ ᠠᠰᠢᠭ ᠰᠢᠮ᠎ᠡ ᠶᠢ ᠬᠤᠣᠷ ᠦᠭᠡᠶᠢᠳᠡᠭᠦᠯᠦᠨ ᠰᠢᠢᠳᠪᠦᠷᠢᠯᠡᠬᠦ | ᠲᠠᠯᠠᠪᠤᠷ ᠤᠨ ᠭᠠᠵᠠᠷ ᠰᠣᠩᠭᠤᠬᠤ ᠳᠠᠭᠠᠨ ᠳᠣᠣᠷᠠᠬᠢ ᠨᠥᠬᠦᠴᠡᠯ ᠢ ᠬᠠᠩᠭᠠᠭᠰᠠᠨ ᠪᠠᠶᠢᠪᠠᠯ᠂ ᠠᠮᠢᠲᠠᠨ ᠤ ᠬᠢᠵᠢᠭ ᠢ | ᠰᠡᠷᠭᠡᠶᠢᠯᠡᠬᠦ ᠨᠥᠬᠦᠴᠡᠯ ᠤᠨ ᠭᠠᠵᠠᠷ ᠰᠣᠩᠭᠤᠬᠤ ᠱᠠᠭᠠᠷᠳᠠᠯᠭ᠎ᠠ ᠳᠤ ᠨᠡᠶᠢᠴᠡᠭᠰᠡᠨ ᠢᠶᠠᠷ ᠮᠠᠭᠠᠳᠯᠠᠨ ᠲᠣᠭᠲᠠᠭᠠᠵᠤ | ᠪᠣᠯᠣᠨ᠎ᠠ᠃ | ︵ᠨᠢᠭᠡ︶ ᠠᠮᠢᠲᠠᠨ ᠲᠡᠵᠢᠭᠡᠨ ᠦᠷᠡᠵᠢᠭᠦᠯᠬᠦ ᠲᠠᠯᠠᠪᠠᠶ᠂ ᠡᠭᠦᠯᠳᠡᠷ ᠤᠨ ᠮᠠᠯ ᠵᠢᠭᠦᠷᠲᠡᠨ ᠤ ᠲᠠᠯᠠᠪᠠᠶ᠂ ᠠᠮᠢᠲᠠᠨ ᠢ | ᠨᠢᠲᠤᠯᠵᠤ ᠡᠳ᠋ᠰᠢᠭᠦᠯᠬᠦ ᠲᠠᠯᠠᠪᠤᠷ᠂ ᠠᠮᠢᠲᠠᠨ ᠢ ᠲᠤᠰᠠᠭᠠᠷᠯᠠᠬᠤ ᠲᠠᠯᠠᠪᠤᠷ᠂ ᠠᠮᠢᠲᠠᠨ ᠢ ᠣᠨᠣᠰᠢᠯᠠᠨ ᠡᠮᠨᠡᠬᠦ ᠲᠠᠯᠠᠪᠤᠷ᠂ | ᠠᠮᠢᠲᠠᠨ ᠪᠠ ᠠᠮᠢᠲᠠᠨ ᠤ ᠠᠰᠢᠭ ᠰᠢᠮ᠎ᠡ ᠶᠢᠨ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ᠂ ᠠᠮᠢᠳᠤᠷᠠᠯ ᠤᠨ ᠤᠤᠭᠤᠬᠤ | ᠤᠰᠤᠨ ᠤ ᠡᠬᠢ ᠰᠤᠷᠪᠤᠯᠵᠢ ᠶᠢᠨ ᠭᠠᠵᠠᠷ ᠠᠴᠠ 3000 ᠮᠧᠲᠷ ᠠᠴᠠ ᠳᠡᠭᠡᠭᠰᠢ ᠵᠠᠶᠢᠲᠠᠢ ᠪᠠᠶᠢᠬᠤ ᠬᠡᠷᠡᠭᠲᠡᠢ︔ | ︵ᠬᠤᠶᠠᠷ︶ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠲᠣᠭᠤᠷᠢᠭ᠂ ᠰᠤᠷᠭᠠᠭᠤᠯᠢ᠂ ᠡᠮᠨᠡᠯᠭᠡ ᠶᠢᠨ ᠬᠤᠷᠢᠶ᠎ᠠ | ᠵᠡᠷᠭᠡ ᠣᠯᠠᠨ ᠨᠡᠶᠢᠲᠡ ᠶᠢᠨ ᠲᠠᠯᠠᠪᠤᠷ ᠵᠢᠴᠢ ᠵᠠᠰᠠᠮᠠᠯ ᠵᠠᠮ᠂ ᠲᠡᠮᠦᠷ ᠵᠠᠮ ᠵᠡᠷᠭᠡ ᠭᠤᠣᠯ ᠵᠠᠮ ᠬᠠᠷᠢᠯᠴᠠᠭᠠᠨ ᠤ ᠭᠤᠣᠯ | ᠱᠤᠭᠤᠮ ᠠᠴᠠ 500 ᠮᠧᠲᠷ ᠠᠴᠠ ᠳᠡᠭᠡᠭᠰᠢ ᠵᠠᠶᠢᠲᠠᠢ ᠪᠠᠶᠢᠬᠤ ᠬᠡᠷᠡᠭᠲᠡᠢ︔ | ︵ᠭᠤᠷᠪᠠ︶ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ | ᠴᠠᠭᠠᠵᠠᠯᠠᠬᠤ ᠣᠷᠣᠨ ᠪᠦᠰᠡ ᠶᠢᠨ ᠬᠡᠪᠴᠢᠶᠡᠨ ᠳᠤ ᠦᠯᠦ ᠬᠠᠷᠢᠶᠠᠯᠠᠭᠳᠠᠬᠤ᠃ | ᠠᠷᠪᠠᠳᠤᠭᠠᠷ ᠵᠦᠢᠯ ᠠᠮᠢᠲᠠᠨ ᠲᠡᠵᠢᠭᠡᠬᠦ ᠲᠠᠯᠠᠪᠠᠶ᠂ ᠠᠮᠢᠲᠠᠨ ᠢ ᠲᠤᠰᠠᠭᠠᠷᠯᠠᠬᠤ ᠲᠠᠯᠠᠪᠤᠷ᠂ ᠠᠮᠢᠲᠠᠨ ᠢ | ᠨᠢᠲᠤᠯᠵᠤ ᠡᠳ᠋ᠰᠢᠭᠦᠯᠬᠦ ᠲᠠᠯᠠᠪᠤᠷ᠂ ᠠᠮᠢᠲᠠᠨ ᠪᠠ ᠠᠮᠢᠲᠠᠨ ᠤ ᠠᠰᠢᠭ ᠰᠢᠮ᠎ᠡ ᠶᠢ ᠬᠤᠣᠷ ᠦᠭᠡᠶᠢᠳᠡᠭᠦᠯᠦᠨ | ᠰᠢᠢᠳᠪᠦᠷᠢᠯᠡᠬᠦ ᠲᠠᠯᠠᠪᠤᠷ ᠭᠠᠵᠠᠷ ᠤᠨ ᠠᠮᠢᠲᠠᠨ ᠤ ᠬᠢᠵᠢᠭ ᠢ ᠰᠡᠷᠭᠡᠶᠢᠯᠡᠬᠦ ᠨᠥᠬᠦᠴᠡᠯ ᠤᠨ ᠰᠣᠩᠭᠤᠭᠰᠠᠨ ᠭᠠᠵᠠᠷ ᠨᠢ | ᠲᠣᠰ ᠠᠷᠭ᠎ᠠ ᠶᠢᠨ ᠵᠢᠷᠭᠤᠳᠤᠭᠠᠷ ᠵᠦᠢᠯ ᠠᠴᠠ ᠶᠢᠰᠦᠳᠦᠭᠡᠷ ᠵᠦᠢᠯ ᠳᠤ ᠨᠡᠶᠢᠴᠡᠬᠦ ᠦᠭᠡᠢ ᠪᠠᠶᠢᠪᠠᠯ᠂ ᠬᠤᠰᠢᠭᠤ | ᠰᠢᠶᠠᠨ ︵ᠬᠤᠲᠠ᠂ ᠲᠣᠭᠤᠷᠢᠭ︶ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠦᠨᠡᠯᠡᠨ ᠵᠢᠱᠢᠬᠦ ᠲᠤᠰᠬᠠᠢ | ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ ᠪᠠᠶᠢᠭᠤᠯᠵᠤ᠂ ᠭᠠᠵᠠᠷ ᠰᠣᠩᠭᠤᠬᠤ ᠶᠡᠷᠦᠩᠬᠡᠶᠢᠯᠡᠭᠰᠡᠨ ᠦᠨᠡᠯᠡᠨ ᠵᠢᠱᠢᠯᠲᠡ | ᠬᠢᠬᠦ ᠬᠡᠷᠡᠭᠲᠡᠢ᠃ | ᠠᠷᠪᠠᠨ ᠨᠢᠭᠡᠳᠦᠭᠡᠷ ᠵᠦᠢᠯ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠲᠠᠷᠢᠶᠠᠯᠠᠩ ᠮᠠᠯ ᠠᠵᠤ ᠠᠬᠤᠢ ᠶᠢᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ᠂ | ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ | ᠭᠠᠵᠠᠷ ᠪᠠ ᠶᠡᠭᠡ ᠳᠡᠭᠡᠳᠦ ᠰᠤᠷᠭᠠᠭᠤᠯᠢ ᠵᠡᠷᠭᠡ ᠪᠠᠶᠢᠭᠤᠯᠤᠮᠵᠢ ᠶᠢᠨ ᠳᠤᠮᠳᠠ ᠵᠡᠷᠭᠡ ᠶᠢᠨ ᠪᠠ ᠲᠡᠭᠦᠨ ᠠᠴᠠ | ᠳᠡᠭᠡᠭᠰᠢᠬᠢ ᠮᠡᠷᠭᠡᠵᠢᠯ ᠤᠨ ᠴᠣᠯᠠ ᠪᠤᠶᠤ ᠲᠤᠰᠬᠠᠢ ᠮᠡᠷᠭᠡᠵᠢᠯ ᠤᠨ ᠬᠦᠷᠢᠶᠡᠨ ᠳᠤ ᠠᠵᠢᠯᠯᠠᠭᠠᠳ ᠪᠦᠬᠦᠯᠢ 5 ᠵᠢᠯ | ᠪᠣᠯᠤᠭᠰᠠᠨ ᠪᠠᠶᠢᠬᠤ ᠬᠡᠷᠡᠭᠲᠡᠢ᠃ ᠨᠡᠯᠢᠶᠡᠳ ᠴᠢᠩᠭ᠎ᠠ ᠣᠨᠣᠯ ᠤᠨ ᠰᠠᠭᠤᠷᠢ ᠪᠠ ᠦᠢᠯᠡᠳᠦᠯᠭᠡ ᠶᠢᠨ ᠲᠤᠷᠰᠢᠯᠭ᠎ᠠ ᠲᠠᠢ | 3︱5 ᠬᠥᠮᠥᠨ ᠢᠶᠠᠷ ᠪᠦᠷᠢᠯᠳᠦᠵᠦ᠂ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠳᠣᠲᠣᠭᠠᠳᠤ ᠳᠤ 1 ᠬᠥᠮᠥᠨ ᠢ | ᠰᠣᠩᠭᠤᠨ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠭᠦᠯᠵᠦ᠂ ᠳᠤᠭᠤᠶᠢᠯᠠᠩ ᠤᠨ ᠳᠠᠷᠤᠭ᠎ᠠ ᠶᠢᠨ | ᠬᠠᠷᠢᠭᠤᠴᠠᠬᠤ ᠳᠦᠷᠢᠮ ᠢ ᠬᠡᠷᠡᠭᠵᠢᠭᠦᠯᠦᠨ᠂ ᠭᠠᠵᠠᠷ ᠰᠣᠩᠭᠤᠬᠤ ᠶᠢ ᠦᠨᠡᠯᠡᠨ ᠵᠢᠱᠢᠬᠦ ᠶᠢ ᠥᠷᠨᠢᠭᠦᠯᠦᠨ᠎ᠡ᠃ | ᠠᠷᠪᠠᠨ ᠬᠤᠶᠠᠳᠤᠭᠠᠷ ᠵᠦᠢᠯ ᠭᠠᠵᠠᠷ ᠰᠣᠩᠭᠤᠬᠤ ᠶᠢ ᠦᠨᠡᠯᠡᠨ ᠵᠢᠱᠢᠬᠦ ᠳᠤ ︽ᠨᠢᠭᠡ ᠲᠠᠯᠠᠪᠤᠷ ᠨᠢᠭᠡ ᠠᠷᠭ᠎ᠠ | ᠪᠣᠳᠣᠯᠭ᠎ᠠ︾ ᠪᠠᠷ ᠵᠠᠷᠴᠢᠮ ᠪᠣᠯᠭᠠᠵᠤ᠂ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠳᠠᠷᠤᠭ᠎ᠠ ᠠᠴᠠ ᠦᠨᠡᠯᠡᠨ ᠵᠢᠱᠢᠬᠦ | ᠲᠥᠰᠥᠯ ᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ ᠪᠣᠳᠠᠲᠠᠢ ᠪᠠᠷ ᠬᠡᠷᠡᠭᠵᠢᠭᠦᠯᠦᠨ᠎ᠡ᠃ | ᠠᠷᠪᠠᠨ ᠭᠤᠷᠪᠠᠳᠤᠭᠠᠷ ᠵᠦᠢᠯ ᠭᠠᠵᠠᠷ ᠰᠣᠩᠭᠤᠬᠤ ᠶᠢ ᠦᠨᠡᠯᠡᠨ ᠵᠢᠱᠢᠬᠦ ᠳᠤ ᠪᠢᠴᠢᠭ ᠢᠶᠠᠷ ᠬᠢᠨᠠᠨ | ᠪᠠᠶᠢᠴᠠᠭᠠᠬᠤ ᠪᠠ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ | ᠠᠪᠴᠤ᠂ ᠳᠣᠣᠷᠠᠬᠢ ᠮᠡᠳᠡᠭᠡ ᠵᠠᠩᠭᠢ ᠶᠢ ᠭᠤᠣᠯᠳᠠᠯᠭ᠎ᠠ ᠲᠠᠢ ᠪᠠᠶᠢᠴᠠᠭᠠᠨ ᠰᠢᠯᠭᠠᠬᠤ ᠬᠡᠷᠡᠭᠲᠡᠢ᠃ | ︵ᠨᠢᠭᠡ︶ ᠡᠷᠬᠢᠨ ᠲᠣᠭᠤᠷᠢᠨ ᠤ ᠠᠮᠢᠲᠠᠨ ᠤ ᠬᠢᠵᠢᠭ ᠢ ᠰᠡᠷᠭᠡᠶᠢᠯᠡᠬᠦ ᠳᠤ ᠬᠤᠯᠪᠣᠭᠳᠠᠬᠤ ᠲᠠᠯᠠᠪᠤᠷ ᠤᠨ ᠪᠠᠶᠢᠳᠠᠯ᠂ | ᠲᠡᠭᠦᠨ ᠤ ᠪᠣᠳᠠᠲᠠᠢ ᠵᠠᠢ ᠵᠢᠴᠢ ᠣᠷᠣᠨ ᠪᠠᠶᠢᠷᠢ ᠶᠢ ᠰᠣᠩᠭᠤᠬᠤ᠃ ᠲᠡᠭᠦᠨ ᠤ ᠦᠢᠯᠡᠳᠪᠦᠷᠢᠯᠡᠯ ᠡᠵᠡᠩᠨᠡᠯᠲᠡ ᠶᠢᠨ | ᠬᠦᠷᠢᠶ᠎ᠡ ᠬᠡᠪᠴᠢᠶ᠎ᠡ ᠪᠤᠶᠤ ᠠᠵᠢᠯ ᠡᠷᠬᠢᠯᠡᠬᠦ ᠠᠭᠤᠯᠭ᠎ᠠ ᠨᠢ ᠡᠷᠬᠢᠨ ᠲᠣᠭᠤᠷᠢᠨ ᠤ ᠬᠤᠯᠪᠣᠭᠳᠠᠯ ᠪᠦᠬᠦᠢ ᠲᠠᠯᠠᠪᠤᠷ | ᠭᠠᠵᠠᠷ ᠤᠨ ᠠᠮᠢᠲᠠᠨ ᠤ ᠬᠢᠵᠢᠭ ᠡᠪᠡᠳᠴᠢᠨ ᠳᠤ ᠠᠮᠠᠷᠬᠠᠨ ᠬᠠᠯᠳᠠᠪᠤᠷᠢᠯᠠᠭᠳᠠᠬᠤ ᠬᠤᠯᠪᠣᠭᠳᠠᠯ ᠪᠦᠬᠦᠢ ᠴᠢᠨᠠᠷ ᠲᠠᠢ | ᠪᠠᠶᠢᠳᠠᠭ᠃ | ︵ᠬᠤᠶᠠᠷ︶ ᠰᠣᠩᠭᠤᠭᠰᠠᠨ ᠭᠠᠵᠠᠷ ᠬᠢᠭᠡᠳ ᠡᠷᠭᠢᠨ ᠲᠣᠭᠤᠷᠢᠨ ᠤ ᠬᠠᠮᠢᠶ᠎ᠠ ᠪᠦᠬᠦᠢ ᠲᠠᠯᠠᠪᠤᠷ ᠤᠨ | ᠬᠤᠭᠤᠷᠣᠨᠳᠣᠬᠢ ᠪᠠᠶᠢᠭᠠᠯᠢ ᠶᠢᠨ ᠬᠠᠯᠬᠠᠪᠴᠢ ᠪᠤᠶᠤ ᠵᠣᠬᠢᠶᠠᠮᠠᠯ ᠬᠠᠯᠬᠠᠪᠴᠢ ᠶᠢᠨ ᠪᠠᠶᠢᠳᠠᠯ᠂ ᠡᠭᠦᠨ ᠳᠤ ᠲᠡᠭᠦᠨ ᠤ | ᠡᠷᠭᠢᠨ ᠲᠣᠭᠤᠷᠢᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠤᠰᠤᠨ ᠰᠤᠷᠪᠤᠯᠵᠢ ᠶᠢᠨ ᠬᠠᠮᠠᠭᠠᠯᠠᠯᠲᠠ ᠶᠢᠨ | ᠭᠠᠵᠠᠷ᠂ ᠭᠤᠣᠯ ᠮᠥᠷᠡᠨ᠂ ᠨᠠᠭᠤᠷ ᠴᠥᠭᠦᠷᠥᠮ᠂ ᠣᠶ ᠰᠢᠭᠤᠢ᠂ ᠳᠣᠪᠣᠴᠠᠭ᠂ ᠲᠣᠮᠣ ᠬᠡᠯᠪᠡᠷᠢ ᠶᠢᠨ ᠭᠤᠣ ᠭᠠᠩᠭ᠎ᠠ ᠵᠡᠷᠭᠡ | ᠪᠠᠶᠢᠭᠠᠯᠢ ᠶᠢᠨ ᠬᠠᠯᠬᠠᠪᠴᠢ ᠶᠢᠨ ᠪᠠᠶᠢᠳᠠᠯ ᠪᠠᠭᠲᠠᠨ᠎ᠠ᠃ ᠪᠣᠳᠠᠲᠤ ᠴᠣᠭᠴᠠ ᠶᠢᠨ ᠬᠦᠷᠢᠶᠡᠨ ᠤ ᠬᠡᠷᠡᠮ ᠢ ᠪᠠᠶᠢᠭᠤᠯᠵᠤ᠂ | ᠨᠢᠭᠲᠠ ᠪᠢᠲᠡᠭᠦᠮᠵᠢᠯᠡᠵᠦ ᠬᠠᠰᠢᠬᠤ ︵ᠲᠤᠰᠠᠭᠠᠷᠯᠠᠬᠤ ᠦᠢᠯᠡᠳᠦᠯ ᠦᠭᠡᠢ ᠬᠡᠷᠡᠰᠬᠡ᠂ ᠲᠡᠮᠦᠷ ᠲᠣᠣᠷ ᠵᠡᠷᠭᠡ ᠠᠴᠠ | ᠭᠠᠳᠠᠨ᠎ᠠ︶᠂ ᠬᠢᠵᠢᠭ ᠢ ᠰᠡᠷᠭᠡᠶᠢᠯᠡᠬᠦ ᠰᠤᠪᠠᠭ ᠵᠡᠷᠭᠡ ᠬᠥᠮᠥᠨ ᠤ ᠬᠦᠴᠦᠨ ᠤ ᠬᠠᠯᠬᠠᠪᠴᠢ ᠶᠢ ᠪᠠᠶᠢᠭᠤᠯᠵᠤ᠂ ᠲᠡᠭᠦᠨ ᠢ | ᠪᠤᠰᠤᠳ ᠠᠮᠢᠲᠠᠨ ᠲᠡᠵᠢᠭᠡᠬᠦ ᠲᠠᠯᠠᠪᠠᠶ ︵ᠲᠡᠵᠢᠭᠡᠨ ᠦᠷᠡᠵᠢᠭᠦᠯᠬᠦ ᠵᠢᠵᠢᠭ ᠲᠣᠭᠤᠷᠢᠭ︶᠂ ᠠᠮᠢᠲᠠᠨ ᠢ ᠣᠨᠣᠰᠢᠯᠠᠨ ᠡᠮᠨᠡᠬᠦ | ᠪᠠᠶᠢᠭᠤᠯᠤᠮᠵᠢ᠂ ᠠᠮᠢᠲᠠᠨ ᠢ ᠨᠢᠲᠤᠯᠵᠤ ᠡᠳ᠋ᠰᠢᠭᠦᠯᠬᠦ ᠲᠠᠯᠠᠪᠤᠷ᠂ ᠠᠮᠢᠲᠠᠨ ᠪᠠ ᠠᠮᠢᠲᠠᠨ ᠤ ᠠᠰᠢᠭ ᠰᠢᠮ᠎ᠡ ᠶᠢᠨ | ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ᠂ ᠠᠮᠢᠲᠠᠨ ᠢ ᠲᠤᠰᠠᠭᠠᠷᠯᠠᠬᠤ ᠲᠠᠯᠠᠪᠠᠶ᠂ ᠬᠤᠣᠷ ᠦᠭᠡᠶᠢᠳᠡᠭᠦᠯᠦᠨ | ᠰᠢᠢᠳᠪᠦᠷᠢᠯᠡᠬᠦ ᠦᠢᠯᠡᠳᠪᠦᠷᠢ᠂ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠲᠣᠭᠤᠷᠢᠭ᠂ ᠰᠣᠶᠣᠯ ᠰᠤᠷᠭᠠᠨ | ᠬᠥᠮᠦᠵᠢᠯ ᠰᠢᠨᠵᠢᠯᠡᠬᠦ ᠤᠬᠠᠭᠠᠨ ᠤ ᠰᠤᠳᠤᠯᠭᠠᠨ ᠵᠡᠷᠭᠡ ᠬᠥᠮᠥᠨ ᠠᠮᠠ ᠲᠥᠪᠯᠡᠷᠡᠭᠰᠡᠨ ᠣᠷᠣᠨ ᠪᠦᠰᠡ ᠵᠢᠴᠢ ᠵᠠᠰᠠᠮᠠᠯ | ᠵᠠᠮ᠂ ᠲᠡᠮᠦᠷ ᠵᠠᠮ ᠵᠡᠷᠭᠡ ᠭᠤᠣᠯ ᠪᠣᠯᠬᠤ ᠵᠠᠮ ᠬᠠᠷᠢᠯᠴᠠᠭᠠᠨ ᠤ ᠭᠤᠣᠯ ᠱᠤᠭᠤᠮ ᠵᠡᠷᠭᠡ ᠠᠴᠠ ᠹᠢᠽᠢᠺ ᠤᠨ ᠲᠠᠯ᠎ᠠ ᠪᠠᠷ | ᠲᠤᠰᠠᠭᠠᠷᠯᠠᠭᠰᠠᠨ ᠪᠠᠶᠢᠳᠠᠯ᠂ ᠪᠤᠰᠤᠳ ᠠᠮᠢᠳᠤ ᠪᠣᠳᠠᠰ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠠᠷᠭ᠎ᠠ ᠬᠡᠮᠵᠢᠶ᠎ᠡ | ᠠᠪᠴᠤ᠂ ᠡᠪᠡᠳᠴᠢᠨ ᠡᠭᠦᠰᠬᠡᠭᠴᠢ ᠮᠢᠺᠷᠣᠪ ᠤᠨ ᠣᠶᠢᠷ᠎ᠠ ᠵᠠᠢ ᠠᠴᠠ ᠲᠠᠷᠬᠠᠬᠤ ᠶᠢ ᠰᠡᠷᠭᠡᠶᠢᠯᠡᠬᠦ ᠵᠡᠷᠭᠡ ᠪᠠᠶᠢᠳᠠᠯ᠃ | ︵ᠭᠤᠷᠪᠠ︶ ᠭᠠᠵᠠᠷ ᠰᠣᠩᠭᠤᠬᠤ ᠳᠠᠭᠠᠨ ᠲᠡᠵᠢᠭᠡᠬᠦ ᠶᠢ ᠴᠠᠭᠠᠵᠠᠯᠠᠬᠤ ᠣᠷᠣᠨ ᠠᠴᠠ ᠭᠠᠳᠠᠨ᠎ᠠ ᠪᠠᠶᠢᠬᠤ | ᠬᠡᠷᠡᠭᠲᠡᠢ ᠪᠥᠭᠡᠳ ᠲᠤᠬᠠᠢ ᠶᠢᠨ ᠭᠠᠵᠠᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣ᠋᠂ ᠤᠰᠤᠨ ᠤ ᠰᠤᠷᠪᠤᠯᠵᠢ ᠶᠢᠨ | ᠬᠠᠮᠠᠭᠠᠯᠠᠯᠲᠠ ᠶᠢᠨ ᠭᠠᠵᠠᠷ᠂ ᠥᠨᠢᠳᠡ ᠶᠢᠨ ᠴᠢᠨᠠᠷᠲᠠᠢ ᠬᠠᠮᠠᠭᠠᠯᠠᠯᠲᠠ ᠶᠢᠨ ᠠᠮᠢ ᠠᠬᠤᠢ ᠶᠢᠨ ᠣᠷᠣᠨ ᠪᠦᠰᠡ ᠵᠢᠴᠢ | ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠵᠡᠷᠭᠡ ᠬᠤᠯᠪᠣᠭᠳᠠᠯ ᠪᠦᠬᠦᠢ ᠬᠠᠮᠢᠶᠠᠷᠤᠯᠲᠠ ᠶᠢᠨ | ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ᠃ | ︵ᠳᠥᠷᠪᠡ︶ ᠣᠶᠢᠷ᠎ᠠ ᠬᠠᠪᠢ ᠶᠢᠨ ᠠᠮᠢᠲᠠᠨ ᠤ ᠬᠢᠵᠢᠭ ᠡᠪᠡᠳᠴᠢᠨ ᠤ ᠡᠭᠦᠰᠬᠦ᠂ ᠳᠡᠯᠭᠡᠷᠡᠬᠦ ᠪᠠᠶᠢᠳᠠᠯ ᠵᠢᠴᠢ | ᠲᠡᠭᠦᠨ ᠤ ᠪᠠᠶᠢᠭ᠎ᠠ ᠰᠤᠮᠤ᠂ ᠰᠢᠶᠠᠩ ᠪᠠᠯᠭᠠᠰᠤᠨ ᠤ ᠣᠶᠢᠷ᠎ᠠ ᠶᠢᠨ ᠬᠤᠶᠠᠷ ᠵᠢᠯ ᠤᠨ ᠳᠣᠲᠣᠷ᠎ᠠ ᠠᠳᠠᠯᠢ ᠲᠦᠷᠦᠯ ᠤᠨ | ᠠᠮᠠᠷᠬᠠᠨ ᠬᠠᠯᠳᠠᠪᠤᠷᠢᠯᠠᠭᠳᠠᠬᠤ ᠠᠮᠢᠲᠠᠨ ᠤ ᠬᠢᠵᠢᠭ ᠡᠪᠡᠳᠴᠢᠨ ᠤ ᠡᠭᠦᠰᠬᠦ᠂ ᠳᠡᠯᠭᠡᠷᠡᠬᠦ ᠪᠠᠶᠢᠳᠠᠯ᠃ | ︵ᠲᠠᠪᠤ︶ ᠠᠷᠢᠭᠤᠳᠬᠠᠬᠤ᠂ ᠬᠤᠣᠷ ᠦᠭᠡᠶᠢᠳᠡᠭᠦᠯᠦᠨ ᠰᠢᠢᠳᠪᠦᠷᠢᠯᠡᠬᠦ ᠵᠡᠷᠭᠡ ᠠᠮᠢᠲᠠᠨ ᠤ ᠬᠢᠵᠢᠭ ᠢ | ᠰᠡᠷᠭᠡᠶᠢᠯᠡᠬᠦ ᠳᠤ ᠬᠤᠯᠪᠣᠭᠳᠠᠬᠤ ᠲᠥᠬᠦᠭᠡᠷᠦᠮᠵᠢ ᠨᠢ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠭᠰᠡᠨ ᠪᠠᠶᠢᠬᠤ | ᠬᠡᠷᠡᠭᠲᠡᠢ᠃ | ︵ᠵᠢᠷᠭᠤᠭ᠎ᠠ︶ ᠪᠠᠭᠠᠰᠤᠨ ᠪᠣᠬᠢᠷᠲᠤᠯ ᠢ ᠰᠢᠢᠳᠪᠦᠷᠢᠯᠡᠬᠦ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠭᠰᠡᠨ | ᠨᠡᠪᠴᠢᠬᠦ ᠶᠢ ᠰᠡᠷᠭᠡᠶᠢᠯᠡᠬᠦ᠂ ᠭᠤᠭᠤᠵᠢᠬᠤ ᠶᠢ ᠰᠡᠷᠭᠡᠶᠢᠯᠡᠬᠦ ᠵᠢᠴᠢ ᠪᠠᠭᠠᠰᠤᠨ ᠪᠣᠬᠢᠷᠲᠤᠯ ᠢ ᠰᠢᠢᠳᠪᠦᠷᠢᠯᠡᠬᠦ ᠪᠡᠯᠡᠳᠬᠡᠮᠵᠢ | ᠲᠥᠬᠦᠭᠡᠷᠦᠮᠵᠢ ᠲᠠᠢ ᠪᠠᠶᠢᠵ᠊ ᠂ ᠤᠤᠭᠤᠬᠤ ᠤᠰᠤ ᠶᠢ ᠪᠣᠬᠢᠷᠲᠤᠭᠤᠯᠬᠤ ᠶᠢ ᠪᠦᠲᠦᠮᠵᠢᠲᠡᠶ ᠰᠡᠷᠭᠡᠶᠢᠯᠡᠵᠦ ᠴᠢᠳᠠᠬᠤ᠃ | ︵ᠲᠤᠯᠤᠭ᠎ᠠ︶ ᠠᠮᠢᠳᠠᠨ ᠤ ᠬᠢᠵᠢᠭ ᠢ ᠰᠡᠷᠭᠡᠶᠢᠯᠡᠬᠦ ᠬᠤᠯᠪᠣᠭᠳᠠᠯ ᠪᠦᠬᠦᠢ ᠣᠷᠴᠢᠨ ᠠᠬᠤᠢ ᠶᠢᠨ | ᠬᠠᠮᠠᠭᠠᠯᠠᠯᠲᠠ ᠶᠢᠨ ᠰᠢᠢᠳᠬᠡᠯ ᠪᠠ ᠤᠯᠠᠨ ᠲᠦᠮᠡᠨ ᠤ ᠲᠤᠰᠬᠠᠭᠰᠠᠨ ᠵᠠᠭᠠᠯᠳᠤᠯᠭ᠎ᠠ ᠶᠢᠨ ᠠᠯᠪᠠᠨ ᠤ ᠲᠠᠯ᠎ᠠ ᠶᠢᠨ | ᠲᠡᠮᠳᠡᠭᠯᠡᠯ ᠪᠠᠶᠢᠬᠤ ᠡᠰᠡᠬᠦ᠃ | ︵ᠨᠠᠢᠮᠠ︶ ᠠᠮᠢᠲᠠᠨ ᠤ ᠬᠢᠵᠢᠭ ᠢ ᠰᠡᠷᠭᠡᠶᠢᠯᠡᠬᠦ ᠳᠤ ᠬᠤᠯᠪᠣᠭᠳᠠᠬᠤ ᠴᠤᠭᠯᠠᠭᠤᠯᠬᠤ ᠴᠢᠬᠤᠯᠠᠲᠠᠢ ᠪᠤᠰᠤᠳ | ᠮᠡᠳᠡᠭᠡ ᠵᠠᠩᠭᠢ᠃ | ᠠᠷᠪᠠᠨ ᠳᠥᠷᠪᠡᠳᠦᠭᠡᠷ ᠵᠦᠢᠯ ᠲᠤᠰᠬᠠᠢ ᠮᠡᠷᠭᠡᠵᠢᠯᠲᠡᠨ ᠤ ᠳᠤᠭᠤᠶᠢᠯᠠᠩ ᠨᠢ ᠨᠡᠭᠡᠭᠡᠨ ᠡᠷᠬᠢᠯᠡᠬᠦ | ᠲᠠᠯᠠᠪᠤᠷ ᠤᠨ ᠠᠵᠢᠯ ᠡᠷᠬᠢᠯᠡᠬᠦ ᠠᠭᠤᠯᠭ᠎ᠠ᠂ ᠭᠠᠵᠠᠷ ᠰᠣᠩᠭᠤᠭᠰᠠᠨ ᠲᠣᠶᠢᠮᠣ ᠪᠠᠶᠢᠳᠠᠯ᠂ ᠬᠢᠮᠡᠯ ︵ᠪᠤᠶᠤ ᠪᠠᠶᠢᠭᠠᠯᠢ ᠶᠢᠨ︶ | ᠬᠠᠯᠬᠠᠪᠴᠢ᠂ ᠪᠡᠯᠡᠳᠬᠡᠮᠵᠢ ᠲᠥᠬᠦᠭᠡᠷᠦᠮᠵᠢ᠂ ᠲᠤᠬᠠᠢ ᠶᠢᠨ ᠭᠠᠵᠠᠷ ᠤᠨ ᠬᠢᠵᠢᠭ ᠡᠪᠡᠳᠴᠢᠨ ᠡᠭᠦᠰᠦᠭᠰᠡᠨ ᠪᠠᠶᠢᠳᠠᠯ | ᠵᠢᠴᠢ ᠬᠤᠯᠪᠣᠭᠳᠠᠯ ᠪᠦᠬᠦᠢ ᠲᠠᠯᠠᠪᠤᠷ ᠭᠠᠵᠠᠷ ᠯᠤᠭ᠎ᠠ ᠶᠢᠨ ᠣᠷᠣᠨ ᠪᠠᠶᠢᠷᠢ ᠶᠢᠨ ᠵᠠᠢ ᠵᠡᠷᠭᠡ ᠶᠢ ᠦᠨᠳᠦᠰᠦᠯᠡᠨ᠂ | ᠠᠮᠢᠲᠠᠨ ᠤ ᠬᠢᠵᠢᠭ ᠡᠪᠡᠳᠴᠢᠨ ᠤ ᠲᠦᠭᠰᠢᠭᠦᠷᠢ ᠳᠤ ᠰᠠᠭᠤᠷᠢᠯᠠᠨ᠂ ᠶᠡᠷᠦᠩᠬᠡᠶᠢᠯᠡᠨ ᠦᠨᠡᠯᠡᠵᠦ᠂ ᠦᠨᠡᠯᠡᠨ ᠵᠢᠱᠢᠭᠰᠡᠨ | ᠰᠠᠨᠠᠯ ᠭᠠᠷᠭᠠᠨ᠎ᠠ᠃ | ᠠᠷᠪᠠᠨ ᠲᠠᠪᠤᠳᠤᠭᠠᠷ ᠵᠦᠢᠯ ᠲᠤᠰᠬᠠᠢ ᠮᠡᠷᠭᠡᠵᠢᠯᠲᠡᠨ ᠤ ᠳᠤᠭᠤᠶᠢᠯᠠᠩ ᠶᠡᠷᠦᠩᠬᠡᠶᠢᠯᠡᠨ ᠵᠠᠳᠠᠯᠬᠤ᠂ | ᠳᠣᠲᠣᠭᠠᠳᠤ ᠳᠠᠭᠠᠨ ᠶᠠᠷᠢᠯᠴᠠᠬᠤ ᠪᠠᠷ ᠳᠠᠮᠵᠢᠭᠤᠯᠤᠨ᠂ ᠦᠨᠡᠯᠡᠨ ᠵᠢᠱᠢᠭᠰᠡᠨ ᠰᠠᠨᠠᠯ ᠢ ᠪᠢᠴᠢᠭ ᠢᠶᠠᠷ ᠪᠤᠢ ᠪᠣᠯᠭᠠᠵᠤ᠂ | ᠡᠭᠦᠨ ᠤ ᠳ᠋ᠦᠩ ᠳᠤ ︽ᠲᠤᠬᠠᠢ ᠶᠢᠨ ᠲᠠᠯᠠᠪᠤᠷ ᠲᠤ ᠨᠡᠶᠢᠴᠡᠬᠦ︾᠂ ︽ᠴᠡᠭᠴᠡᠯᠡᠨ ᠰᠠᠶᠢᠵᠢᠷᠠᠭᠤᠯᠤᠭᠰᠠᠨ ᠤ ᠲᠠᠷᠠᠭ᠎ᠠ | ᠨᠡᠶᠢᠴᠡᠬᠦ︾᠂ ︽ᠨᠡᠶᠢᠴᠡᠬᠦ ᠦᠭᠡᠢ︾ ᠭᠡᠰᠡᠨ ᠳ᠋ᠦᠩᠨᠡᠯᠲᠡ ᠭᠠᠷᠭᠠᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠤᠭᠰᠠᠨ | ᠠᠭᠤᠯᠭ᠎ᠠ ᠪᠠ ᠪᠠᠲᠤᠯᠠᠭᠳᠠᠭᠰᠠᠨ ᠦᠭᠡᠢ ᠰᠢᠯᠲᠠᠭᠠᠨ ᠢ ᠳᠦᠷᠰᠦᠯᠡᠨ ᠲᠣᠭᠠᠴᠢᠨ᠎ᠠ᠃ ᠦᠨᠡᠯᠡᠨ ᠵᠢᠱᠢᠭᠰᠡᠨ | ᠮᠡᠳᠡᠭᠦᠯᠦᠯᠲᠡ ᠶᠢ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠪᠦᠷᠢᠯᠳᠦᠭᠦᠨ ᠨᠢᠭᠡ ᠨᠢᠭᠡ ᠪᠠᠷ ᠭᠠᠷ ᠤᠨ ᠦᠰᠦᠭ | ᠵᠢᠷᠤᠵᠤ ᠨᠤᠲᠠᠯᠠᠨ ᠲᠣᠭᠲᠠᠭᠠᠵᠤ᠂ ᠦᠷ᠎ᠡ ᠳ᠋ᠦᠩ ᠳᠤ ᠬᠠᠮᠲᠤ ᠪᠠᠷ ᠬᠠᠷᠢᠭᠤᠴᠠᠬᠤ ᠬᠡᠷᠡᠭᠲᠡᠢ᠃ ᠦᠨᠡᠯᠡᠨ ᠵᠢᠱᠢᠭᠰᠡᠨ | ᠮᠡᠳᠡᠭᠦᠯᠦᠯᠲᠡ ᠶᠢᠨ ᠬᠦᠴᠦᠨ ᠲᠠᠢ ᠬᠤᠭᠤᠴᠠᠭ᠎ᠠ ᠶᠢ ᠬᠠᠭᠠᠰ ᠵᠢᠯ᠂ ᠭᠡᠬᠦ ᠳᠡᠭᠡᠨ ᠨᠠᠭᠠᠲᠤ ᠵᠠᠬ᠎ᠠ ᠳᠠᠭᠠᠨ 5 ᠵᠢᠯ | ᠬᠠᠳᠠᠭᠠᠯᠠᠬᠤ ᠬᠡᠷᠡᠭᠲᠡᠢ᠃ | ᠠᠷᠪᠠᠨ ᠵᠢᠷᠭᠤᠳᠤᠭᠠᠷ ᠵᠦᠢᠯ ᠳ᠋ᠦᠩᠨᠡᠯᠲᠡ ᠨᠢ ︽ᠲᠤᠬᠠᠢ ᠶᠢᠨ ᠲᠠᠯᠠᠪᠤᠷ ᠲᠤ ᠨᠡᠶᠢᠴᠡᠬᠦ︾ ᠬᠤᠰᠢᠭᠤ ᠰᠢᠶᠠᠨ | ︵ᠬᠤᠳᠠ᠂ ᠲᠣᠭᠤᠷᠢᠭ︶ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠪᠠᠶᠢᠷᠢᠯᠠᠭᠤᠯᠤᠯᠲᠠ᠂ ᠪᠡᠯᠡᠳᠬᠡᠮᠵᠢ | ᠲᠥᠬᠦᠭᠡᠷᠦᠮᠵᠢ᠂ ᠬᠠᠮᠢᠶᠠᠷᠤᠯᠲᠠ ᠶᠢᠨ ᠳᠦᠷᠢᠮ᠂ ᠠᠵᠢᠯᠲᠠᠨ ᠵᠡᠷᠭᠡ ᠪᠤᠰᠤᠳ ᠲᠣᠭᠲᠠᠭᠠᠭᠰᠠᠨ ᠨᠥᠬᠦᠴᠡᠯ ᠢ ᠤᠯᠠᠮ | ᠨᠢᠭᠡ ᠠᠯᠬᠤᠮ ᠬᠢᠨᠠᠨ ᠪᠠᠶᠢᠴᠠᠭᠠᠵᠤ᠂ ᠲᠡᠰ ᠳᠠᠷᠠᠭᠠᠯᠠᠯ ᠤᠨ ᠶᠣᠰᠣᠭᠠᠷ ︽ᠠᠮᠢᠳᠠᠨ ᠤ ᠬᠢᠵᠢᠭ ᠢ ᠰᠡᠷᠭᠡᠶᠢᠯᠡᠬᠦ | ᠨᠥᠬᠦᠴᠡᠯ ᠤᠨ ᠬᠢᠷᠢ ᠲᠡᠩᠴᠡᠭᠰᠡᠨ ᠦᠨᠡᠮᠯᠡᠯ︾ ᠣᠯᠭᠤᠬᠤ ᠬᠡᠷᠡᠭᠲᠡᠢ᠃ | ᠳ᠋ᠦᠩᠨᠡᠯᠲᠡ ᠨᠢ ︽ᠴᠡᠭᠴᠡᠯᠡᠨ ᠰᠠᠶᠢᠵᠢᠷᠠᠭᠤᠯᠤᠭᠰᠠᠨ ᠤ ᠲᠠᠷᠠᠭ᠎ᠠ ᠨᠡᠶᠢᠴᠡᠬᠦ︾ ᠪᠠᠶᠢᠪᠠᠯ᠂ ᠴᠡᠭᠴᠡᠯᠡᠨ | ᠰᠠᠶᠢᠵᠢᠷᠠᠭᠤᠯᠤᠭᠰᠠᠨ ᠤ ᠲᠠᠷᠠᠭ᠎ᠠ ᠲᠤᠰᠬᠠᠢ ᠮᠡᠷᠭᠡᠵᠢᠯᠲᠡᠨ ᠤ ᠳᠤᠭᠤᠶᠢᠯᠠᠩ ᠢᠶᠠᠷ ᠨᠤᠲᠠᠯᠠᠭᠤᠯᠤᠭᠰᠠᠨ ᠤ ᠲᠠᠷᠠᠭ᠎ᠠ᠂ | ᠬᠤᠰᠢᠭᠤ ᠰᠢᠶᠠᠨ ︵ᠬᠤᠳᠠ᠂ ᠲᠣᠭᠤᠷᠢᠭ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ | ᠪᠠᠶᠢᠷᠢᠯᠠᠭᠤᠯᠤᠯᠲᠠ᠂ ᠪᠡᠯᠡᠳᠬᠡᠮᠵᠢ ᠲᠥᠬᠦᠭᠡᠷᠦᠮᠵᠢ᠂ ᠬᠠᠮᠢᠶᠠᠷᠤᠯᠲᠠ ᠶᠢᠨ ᠳᠦᠷᠢᠮ᠂ ᠠᠵᠢᠯᠲᠠᠨ ᠵᠡᠷᠭᠡ ᠪᠤᠰᠤᠳ | ᠲᠣᠭᠲᠠᠭᠠᠭᠰᠠᠨ ᠨᠥᠬᠦᠴᠡᠯ ᠢ ᠤᠯᠠᠮ ᠨᠢᠭᠡ ᠠᠯᠬᠤᠮ ᠬᠢᠨᠠᠨ ᠪᠠᠶᠢᠴᠠᠭᠠᠵᠤ᠂ ᠲᠡᠰ ᠳᠠᠷᠠᠭᠠᠯᠠᠯ ᠤᠨ ᠶᠣᠰᠣᠭᠠᠷ | ︽ᠠᠮᠢᠳᠠᠨ ᠤ ᠬᠢᠵᠢᠭ ᠢ ᠰᠡᠷᠭᠡᠶᠢᠯᠡᠬᠦ ᠨᠥᠬᠦᠴᠡᠯ ᠤᠨ ᠬᠢᠷᠢ ᠲᠡᠩᠴᠡᠭᠰᠡᠨ ᠦᠨᠡᠮᠯᠡᠯ︾ ᠣᠯᠭᠤᠬᠤ ᠬᠡᠷᠡᠭᠲᠡᠢ᠃ | ᠳ᠋ᠦᠩᠨᠡᠯᠲᠡ ᠨᠢ ︽ᠨᠡᠶᠢᠴᠡᠬᠦ ᠦᠭᠡᠢ︾ ᠪᠠᠶᠢᠪᠠᠯ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠠᠷᠢᠶᠠᠯᠠᠩ | ᠮᠠᠯ ᠠᠵᠤ ᠠᠬᠤᠢ ᠶᠢᠨ ᠰᠠᠯᠠᠭ᠎ᠠ ᠮᠥᠴᠢᠷ ᠠᠴᠠ ︽ᠠᠮᠢᠲᠠᠨ ᠤ ᠬᠢᠵᠢᠭ ᠢ ᠰᠡᠷᠭᠡᠶᠢᠯᠡᠬᠦ ᠨᠥᠬᠦᠴᠡᠯ ᠤᠨ ᠬᠢᠷᠢ | ᠲᠡᠩᠴᠡᠭᠰᠡᠨ ᠦᠨᠡᠮᠯᠡᠯ︾ ᠣᠯᠭᠤᠵᠤ ᠪᠣᠯᠬᠤ ᠦᠭᠡᠢ᠃ | ᠠᠷᠪᠠᠨ ᠳᠣᠯᠣᠳᠤᠭᠠᠷ ᠵᠦᠢᠯ ᠲᠠᠯᠠᠪᠤᠷ ᠨᠢ ᠭᠠᠵᠠᠷ ᠤᠨ ᠬᠠᠶ᠋ᠢᠭ ᠪᠤᠶᠤ ᠡᠵᠡᠩᠨᠡᠯᠲᠡ ᠶᠢᠨ ᠬᠦᠷᠢᠶ᠎ᠡ | ᠬᠡᠪᠴᠢᠶ᠎ᠡ ᠪᠠᠨ ᠬᠤᠪᠢᠷᠠᠭᠤᠯᠤᠭᠰᠠᠨ ᠨᠢ᠂ ︽ᠠᠮᠢᠲᠠᠨ ᠤ ᠬᠢᠵᠢᠭ ᠢ ᠰᠡᠷᠭᠡᠶᠢᠯᠡᠬᠦ ᠨᠥᠬᠦᠴᠡᠯ ᠢ ᠬᠢᠨᠠᠨ ᠪᠠᠶᠢᠴᠠᠭᠠᠬᠤ | ᠠᠷᠭ᠎ᠠ︾ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ︽ᠠᠮᠢᠲᠠᠨ ᠤ ᠬᠢᠵᠢᠭ ᠢ ᠰᠡᠷᠭᠡᠶᠢᠯᠡᠬᠦ | ᠨᠥᠬᠦᠴᠡᠯ ᠤᠨ ᠬᠢᠷᠢ ᠲᠡᠩᠴᠡᠭᠰᠡᠨ ᠦᠨᠡᠮᠯᠡᠯ︾ ᠢ ᠰᠢᠨ᠎ᠡ ᠪᠠᠷ ᠭᠤᠶᠤᠴᠢᠯᠠᠨ ᠭᠦᠢᠴᠡᠳᠬᠡᠵᠦ᠂ ᠬᠤᠰᠢᠭᠤ ᠰᠢᠶᠠᠨ | ︵ᠬᠤᠳᠠ᠂ ᠲᠣᠭᠤᠷᠢᠭ︶ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠬᠦᠯᠢᠶᠡᠨ ᠠᠪᠤᠭᠰᠠᠨ ᠤ ᠳᠠᠷᠠᠭ᠎ᠠ | ᠭᠠᠵᠠᠷ ᠰᠣᠩᠭᠤᠬᠤ ᠲᠦᠭᠰᠢᠭᠦᠷᠢ ᠶᠢᠨ ᠦᠨᠡᠯᠡᠨ ᠵᠢᠱᠢᠯᠲᠡ ᠶᠢ ᠰᠢᠨ᠎ᠡ ᠪᠠᠷ ᠵᠣᠬᠢᠶᠠᠨ ᠪᠠᠶᠢᠭᠤᠯᠬᠤ ᠬᠡᠷᠡᠭᠲᠡᠢ᠃ | ᠠᠷᠪᠠᠨ ᠨᠠᠢᠮᠠᠳᠤᠭᠠᠷ ᠵᠦᠢᠯ ᠲᠣᠰ ᠠᠷᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠬᠠᠷᠢᠭᠤᠴᠠᠨ | ᠲᠠᠶᠢᠯᠪᠤᠷᠢᠯᠠᠨ᠎ᠠ᠃ | ᠠᠷᠪᠠ ᠶᠢᠰᠦᠳᠦᠭᠡᠷ ᠵᠦᠢᠯ ᠲᠤᠰ ᠠᠷᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠲᠤᠷᠰᠢᠨ | ᠬᠡᠷᠡᠭᠵᠢᠭᠦᠯᠦᠨ᠎ᠡ᠃ | ᠳᠠᠭᠠᠯᠳᠤᠭᠤᠯᠤᠯ ᠬᠦᠰᠦᠨᠦᠭᠲᠦ᠄ 1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢᠲᠠᠨ ᠤ | ᠬᠢᠵᠢᠭ ᠢ ᠰᠡᠷᠭᠡᠶᠢᠯᠡᠬᠦ ᠨᠥᠬᠦᠴᠡᠯ ᠢ ᠬᠢᠨᠠᠨ ᠪᠠᠶᠢᠴᠠᠭᠠᠬᠤ ᠲᠠᠯᠠᠪᠤᠷ ᠤᠨ ᠭᠠᠵᠠᠷ ᠰᠣᠩᠭᠤᠬᠤ ᠲᠦᠭᠰᠢᠭᠦᠷᠢ ᠶᠢ | ᠦᠨᠡᠯᠡᠨ ᠵᠢᠱᠢᠬᠦ ᠭᠤᠶᠤᠴᠢᠯᠠᠯ ᠤᠨ ᠬᠦᠰᠦᠨᠦᠭᠲᠦ | 2. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢᠲᠠᠨ ᠤ ᠬᠢᠵᠢᠭ ᠢ ᠰᠡᠷᠭᠡᠶᠢᠯᠡᠬᠦ ᠨᠥᠬᠦᠴᠡᠯ ᠢ | ᠬᠢᠨᠠᠨ ᠪᠠᠶᠢᠴᠠᠭᠠᠬᠤ ᠲᠠᠯᠠᠪᠤᠷ ᠤᠨ ᠭᠠᠵᠠᠷ ᠰᠣᠩᠭᠤᠬᠤ ᠲᠦᠭᠰᠢᠭᠦᠷᠢ ᠶᠢ ᠦᠨᠡᠯᠡᠨ ᠵᠢᠱᠢᠬᠦ ᠰᠠᠨᠠᠯ ᠤᠨ ᠬᠦᠰᠦᠨᠦᠭᠲᠦ | ᠳᠠᠭᠠᠯᠳᠤᠭᠤᠯᠤᠯ ᠬᠦᠰᠦᠨᠦᠭᠲᠦ 1᠂ ᠳᠠᠭᠠᠯᠳᠤᠭᠤᠯᠤᠯ ᠬᠦᠰᠦᠨᠦᠭᠲᠦ 2 | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠡᠮᠨᠡᠯᠭᠡ ᠶᠢᠨ ᠨᠡᠶᠢᠭᠡᠮᠴᠢᠯᠡᠭᠰᠡᠨ | ᠦᠢᠯᠡᠴᠢᠯᠡᠭᠡ ᠶᠢ ᠰᠢᠯᠭᠠᠨ ᠬᠢᠨᠠᠵᠤ ᠦᠨᠡᠯᠡᠨ ᠵᠢᠱᠢᠬᠦ ᠠᠷᠭ᠎ᠠ ︵ᠲᠤᠷᠰᠢᠨ ᠬᠡᠷᠡᠭᠵᠢᠭᠦᠯᠬᠦ︶ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠠᠬᠢᠭᠤᠯᠵᠤ᠂ | ᠵᠠᠰᠠᠭ ᠤᠨ ᠣᠷᠳᠣᠨ ᠤ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠬᠤᠳᠠᠯᠳᠤᠨ ᠠᠪᠤᠭᠰᠠᠨ ᠠᠵᠢᠯ ᠤᠨ | ᠦᠷ᠎ᠡ ᠪᠦᠲᠦᠮᠵᠢ ᠶᠢ ᠰᠢᠨᠵᠢᠯᠡᠬᠦ ᠤᠬᠠᠭᠠᠨᠴᠢ ᠪᠠᠷ ᠦᠨᠡᠯᠡᠨ ᠵᠢᠱᠢᠬᠦ ᠶᠢᠨ ᠲᠥᠯᠥᠭᠡ ︽ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠠᠯᠪᠠᠨ ᠲᠢᠩᠬᠢᠮ ᠤᠨ ᠵᠠᠰᠠᠭ ᠤᠨ ᠣᠷᠳᠣᠨ ᠨᠡᠶᠢᠭᠡᠮ ᠤᠨ ᠬᠦᠴᠦᠨ ᠠᠴᠠ ᠦᠢᠯᠡᠴᠢᠯᠡᠭᠡ ᠬᠤᠳᠠᠯᠳᠤᠨ | ᠠᠪᠬᠤ ᠲᠤᠬᠠᠢ ᠵᠢᠯᠤᠭᠤᠳᠬᠤ ᠰᠠᠨᠠᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠶᠡᠷᠦᠩᠬᠡᠶᠢᠯᠡᠭᠰᠡᠨ | ᠥᠭᠡᠷᠡᠴᠢᠯᠡᠯᠲᠡ ᠶᠢᠨ ᠲᠤᠬᠠᠢ ᠰᠠᠨᠠᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ | ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠮᠠᠯ ᠡᠮᠨᠡᠯᠭᠡ ᠶᠢᠨ ᠨᠡᠶᠢᠭᠡᠮᠴᠢᠯᠡᠭᠰᠡᠨ | ᠦᠢᠯᠡᠴᠢᠯᠡᠭᠡᠨ ᠢ ᠲᠦᠯᠬᠢᠨ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠲᠣᠰ | ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠤᠰ ᠠᠷᠭ᠎ᠠ ᠶᠢ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ | ᠮᠥᠴᠢᠷ ᠤᠨ ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠨ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ | ᠬᠤᠳᠠᠯᠳᠤᠨ ᠠᠪᠬᠤ ᠶᠢ ᠵᠠᠯᠭᠠᠵᠤ ᠵᠣᠯᠭᠠᠭᠤᠯᠬᠤ ᠭᠤᠣᠯ ᠴᠣᠭᠴᠠ ᠶᠢ ᠬᠢᠨᠠᠨ ᠰᠢᠯᠭᠠᠵᠤ ᠦᠨᠡᠯᠡᠨ ᠵᠢᠱᠢᠬᠦ ᠳᠤ | ᠬᠡᠷᠡᠭᠯᠡᠨ᠎ᠡ᠃ ᠬᠤᠳᠠᠯᠳᠤᠨ ᠠᠪᠬᠤ ᠭᠤᠣᠯ ᠴᠣᠭᠴᠠ ᠨᠢ ᠭᠠᠷ ᠤᠨ ᠦᠰᠦᠭ ᠵᠢᠷᠤᠭᠰᠠᠨ ᠵᠠᠰᠠᠭ ᠤᠨ ᠣᠷᠳᠣᠨ ᠤ ᠮᠠᠯ | ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠬᠤᠳᠠᠯᠳᠤᠨ ᠠᠪᠬᠤ ᠭᠡᠷ᠎ᠡ ᠳᠤ ᠲᠤᠰ ᠠᠷᠭ᠎ᠠ ᠶᠢ ᠬᠡᠷᠡᠭᠯᠡᠬᠦ ᠪᠠᠷ | ᠲᠣᠳᠣᠷᠬᠠᠢ ᠪᠣᠯᠵᠣᠨ ᠲᠣᠭᠲᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠬᠢᠨᠠᠨ ᠰᠢᠯᠭᠠᠵᠤ ᠦᠨᠡᠯᠡᠨ ᠵᠢᠱᠢᠬᠦ ᠭᠡᠳᠡᠭ ᠨᠢ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ | ᠦᠨᠳᠦᠰᠦᠨ ᠵᠠᠷᠴᠢᠮ᠂ ᠦᠨᠡᠯᠡᠨ ᠵᠢᠱᠢᠬᠦ ᠠᠷᠭ᠎ᠠ ᠪᠠ ᠵᠢᠷᠤᠮ ᠤᠨ ᠶᠣᠰᠣᠭᠠᠷ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ | ᠦᠢᠯᠡᠴᠢᠯᠡᠭᠡ ᠶᠢ ᠪᠡᠶᠡᠯᠡᠭᠦᠯᠦᠭᠰᠡᠨ ᠵᠢᠴᠢ ᠬᠡᠷᠡᠭᠵᠢᠭᠦᠯᠦᠭᠰᠡᠨ ᠪᠠᠶᠢᠳᠠᠯ ᠳᠤ ᠶᠡᠷᠦᠩᠬᠡᠶᠢᠯᠡᠭᠰᠡᠨ ᠦᠨᠡᠯᠡᠯᠲᠡ ᠬᠢᠬᠦ ᠶᠢ | ᠵᠢᠭᠠᠵᠤ ᠪᠠᠶᠢᠨ᠎ᠠ᠃ | ᠭᠤᠷᠪᠠᠳᠤᠭᠠᠷ ᠵᠦᠢᠯ ᠰᠢᠯᠭᠠᠨ ᠬᠢᠨᠠᠵᠤ ᠦᠨᠡᠯᠡᠨ ᠵᠢᠱᠢᠬᠦ ᠠᠭᠤᠯᠭ᠎ᠠ ᠨᠢ ᠰᠢᠨᠵᠢᠯᠡᠬᠦ ᠤᠬᠠᠭᠠᠨᠴᠢ᠂ | ᠠᠵᠢᠯᠯᠠᠭᠠᠨ ᠨᠢ ᠵᠢᠷᠤᠮᠵᠢᠯ ᠲᠠᠢ᠂ ᠦᠨᠡᠯᠡᠯᠲᠡ ᠨᠢ ᠪᠤᠰᠤᠳᠴᠢ ᠪᠠᠶᠢᠬᠤ ᠶᠢ ᠦᠨᠡᠨᠬᠦ ᠪᠠᠲᠤᠯᠠᠬᠤ ᠶᠢᠨ ᠲᠤᠰᠠᠳᠠ᠂ | ᠳᠣᠣᠷᠠᠬᠢ ᠵᠠᠷᠴᠢᠮ ᠤᠳ ᠢ ᠵᠢᠷᠤᠮᠯᠠᠬᠤ ᠬᠡᠷᠡᠭᠲᠡᠢ᠄ | ︵ᠨᠢᠭᠡ︶ ᠵᠠᠰᠠᠭ ᠤᠨ ᠣᠷᠳᠣᠨ ᠢᠶᠠᠷ ᠭᠤᠣᠯᠯᠠᠭᠤᠯᠵᠤ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠨ᠎ᠠ᠃ | ᠰᠢᠯᠭᠠᠨ ᠬᠢᠨᠠᠵᠤ ᠦᠨᠡᠯᠡᠨ ᠵᠢᠱᠢᠬᠦ ᠶᠢ ᠥᠷᠨᠢᠭᠦᠯᠬᠦ ᠪᠣᠯ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ | ᠴᠢᠬᠤᠯᠠ ᠭᠤᠭᠴᠤᠭ᠎ᠠ ᠪᠣᠯᠣᠨ᠎ᠠ᠂ ︽ᠬᠡᠨ ᠬᠤᠳᠠᠯᠳᠤᠨ ᠠᠪᠤᠪᠠᠯ᠂ ᠬᠡᠨ ᠵᠣᠬᠢᠶᠠᠨ ᠪᠠᠶᠢᠭᠤᠯᠪᠠᠯ᠂ ᠲᠡᠷᠡ ᠦᠨᠡᠯᠡᠨ | ᠵᠢᠱᠢᠬᠦ︾ ᠵᠠᠷᠴᠢᠮ ᠶᠣᠰᠣᠭᠠᠷ᠂ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ ᠬᠢᠨᠠᠯᠲᠠ | ᠬᠠᠮᠢᠶᠠᠷᠤᠯᠲᠠ ᠶᠢᠨ ᠳᠣᠣᠷ᠎ᠠ᠂ ᠰᠢᠯᠭᠠᠨ ᠬᠢᠨᠠᠵᠤ ᠦᠨᠡᠯᠡᠨ ᠵᠢᠱᠢᠬᠦ ᠠᠵᠢᠯ ᠢ ᠰᠢᠨᠵᠢᠯᠡᠬᠦ ᠤᠬᠠᠭᠠᠨᠴᠢ ᠪᠠᠷ ᠥᠷᠨᠢᠭᠦᠯᠵᠦ᠂ | ᠭᠤᠷᠪᠠᠳᠠᠭᠢ ᠡᠲᠡᠭᠡᠳ ᠤᠨ ᠲᠤᠰᠬᠠᠢ ᠪᠠᠶᠢᠭᠤᠯᠤᠮᠵᠢ ᠶᠢᠨ ᠣᠷᠣᠯᠴᠠᠬᠤ ᠶᠢ ᠢᠳᠡᠪᠬᠢᠲᠡᠢ ᠪᠠᠷ ᠬᠥᠲᠥᠯᠥᠨ | ᠵᠢᠯᠣᠭᠤᠳᠤᠨ᠎ᠠ᠃ | ︵ᠬᠤᠶᠠᠷ︶ ᠰᠢᠨᠵᠢᠯᠡᠬᠦ ᠤᠬᠠᠭᠠᠨᠴᠢ ᠵᠢᠷᠤᠮᠵᠢᠯ ᠲᠠᠢ᠂ ᠢᠯᠡ ᠲᠣᠳᠣ ᠪᠠᠶᠢᠬᠤ ᠬᠡᠷᠡᠭᠲᠡᠢ᠃ ᠬᠤᠳᠠᠯᠳᠤᠨ ᠠᠪᠬᠤ | ᠭᠤᠣᠯ ᠴᠣᠭᠴᠠ ᠨᠢ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠯᠭᠠᠨ ᠬᠢᠨᠠᠵᠤ ᠦᠨᠡᠯᠡᠨ ᠵᠢᠱᠢᠬᠦ | ᠲᠥᠰᠥᠯ ᠢ ᠲᠣᠭᠲᠠᠭᠠᠵᠤ᠂ ᠦᠨᠡᠯᠡᠨ ᠵᠢᠱᠢᠬᠦ ᠠᠭᠤᠯᠭ᠎ᠠ᠂ ᠵᠢᠷᠤᠮ ᠪᠠ ᠠᠷᠭ᠎ᠠ ᠶᠢ ᠲᠣᠭᠲᠠᠭᠠᠵᠤ᠂ ᠭᠦᠢᠴᠡᠳᠬᠡᠬᠦ | ᠲᠤᠭ᠎ᠠ ᠶᠢᠨ ᠰᠢᠰᠲ᠋ᠧᠮ ᠢ ᠬᠡᠮᠵᠢᠶᠡᠯᠡᠨ᠎ᠡ᠃ ᠦᠨᠡᠯᠡᠨ ᠵᠢᠱᠢᠭᠰᠡᠨ ᠦᠷ᠎ᠡ ᠳ᠋ᠦᠩ ᠢ ᠨᠡᠶᠢᠭᠡᠮ ᠳᠤ ᠢᠯᠡ ᠪᠣᠯᠭᠠᠨ᠎ᠠ᠃ | ︵ᠭᠤᠷᠪᠠ︶ ᠭᠤᠣᠯᠳᠠᠯᠭ᠎ᠠ ᠶᠢ ᠳᠣᠪᠤᠶᠢᠯᠭᠠᠵᠤ᠂ ᠠᠵᠢᠯ ᠤᠨ ᠪᠦᠲᠦᠮᠵᠢ ᠶᠢᠨ ᠬᠠᠮᠢᠠᠷᠤᠯᠳᠠ ᠶᠢ | ᠬᠡᠷᠡᠭᠵᠢᠭᠦᠯᠬᠦ ᠬᠡᠷᠡᠭᠲᠡᠢ᠃ ᠬᠢᠨᠠᠨ ᠰᠢᠯᠭᠠᠵᠤ ᠦᠨᠡᠯᠡᠨ ᠵᠢᠱᠢᠬᠦ ᠳᠤ ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠵᠤ᠂ | ᠭᠤᠣᠯᠳᠠᠯᠭ᠎ᠠ ᠲᠠᠢ ᠠᠭᠤᠯᠭ᠎ᠠ ᠶᠢ ᠲᠣᠪᠤᠶᠢᠯᠭᠠᠨ᠂ ᠦᠨᠡᠯᠡᠨ ᠵᠢᠱᠢᠭᠰᠡᠨ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠵᠤ᠂ | ᠬᠠᠮᠢᠶᠠᠷᠤᠯᠲᠠ ᠶᠢᠨ ᠳᠠᠭᠠᠭᠠᠨ ᠵᠣᠯᠭᠠᠭᠤᠯᠬᠤ ᠭᠤᠣᠯ ᠴᠣᠭᠴᠠ ᠶᠢ ᠵᠢᠷᠤᠮᠵᠢᠭᠤᠯᠤᠨ᠂ ᠮᠠᠯ ᠡᠮᠨᠡᠯᠭᠡ ᠶᠢᠨ | ᠨᠡᠶᠢᠭᠡᠮᠴᠢᠯᠡᠭᠰᠡᠨ ᠦᠢᠯᠡᠴᠢᠯᠡᠭᠡᠨ ᠤ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠃ | ᠳᠥᠷᠪᠡᠳᠦᠭᠡᠷ ᠵᠦᠢᠯ ᠬᠢᠨᠠᠨ ᠰᠢᠯᠭᠠᠵᠤ ᠦᠨᠡᠯᠡᠨ ᠵᠢᠱᠢᠭᠰᠡᠨ ᠦᠷ᠎ᠡ ᠳ᠋ᠦᠩ ᠢ ᠡᠯ᠎ᠡ ᠱᠠᠲᠤᠨ ᠤ | ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ ᠣᠨ ᠤ ᠠᠮᠢᠲᠠᠨ ᠤ ᠬᠢᠵᠢᠭ ᠢ ᠰᠡᠷᠭᠡᠶᠢᠯᠡᠬᠦ | ᠲᠤᠰᠠᠯᠠᠮᠵᠢ ᠶᠢᠨ ᠪᠡᠯᠡ ᠮᠥᠩᠭᠦ ᠶᠢᠨ ᠲᠥᠰᠥᠪ ᠪᠣᠯᠣᠨ ᠲᠥᠷᠥᠯ ᠵᠦᠢᠯ ᠤᠨ ᠬᠠᠮᠢᠶᠠᠷᠤᠯᠲᠠ᠂ ᠲᠠᠷᠠᠭ᠎ᠠ ᠵᠢᠯ ᠤᠨ | ᠪᠡᠯᠡ ᠮᠥᠩᠭᠦ ᠶᠢᠨ ᠬᠤᠪᠢᠶᠠᠷᠢᠯᠠᠯᠲᠠ ᠵᠡᠷᠭᠡ ᠶᠢᠨ ᠯᠠᠪᠯᠠᠯᠲᠠ ᠶᠢᠨ ᠭᠦᠢᠴᠡᠳᠬᠡᠬᠦ ᠲᠤᠭ᠎ᠠ ᠵᠢᠴᠢ ᠮᠠᠯ ᠡᠮᠨᠡᠯᠭᠡ ᠶᠢᠨ | ᠨᠡᠶᠢᠭᠡᠮᠴᠢᠯᠡᠭᠰᠡᠨ ᠦᠢᠯᠡᠴᠢᠯᠡᠭᠡᠨ ᠢ ᠵᠠᠯᠭᠠᠵᠤ ᠠᠪᠬᠤ ᠭᠤᠣᠯ ᠴᠣᠭᠴᠠ ᠶᠢ ᠲᠣᠭᠲᠠᠭᠠᠬᠤ ᠴᠢᠬᠤᠯᠠ ᠦᠨᠳᠦᠰᠦᠯᠡᠯ | ᠪᠣᠯᠭᠠᠨ᠎ᠠ᠃ | ᠬᠤᠶᠠᠳᠤᠭᠠᠷ ᠪᠦᠯᠦᠭ ᠡᠭᠦᠷᠭᠡ ᠴᠢᠳᠠᠪᠬᠢ ᠡᠬᠦᠷᠭᠡ ᠬᠠᠷᠢᠭᠤᠴᠠᠯᠭ᠎ᠠ | ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ | ᠲᠣᠰᠬᠤᠨ ᠮᠠᠯᠵᠢᠬᠤ ᠣᠷᠣᠨ ᠤ ᠲᠢᠩᠬᠢᠮ ᠨᠢ ︽ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠬᠢᠨᠠᠨ | ᠰᠢᠯᠭᠠᠵᠤ ᠦᠨᠡᠯᠡᠨ ᠵᠢᠱᠢᠬᠦ ᠠᠷᠭ᠎ᠠ︾ ᠶᠢ ᠲᠣᠭᠲᠠᠭᠠᠬᠤ ᠶᠢ ᠬᠠᠷᠢᠭᠤᠴᠠᠵᠤ᠂ ᠵᠠᠰᠠᠪᠤᠷᠢ ᠣᠷᠣᠭᠤᠯᠬᠤ ᠪᠠ | ᠵᠢᠯᠤᠭᠤᠳᠬᠤ ᠠᠵᠢᠯ ᠢ ᠡᠭᠦᠷᠭᠡᠯᠡᠨ᠎ᠡ︔ ᠠᠶᠢᠮᠠᠭ ᠬᠤᠲᠠ᠂ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ | ᠰᠠᠯᠠᠭ᠎ᠠ ᠮᠥᠴᠢᠷ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠵᠤ᠂ ᠬᠠᠷᠢᠶᠠᠲᠤ ᠣᠷᠣᠨ ᠤ ᠳᠣᠲᠣᠷᠠᠬᠢ | ᠬᠤᠳᠠᠯᠳᠤᠨ ᠠᠪᠬᠤ ᠭᠤᠣᠯ ᠴᠣᠭᠴᠠ ᠶᠢ ᠰᠢᠮᠳᠠᠭᠤᠯᠵᠤ ᠪᠠᠶᠢᠭᠠᠳ ᠲᠣᠭᠲᠠᠭᠰᠠᠨ ᠴᠠᠭ ᠬᠤᠭᠤᠴᠠᠭᠠᠨ ᠤ ᠳᠣᠲᠣᠷ᠎ᠠ | ᠰᠢᠯᠭᠠᠨ ᠬᠢᠨᠠᠵᠤ ᠦᠨᠡᠯᠡᠨ ᠵᠢᠱᠢᠬᠦ ᠶᠢ ᠪᠡᠶᠡᠯᠡᠭᠦᠯᠵᠦ᠂ ᠦᠨᠡᠯᠡᠨ ᠵᠢᠱᠢᠭᠰᠡᠨ ᠦᠷ᠎ᠡ ᠳ᠋ᠦᠩ ᠢ ᠦᠨᠳᠦᠰᠦᠯᠡᠨ ᠰᠠᠨᠠᠯ | ᠰᠠᠨᠠᠭᠤᠯᠭ᠎ᠠ ᠪᠠᠨ ᠳᠤᠷᠠᠳᠬᠤ ᠬᠡᠷᠡᠭᠲᠡᠢ᠃ | ᠵᠢᠷᠭᠤᠳᠤᠭᠠᠷ ᠵᠦᠢᠯ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ | ᠰᠢᠯᠭᠠᠨ ᠬᠢᠨᠠᠵᠤ ᠦᠨᠡᠯᠡᠨ ᠵᠢᠱᠢᠬᠦ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠪᠦᠷᠢᠯᠳᠦᠭᠦᠨ ᠨᠢ | ᠬᠤᠳᠠᠯᠳᠤᠨ ᠠᠪᠬᠤ ᠭᠤᠣᠯ ᠴᠣᠭᠴᠠ ᠶᠢᠨ ᠲᠥᠯᠥᠭᠡᠯᠡᠭᠴᠢ ᠵᠢᠴᠢ ᠠᠮᠢᠲᠠᠨ ᠤ ᠬᠢᠵᠢᠭ ᠢ ᠰᠡᠷᠭᠡᠶᠢᠯᠡᠬᠦ ᠬᠦᠷᠢᠶ᠎ᠡ | ᠴᠠᠷᠠᠭ᠎ᠠ ᠶᠢᠨ ᠲᠤᠰᠬᠠᠢ ᠮᠡᠷᠭᠡᠵᠢᠯᠲᠡᠨ᠂ ᠡᠷᠳᠡᠮᠲᠡᠨ ᠢᠶᠠᠷ ᠪᠦᠷᠢᠯᠳᠦᠵᠦ᠂ ᠰᠢᠯᠭᠠᠨ ᠬᠢᠨᠠᠵᠤ ᠦᠨᠡᠯᠡᠨ ᠵᠢᠱᠢᠬᠦ ᠠᠵᠢᠯ ᠢ | ᠨᠢᠭᠡᠳᠦᠯᠲᠡᠢ ᠤᠳᠤᠷᠢᠳᠤᠨ᠎ᠠ᠃ | ᠰᠢᠯᠭᠠᠨ ᠬᠢᠨᠠᠵᠤ ᠦᠨᠡᠯᠡᠨ ᠵᠢᠱᠢᠬᠦ ᠠᠵᠢᠯ ᠤᠨ ᠤᠳᠤᠷᠢᠳᠬᠤ ᠳᠤᠭᠤᠶᠢᠯᠠᠩ ᠨᠢ ᠬᠠᠷᠢᠶ᠎ᠠ ᠣᠷᠣᠨ ᠤ | ᠳᠣᠲᠣᠷᠠᠬᠢ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠯᠭᠠᠨ ᠬᠢᠨᠠᠵᠤ ᠦᠨᠡᠯᠡᠨ ᠵᠢᠱᠢᠬᠦ ᠲᠥᠰᠥᠯ᠂ | ᠦᠨᠡᠯᠡᠨ ᠵᠢᠱᠢᠬᠦ ᠭᠦᠢᠴᠡᠳᠬᠡᠯ ᠲᠤᠭ᠎ᠠ ᠪᠠ ᠦᠨᠡᠯᠡᠨ ᠵᠢᠱᠢᠭᠰᠡᠨ ᠦᠷ᠎ᠡ ᠳ᠋ᠦᠩ ᠢ ᠬᠢᠨᠠᠨ ᠲᠣᠭᠲᠠᠭᠠᠬᠤ ᠶᠢ | ᠬᠠᠷᠢᠭᠤᠴᠠᠵᠤ᠂ ᠰᠢᠯᠭᠠᠨ ᠬᠢᠨᠠᠵᠤ ᠦᠨᠡᠯᠡᠨ ᠵᠢᠱᠢᠭᠰᠡᠨ ᠶᠠᠪᠤᠴᠠ ᠳᠤ ᠬᠢᠨᠠᠯᠲᠠ ᠲᠠᠯᠪᠢᠵᠤ᠂ ᠬᠤᠯᠪᠣᠭᠳᠠᠯ ᠪᠦᠬᠦᠢ | ᠭᠤᠮᠣᠳᠠᠯ ᠲᠣᠭᠠᠴᠢᠯᠲᠠ ᠶᠢ ᠬᠦᠯᠢᠶᠡᠨ ᠠᠪᠴᠤ ᠰᠢᠢᠳᠪᠦᠷᠢᠯᠡᠨ᠎ᠡ᠃ | ᠳᠣᠯᠣᠳᠤᠭᠠᠷ ᠵᠦᠢᠯ ᠬᠤᠳᠠᠯᠳᠤᠨ ᠠᠪᠬᠤ ᠭᠤᠣᠯ ᠴᠣᠭᠴᠠ ᠨᠢ ᠰᠢᠯᠭᠠᠨ ᠬᠢᠨᠠᠵᠤ ᠦᠨᠡᠯᠡᠨ ᠵᠢᠱᠢᠬᠦ | ᠲᠥᠰᠥᠯ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠳᠠᠭᠠᠭᠠᠨ ᠠᠪᠤᠭᠰᠠᠨ ᠭᠤᠣᠯ | ᠴᠣᠭᠴᠠ ᠶᠢᠨ ᠦᠢᠯᠡᠴᠢᠯᠡᠭᠡᠨ ᠤ ᠶᠠᠪᠤᠴᠠ᠂ ᠠᠵᠢᠯ ᠤᠨ ᠦᠷ᠎ᠡ ᠪᠦᠲᠦᠮᠵᠢ᠂ ᠵᠠᠭᠠᠯᠳᠤᠯᠭ᠎ᠠ ᠶᠢ ᠰᠢᠢᠳᠪᠦᠷᠢᠯᠡᠬᠦ | ᠵᠡᠷᠭᠡ ᠳᠤ ᠲᠠᠰ ᠳᠠᠷᠠᠭᠠᠯᠠᠯ ᠶᠣᠰᠣᠭᠠᠷ ᠦᠨᠡᠯᠡᠯᠲᠡ ᠬᠢᠨ᠎ᠡ᠃ | ᠨᠠᠢᠮᠠᠳᠤᠭᠠᠷ ᠵᠦᠢᠯ ᠬᠤᠳᠠᠯᠳᠤᠨ ᠠᠪᠬᠤ ᠭᠤᠣᠯ ᠴᠣᠭᠴᠠ ᠪᠣᠯᠵᠣᠨ ᠲᠣᠭᠲᠠᠭᠰᠠᠨ ᠶᠣᠰᠣᠭᠠᠷ ᠮᠠᠯ | ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠰᠠᠶᠢᠲᠤᠷ ᠬᠢᠵᠦ᠂ ᠬᠢᠨᠠᠯᠲᠠ ᠬᠠᠮᠢᠶᠠᠷᠤᠯᠲᠠ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠬᠢᠨᠠᠨ ᠰᠢᠯᠭᠠᠵᠤ ᠦᠨᠡᠯᠡᠨ ᠵᠢᠱᠢᠬᠦ ᠳᠤ ᠴᠠᠭ ᠲᠤᠬᠠᠢ ᠳᠤᠨᠢ ᠣᠷᠣᠯᠴᠠᠬᠤ | ᠬᠡᠷᠡᠭᠲᠡᠢ᠃ | ᠭᠤᠷᠪᠠᠳᠤᠭᠠᠷ ᠪᠦᠯᠦᠭ ᠦᠨᠡᠯᠡᠨ ᠵᠢᠱᠢᠬᠦ ᠵᠢᠷᠤᠮ | ᠶᠢᠰᠦᠳᠦᠭᠡᠷ ᠵᠦᠢᠯ ᠰᠢᠯᠭᠠᠨ ᠬᠢᠨᠠᠵᠤ ᠦᠨᠡᠯᠡᠨ ᠵᠢᠱᠢᠬᠦ ᠲᠥᠰᠥᠯ ᠤᠨ ᠱᠠᠭᠠᠷᠳᠠᠯᠭ᠎ᠠ ᠶᠣᠰᠣᠭᠠᠷ᠂ | ᠲᠤᠬᠠᠢ ᠶᠢᠨ ᠭᠠᠵᠠᠷ ᠲᠤᠨᠢ ᠰᠢᠯᠭᠠᠨ ᠬᠢᠨᠠᠵᠤ ᠦᠨᠡᠯᠡᠨ ᠵᠢᠱᠢᠬᠦ ᠠᠴᠠ 1 ᠰᠠᠷ᠎ᠠ ᠶᠢᠨ ᠡᠮᠦᠨ᠎ᠡ᠂ ᠬᠤᠳᠠᠯᠳᠤᠨ ᠠᠪᠬᠤ | ᠭᠤᠣᠯ ᠴᠣᠭᠴᠠ ᠠᠴᠠ ᠳᠠᠭᠠᠭᠠᠨ ᠠᠪᠬᠤ ᠭᠤᠣᠯ ᠴᠣᠭᠴᠠ ᠳᠤ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠶᠢ | ᠮᠡᠳᠡᠭᠳᠡᠬᠦ ᠬᠡᠷᠡᠭᠲᠡᠢ᠃ | ᠠᠷᠪᠠᠳᠤᠭᠠᠷ ᠵᠦᠢᠯ ᠦᠨᠡᠯᠡᠨ ᠵᠢᠱᠢᠬᠦ ᠠᠵᠢᠯ ᠢ 3︱5 ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ ᠢᠶᠠᠷ | ᠪᠦᠷᠢᠯᠳᠦᠭᠰᠡᠨ ᠦᠨᠡᠯᠡᠨ ᠵᠢᠱᠢᠬᠦ ᠳᠤᠭᠤᠶᠢᠯᠠᠩ ᠢᠶᠠᠷ ᠪᠣᠳᠠᠲᠠᠢ ᠬᠡᠷᠡᠭᠵᠢᠭᠦᠯᠬᠦ ᠬᠡᠷᠡᠭᠲᠡᠢ᠃ ᠦᠨᠡᠯᠡᠨ ᠵᠢᠱᠢᠬᠦ ᠲᠤᠰᠬᠠᠢ | ᠮᠡᠷᠭᠡᠵᠢᠯᠲᠡᠨ ᠵᠠᠷᠴᠢᠮ ᠳᠡᠭᠡᠷ᠎ᠡ ᠪᠠᠨ ᠳᠤᠮᠳᠠ ᠵᠡᠷᠭᠡ ᠶᠢᠨ ᠪᠠ ᠲᠡᠭᠦᠨ ᠠᠴᠠ ᠳᠡᠭᠡᠭᠰᠢᠬᠢ ᠮᠡᠷᠭᠡᠵᠢᠯ ᠤᠨ ᠴᠣᠯᠠ ᠲᠠᠢ | ᠪᠠᠶᠢᠬᠤ ᠪᠤᠶᠤ ᠲᠤᠰᠬᠠᠢ ᠮᠡᠷᠭᠡᠵᠢᠯ ᠤᠨ ᠬᠦᠷᠢᠶᠡᠨ ᠳᠤ ᠪᠦᠬᠦᠯᠢ 5 ᠵᠢᠯ ᠠᠵᠢᠯᠯᠠᠭᠰᠠᠨ ᠪᠠᠶᠢᠬᠤ ᠬᠡᠷᠡᠭᠲᠡᠢ᠂ ᠨᠡᠯᠢᠶᠡᠳ | ᠴᠢᠩᠭ᠎ᠠ ᠣᠨᠣᠯ ᠤᠨ ᠰᠠᠭᠤᠷᠢ ᠪᠠ ᠦᠢᠯᠡᠳᠦᠯᠭᠡ ᠶᠢᠨ ᠲᠤᠷᠰᠢᠯᠭ᠎ᠠ ᠲᠠᠢ ᠪᠠᠶᠢᠬᠤ ᠬᠡᠷᠡᠭᠲᠡᠢ᠂ ᠦᠨᠡᠯᠡᠨ ᠵᠢᠱᠢᠬᠦ ᠠᠴᠠ | ᠡᠮᠦᠨ᠎ᠡ ᠪᠣᠯᠪᠠᠰᠤᠷᠠᠯ ᠬᠢᠬᠦ ᠬᠡᠷᠡᠭᠲᠡᠢ᠃ ᠦᠨᠡᠯᠡᠨ ᠵᠢᠱᠢᠬᠦ ᠲᠤᠰᠬᠠᠢ ᠮᠡᠷᠭᠡᠵᠢᠯᠲᠡᠨ ᠳᠤ ᠵᠠᠶᠢᠯᠠᠭᠤᠯᠬᠤ ᠳᠦᠷᠢᠮ ᠢ | ᠬᠡᠷᠡᠭᠵᠢᠭᠦᠯᠵᠦ᠂ ᠨᠡᠶᠢᠲᠡᠯᠡᠬᠦ ᠠᠴᠠ ᠡᠮᠦᠨ᠎ᠡ ᠦᠨᠡᠯᠡᠨ ᠵᠢᠱᠢᠭᠰᠡᠨ ᠦᠷ᠎ᠡ ᠳ᠋ᠦᠩ ᠤᠨ ᠨᠢᠭᠤᠴᠠ ᠶᠢ ᠴᠢᠩᠭ᠎ᠠ | ᠬᠠᠮᠠᠭᠠᠯᠠᠬᠤ ᠬᠡᠷᠡᠭᠲᠡᠢ᠃ | ᠠᠷᠪᠠᠨ ᠨᠢᠭᠡᠳᠦᠭᠡᠷ ᠵᠦᠢᠯ ᠰᠢᠯᠭᠠᠨ ᠬᠢᠨᠠᠵᠤ ᠦᠨᠡᠯᠡᠨ ᠵᠢᠱᠢᠬᠦ ᠳᠤᠭᠤᠶᠢᠯᠠᠩ ᠨᠢ ︽ᠰᠢᠨᠵᠢᠯᠡᠬᠦ ᠤᠬᠠᠭᠠᠨᠴᠢ᠂ | ᠴᠢᠩᠭ᠎ᠠ ᠨᠢᠮᠪᠠᠢ᠂ ᠡᠷᠬᠡ ᠲᠡᠭᠰᠢ᠂ ᠲᠥᠪ ᠭᠤᠥᠯᠴᠢ︾ ᠪᠠᠶᠢᠬᠤ ᠵᠠᠷᠴᠢᠮ ᠶᠣᠰᠣᠭᠠᠷ᠂ ᠲᠤᠬᠠᠢ ᠶᠢᠨ ᠭᠠᠵᠠᠷ ᠲᠤᠨᠢ | ᠰᠤᠷᠪᠤᠯᠵᠢᠯᠠᠬᠤ᠂ ᠲᠠᠩᠰᠠ ᠡᠪᠬᠡᠮᠡᠯ ᠢ ᠪᠠᠶᠢᠴᠠᠭᠠᠨ ᠦᠵᠡᠬᠦ᠂ ᠥᠯᠢᠭᠡᠷ ᠠᠪᠴᠤ ᠬᠢᠨᠠᠨ ᠬᠡᠮᠵᠢᠬᠦ᠂ ᠶᠠᠷᠢᠯᠴᠠᠨ | ᠰᠣᠯᠢᠯᠴᠠᠬᠤ ᠵᠡᠷᠭᠡ ᠠᠷᠭ᠎ᠠ ᠮᠠᠶ᠋ᠢᠭ ᠢ ᠠᠪᠴᠤ᠂ ᠰᠢᠯᠭᠠᠨ ᠬᠢᠨᠠᠵᠤ ᠦᠨᠡᠯᠡᠨ ᠵᠢᠱᠢᠬᠦ ᠲᠥᠰᠥᠯ ᠢ ᠴᠢᠩᠭ᠎ᠠ ᠵᠢᠷᠤᠮᠯᠠᠨ | ᠦᠨᠡᠯᠡᠨ ᠵᠢᠱᠢᠬᠦ ᠠᠵᠢᠯ ᠢ ᠥᠷᠨᠢᠭᠦᠯᠬᠦ ᠬᠡᠷᠡᠭᠲᠡᠢ᠃ ᠦᠨᠡᠯᠡᠨ ᠵᠢᠱᠢᠯᠲᠡ ᠳᠠᠭᠤᠰᠤᠭᠰᠠᠨ ᠤ 15 ᠡᠳᠦᠷ ᠤᠨ | ᠳᠣᠲᠣᠷ᠎ᠠ᠂ ᠦᠨᠡᠯᠡᠨ ᠵᠢᠱᠢᠭᠰᠡᠨ ᠮᠡᠳᠡᠭᠦᠯᠦᠯᠲᠡ ᠪᠢᠴᠢᠵᠦ᠂ ᠶᠡᠷᠦᠩᠬᠡᠶᠢᠯᠡᠭᠰᠡᠨ ᠦᠨᠡᠯᠡᠯᠲᠡ ᠬᠢᠨ᠎ᠡ᠃ | ᠠᠷᠪᠠᠨ ᠬᠤᠶᠠᠳᠤᠭᠠᠷ ᠵᠦᠢᠯ ᠬᠢᠨᠠᠨ ᠰᠢᠯᠭᠠᠵᠤ ᠦᠨᠡᠯᠡᠨ ᠵᠢᠱᠢᠭᠰᠡᠨ ᠦᠷ᠎ᠡ ᠳ᠋ᠦᠩ ᠢ ᠬᠢᠷᠢ ᠲᠡᠩᠴᠡᠭᠰᠡᠨ | ᠪᠠ ᠬᠢᠷᠢ ᠲᠡᠩᠴᠡᠭᠰᠡᠨ ᠦᠭᠡᠢ ᠭᠡᠵᠦ ᠬᠤᠶᠠᠷ ᠳᠡᠰ ᠬᠤᠪᠢᠶᠠᠨ᠎ᠠ᠃ | ᠬᠦᠨᠳᠦ ᠶᠡᠭᠡ ᠠᠮᠢᠲᠠᠨ ᠤ ᠬᠢᠵᠢᠭ ᠡᠪᠡᠳᠴᠢᠨ ᠤ ᠡᠭᠡᠯᠢᠯᠡᠭᠡ ᠶᠢᠨ ᠨᠢᠭᠲᠠᠴᠠ᠂ ᠡᠭᠡᠯᠢᠯᠡᠭᠡ ᠶᠢᠨ ᠶᠠᠰᠤ | ᠴᠢᠨᠠᠷ ᠨᠢ ᠤᠯᠤᠰ᠂ ᠥᠪᠡᠷᠲᠡᠭᠡᠨ ᠵᠠᠰᠠᠬᠤ ᠣᠷᠣᠨ ᠤ ᠪᠠᠷᠢᠮᠵᠢᠶ᠎ᠠ ᠶᠢᠨ ᠱᠠᠭᠠᠷᠳᠠᠯᠭ᠎ᠠ ᠪᠤᠶᠤ ᠦᠢᠯᠡᠴᠢᠯᠡᠭᠡᠨ ᠤ | ᠣᠷᠣᠨ ᠪᠦᠰᠡ ᠶᠢᠨ ᠳᠣᠲᠣᠷ᠎ᠠ ᠡᠭᠦᠰᠦᠭᠰᠡᠨ ᠣᠷᠣᠨ ᠪᠦᠰᠡ ᠶᠢᠨ ᠴᠢᠨᠠᠷᠲᠠᠢ ᠬᠦᠨᠳᠦ ᠶᠡᠭᠡ ᠠᠮᠢᠲᠠᠨ ᠤ ᠬᠢᠵᠢᠭ ᠤᠨ | ᠪᠠᠶᠢᠳᠠᠯ ᠪᠠ ᠬᠠᠮᠢᠶ᠎ᠠ ᠪᠦᠬᠦᠢ ᠠᠮᠢᠲᠠᠨ ᠤ ᠢᠷᠡᠯᠲᠡ ᠶᠢᠨ ᠴᠢᠨᠠᠷᠲᠠᠢ ᠢᠳᠡᠭᠡᠨ ᠤ ᠠᠮᠤᠷ ᠲᠦᠪᠰᠢᠨ ᠤ ᠬᠡᠷᠡᠭ ᠢ ᠬᠢᠷᠢ | ᠲᠡᠩᠴᠡᠬᠦ ᠦᠭᠡᠢ ᠪᠠᠷ ᠰᠢᠢᠳᠪᠦᠷᠢᠯᠡᠨ᠎ᠡ᠃ | ᠠᠷᠪᠠᠨ ᠭᠤᠷᠪᠠᠳᠤᠭᠠᠷ ᠵᠦᠢᠯ ᠳᠠᠭᠠᠭᠠᠨ ᠠᠪᠬᠤ ᠭᠤᠣᠯ ᠴᠣᠭᠴᠠ ᠨᠢ ᠦᠨᠡᠯᠡᠨ ᠵᠢᠱᠢᠭᠰᠡᠨ ᠦᠷ᠎ᠡ | ᠳ᠋ᠦᠩ ᠳᠤ ᠣᠨᠳᠣᠣ ᠰᠠᠨᠠᠯ ᠲᠠᠢ ᠪᠠᠶᠢᠪᠠᠯ᠂ ᠡᠷᠬᠡᠪᠰᠢ ᠦᠨᠡᠯᠡᠨ ᠵᠢᠱᠢᠭᠰᠡᠨ ᠦᠷ᠎ᠡ ᠳ᠋ᠦᠩ ᠢ ᠭᠥᠯᠢᠶᠡᠨ ᠠᠪᠤᠭᠰᠠᠨ 5 | ᠠᠵᠢᠯᠯᠠᠬᠤ ᠡᠳᠦᠷ ᠤᠨ ᠳᠣᠲᠣᠷ᠎ᠠ ᠪᠢᠴᠢᠭ ᠤᠨ ᠬᠡᠯᠪᠡᠷᠢ ᠪᠠᠷ ᠰᠢᠯᠭᠠᠨ ᠬᠢᠨᠠᠵᠤ ᠦᠨᠡᠯᠡᠨ ᠵᠢᠱᠢᠬᠦ ᠤᠳᠤᠷᠢᠳᠬᠤ | ᠳᠤᠭᠤᠶᠢᠯᠠᠩ ᠳᠤ ᠳᠠᠬᠢᠨ ᠬᠢᠨᠠᠭᠤᠯᠬᠤ ᠭᠤᠶᠤᠴᠢᠯᠠᠯ ᠢᠶᠠᠨ ᠳᠤᠷᠠᠳᠴᠤ᠂ ᠤᠳᠤᠷᠢᠳᠬᠤ ᠳᠤᠭᠤᠶᠢᠯᠠᠩ ᠨᠢ | ᠵᠥᠪᠰᠢᠶᠡᠷᠡᠭᠰᠡᠨ ᠤ ᠳᠠᠷᠠᠭ᠎ᠠ ᠵᠣᠬᠢᠶᠠᠨ ᠪᠠᠶᠢᠭᠤᠯᠤᠨ ᠳᠠᠬᠢᠨ ᠬᠢᠨᠠᠭᠤᠯᠵᠤ᠂ ᠵᠠᠷᠴᠢᠮ ᠳᠡᠭᠡᠷ᠎ᠡ ᠪᠠᠨ ᠨᠢᠭᠡ ᠤᠳᠠᠭ᠎ᠠ ᠪᠠᠷ | ᠬᠢᠵᠠᠭᠠᠷᠯᠠᠨ᠎ᠠ᠃ | ᠳᠥᠷᠪᠡᠳᠦᠭᠡᠷ ᠪᠦᠯᠦᠭ ᠪᠠᠲᠤᠯᠠᠭ᠎ᠠ ᠶᠢᠨ ᠲᠣᠭᠲᠠᠴᠠ | ᠠᠷᠪᠠᠨ ᠳᠥᠷᠪᠡᠳᠦᠭᠡᠷ ᠵᠦᠢᠯ ᠠᠶᠢᠮᠠᠭ ᠬᠤᠳᠠ᠂ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ | ᠰᠠᠯᠠᠭ᠎ᠠ ᠮᠥᠴᠢᠷ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠬᠢᠨᠠᠨ ᠰᠢᠯᠭᠠᠵᠤ ᠦᠨᠡᠯᠡᠨ ᠵᠢᠱᠢᠬᠦ ᠶᠢ | ᠨᠢᠭᠡ ᠵᠦᠢᠯ ᠤᠨ ᠭᠤᠣᠯᠳᠠᠯᠭ᠎ᠠ ᠲᠠᠢ ᠠᠵᠢᠯ ᠪᠣᠯᠭᠠᠨ ᠠᠳᠬᠤᠵᠤ᠂ ᠡᠳᠦᠷ ᠲᠤᠳᠤᠮ ᠤᠨ ᠴᠢᠬᠤᠯᠠ ᠵᠥᠪᠯᠡᠬᠦ | ᠵᠦᠢᠯ ᠳᠤ ᠪᠠᠨ ᠣᠷᠣᠭᠤᠯᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠪᠦᠬᠦᠯᠢ | ᠴᠣᠭᠴᠠ ᠪᠠᠷ ᠨᠢ ᠨᠢᠭᠡᠳᠦᠯᠲᠡᠢ ᠲᠥᠯᠥᠪᠯᠡᠨ᠂ ᠵᠣᠬᠢᠴᠠᠭᠤᠯᠤᠨ ᠲᠦᠯᠬᠢᠨ ᠠᠬᠢᠭᠤᠯᠵᠤ᠂ ᠬᠢᠨᠠᠨ ᠵᠢᠯᠤᠭᠤᠳᠬᠤ᠂ | ᠪᠠᠶᠢᠴᠠᠭᠠᠬᠤ ᠶᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠥᠷᠨᠢᠭᠦᠯᠵᠦ᠂ ᠣᠷᠣᠰᠢᠵᠤ ᠪᠠᠶᠢᠭ᠎ᠠ ᠠᠰᠠᠭᠤᠳᠠᠯ ᠢ ᠴᠠᠭ | ᠲᠤᠬᠠᠢ ᠳᠤ ᠨᠢ ᠰᠢᠢᠳᠪᠦᠷᠢᠯᠡᠬᠦ ᠬᠡᠷᠡᠭᠲᠡᠢ᠃ | ᠠᠷᠪᠠᠨ ᠲᠠᠪᠤᠳᠤᠭᠠᠷ ᠵᠦᠢᠯ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠮᠠᠯ | ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠬᠢᠨᠠᠨ ᠰᠢᠯᠭᠠᠵᠤ ᠦᠨᠡᠯᠡᠨ ᠵᠢᠱᠢᠬᠦ ᠳᠤ ᠬᠡᠷᠡᠭᠰᠡᠬᠦ ᠵᠠᠷᠤᠳᠠᠯ ᠢ | ᠵᠦᠢ ᠵᠣᠬᠢᠰᠲᠠᠢ ᠲᠥᠰᠥᠭᠡᠯᠡᠨ ᠪᠤᠳᠤᠵᠤ᠂ ᠲᠥᠰᠥᠪ ᠤᠨ ᠬᠠᠮᠢᠶᠠᠷᠤᠯᠲᠠ ᠳᠤ ᠣᠷᠣᠭᠤᠯᠬᠤ ᠶᠢᠨ ᠬᠠᠮᠲᠤ ᠭᠦᠢᠴᠡᠳ | ᠲᠤᠭ᠎ᠠ ᠪᠠᠷ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ | ᠬᠢᠨᠠᠨ ᠰᠢᠯᠭᠠᠵᠤ ᠦᠨᠡᠯᠡᠨ ᠵᠢᠱᠢᠬᠦ ᠡᠯ᠎ᠡ ᠵᠦᠢᠯ ᠤᠨ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ | ᠬᠡᠷᠡᠭᠲᠡᠢ᠃ | ᠠᠷᠪᠠᠨ ᠵᠢᠷᠭᠤᠳᠤᠭᠠᠷ ᠵᠦᠢᠯ ᠰᠢᠯᠭᠠᠨ ᠬᠢᠨᠠᠵᠤ ᠦᠨᠡᠯᠡᠨ ᠵᠢᠱᠢᠬᠦ ᠶᠠᠪᠤᠴᠠ ᠳᠤ ᠬᠤᠪᠢ ᠶᠢᠨ ᠨᠠᠶᠢᠷ ᠢᠶᠠᠷ | ᠬᠠᠤᠯᠢ ᠶᠣᠰᠣ ᠶᠢ ᠵᠥᠷᠢᠴᠡᠭᠰᠡᠨ᠂ ᠠᠰᠢᠭ ᠲᠤᠰᠠ ᠶᠢ ᠳᠠᠮᠵᠢᠭᠤᠯᠤᠨ ᠬᠦᠷᠭᠡᠭᠰᠡᠨ᠂ ᠬᠤᠳᠠᠯ ᠬᠡᠯᠡᠵᠦ ᠬᠠᠭᠤᠷᠮᠠᠭ ᠢᠶᠠᠷ | ᠵᠣᠬᠢᠶᠠᠭᠰᠠᠨ ᠵᠡᠷᠭᠡ ᠪᠠᠶᠢᠳᠠᠯ ᠣᠷᠣᠰᠢᠵᠤ ᠪᠠᠶᠢᠪᠠᠯ᠂ ᠰᠢᠯᠭᠠᠨ ᠬᠢᠨᠠᠵᠤ ᠦᠨᠡᠯᠡᠨ ᠵᠢᠱᠢᠭᠰᠡᠨ ᠦᠷ᠎ᠡ ᠳ᠋ᠦᠩ ᠢ | ᠬᠦᠴᠦᠨ ᠦᠭᠡᠢ ᠪᠣᠯᠭᠠᠵᠤ᠂ ᠬᠠᠮᠢᠶ᠎ᠠ ᠪᠦᠬᠦᠢ ᠪᠠᠶᠢᠭᠤᠯᠤᠮᠵᠢ᠂ ᠠᠵᠢᠯᠲᠠᠨ ᠤ ᠬᠠᠷᠢᠭᠤᠴᠠᠯᠭ᠎ᠠ ᠶᠢ ᠨᠡᠬᠡᠮᠵᠢᠯᠡᠨ᠎ᠡ᠃ | ᠬᠡᠷᠪᠡ ᠶᠠᠯ᠎ᠠ ᠬᠢᠭᠰᠡᠨ ᠰᠡᠵᠢᠭᠯᠡᠯᠲᠡᠢ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ | ᠬᠠᠤᠯᠢ ᠶᠣᠰᠣᠭᠠᠷ ᠰᠢᠢᠳᠪᠦᠷᠢᠯᠡᠭᠦᠯᠦᠨ᠎ᠡ᠃ | ᠲᠠᠪᠤᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ | ᠠᠷᠪᠠᠨ ᠳᠣᠯᠣᠳᠤᠭᠠᠷ ᠵᠦᠢᠯ ᠲᠣᠰ ᠠᠷᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠬᠠᠷᠢᠭᠤᠴᠠᠨ | ᠲᠠᠶᠢᠯᠪᠤᠷᠢᠯᠠᠨ᠎ᠠ᠃ | ᠠᠷᠪᠠᠨ ᠨᠠᠢᠮᠠᠳᠤᠭᠠᠷ ᠵᠦᠢᠯ ᠲᠤᠰ ᠠᠷᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ | ᠲᠤᠷᠰᠢᠨ ᠬᠡᠷᠡᠭᠵᠢᠭᠦᠯᠦᠨ᠎ᠡ᠃ |