ᠠᠮᠢᠲᠠᠨ ᠤ ᠬᠢᠵᠢᠭ ᠢ ᠰᠡᠷᠭᠡᠶᠢᠯᠡᠬᠦ ᠨᠥᠬᠦᠴᠡᠯ ᠢ ᠬᠢᠨᠠᠨ ᠪᠠᠶᠢᠴᠠᠭᠠᠬᠤ ᠠᠵᠢᠯ ᠢ ᠰᠢᠯᠢᠳᠡᠭᠵᠢᠭᠦᠯᠵᠦ᠂ | ᠠᠮᠢᠲᠠᠨ ᠤ ᠬᠢᠵᠢᠭ ᠢ ᠰᠡᠷᠭᠡᠶᠢᠯᠡᠬᠦ ᠨᠥᠬᠦᠴᠡᠯ ᠤᠨ ᠭᠠᠵᠠᠷ ᠰᠣᠩᠭᠤᠬᠤ ᠶᠢ ᠦᠨᠡᠯᠡᠨ ᠵᠢᠱᠢᠬᠦ ᠶᠢ ᠦᠨᠡᠨᠬᠦ ᠰᠠᠶᠢᠲᠤᠷ | ᠬᠢᠵᠦ᠂ ᠠᠮᠢᠲᠠᠨ ᠤ ᠬᠢᠵᠢᠭ ᠡᠪᠡᠳᠴᠢᠨ ᠤ ᠬᠠᠯᠳᠠᠪᠤᠷᠢᠯᠠᠬᠤ ᠲᠦᠭᠰᠢᠭᠦᠷᠢ ᠶᠢ ᠪᠠᠭᠠᠰᠬᠠᠬᠤ ᠶᠢᠨ ᠲᠤᠰᠠᠳᠠ᠂ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ | ᠲᠢᠩᠬᠢᠮ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢᠲᠠᠨ ᠲᠡᠵᠢᠭᠡᠬᠦ ᠲᠠᠯᠠᠪᠠᠶ ᠵᠡᠷᠭᠡ | ᠲᠠᠯᠠᠪᠤᠷ ᠤᠨ ᠠᠮᠢᠲᠠᠨ ᠤ ᠬᠢᠵᠢᠭ ᠢ ᠰᠡᠷᠭᠡᠶᠢᠯᠡᠬᠦ ᠨᠥᠬᠦᠴᠡᠯ ᠤᠨ ᠭᠠᠵᠠᠷ ᠰᠣᠩᠭᠤᠬᠤ ᠲᠦᠭᠰᠢᠭᠦᠷᠢ ᠶᠢ ᠦᠨᠡᠯᠡᠨ | ᠵᠢᠱᠢᠬᠦ ᠠᠷᠭ᠎ᠠ ︵ᠲᠤᠷᠰᠢᠨ ᠬᠡᠷᠡᠭᠵᠢᠭᠦᠯᠬᠦ︶︾ ︵ᠳᠣᠷᠣᠭᠰᠢ ︽ᠠᠷᠭ᠎ᠠ ︵ᠲᠤᠷᠰᠢᠨ ᠬᠡᠷᠡᠭᠵᠢᠭᠦᠯᠬᠦ︶︾ ᠭᠡᠵᠦ | ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠪᠠ᠃ ᠡᠳᠦᠭᠡ ᠳᠣᠣᠷᠠᠬᠢ ᠮᠡᠲᠦ ᠲᠠᠶᠢᠯᠤᠮᠵᠢ ᠬᠢᠶ᠎ᠡ᠄ | ᠨᠢᠭᠡ᠂ ᠨᠣᠣᠷᠠᠭᠯᠠᠭᠰᠠᠨ ᠠᠬᠤᠢ ᠪᠠᠶᠢᠳᠠᠯ | ︽ᠠᠮᠢᠲᠠᠨ ᠤ ᠬᠢᠵᠢᠭ ᠢ ᠰᠡᠷᠭᠡᠶᠢᠯᠡᠬᠦ ᠨᠥᠬᠦᠴᠡᠯ ᠢ ᠬᠢᠨᠠᠨ ᠪᠠᠶᠢᠴᠠᠭᠠᠬᠤ ᠠᠷᠭ᠎ᠠ︾ ᠶᠢᠨ ᠠᠷᠪᠠᠨ ᠭᠤᠷᠪᠠᠳᠤᠭᠠᠷ | ᠵᠦᠢᠯ ᠤᠨ ︽ᠠᠮᠢᠲᠠᠨ ᠤ ᠬᠢᠵᠢᠭ ᠢ ᠰᠡᠷᠭᠡᠶᠢᠯᠡᠬᠦ ᠨᠥᠬᠦᠴᠡᠯ ᠢ ᠦᠨᠡᠯᠡᠨ ᠵᠢᠱᠢᠬᠦ ᠠᠷᠭ᠎ᠠ ᠶᠢ ᠮᠤᠵᠢ ᠶᠢᠨ ᠱᠠᠲᠤᠨ ᠤ | ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ ᠲᠣᠰᠬᠤᠨ ᠤ ᠡᠷᠬᠢᠯᠡᠨ ᠬᠠᠮᠢᠶᠠᠷᠬᠤ ᠰᠠᠯᠠᠭ᠎ᠠ | ᠮᠥᠴᠢᠷ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠮᠠᠯ ᠠᠵᠤ ᠠᠬᠤᠢ ᠶᠢᠨ ᠬᠠᠤᠯᠢ︾ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠢᠲᠠᠨ ᠤ ᠬᠢᠵᠢᠭ ᠢ ᠰᠡᠷᠭᠡᠶᠢᠯᠡᠬᠦ ᠬᠠᠤᠯᠢ︾ ᠵᠡᠷᠭᠡ | ᠬᠠᠤᠯᠢ ᠴᠠᠭᠠᠵᠠ ᠬᠠᠤᠯᠢ ᠲᠣᠭᠲᠠᠭᠠᠯ ᠪᠠ ᠲᠤᠰ ᠠᠷᠭ᠎ᠠ ᠶᠢ ᠦᠨᠳᠦᠰᠦᠯᠡᠨ ᠲᠤᠭᠳᠠᠭᠠᠬᠤ ᠱᠠᠭᠠᠷᠳᠠᠯᠭ᠎ᠠ ᠶᠣᠰᠣᠭᠠᠷ᠂ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ | ᠲᠢᠩᠬᠢᠮ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢᠲᠠᠨ ᠲᠡᠵᠢᠭᠡᠬᠦ ᠲᠠᠯᠠᠪᠠᠶ ᠵᠡᠷᠭᠡ | ᠲᠠᠯᠠᠪᠤᠷ ᠤᠨ ᠠᠮᠢᠲᠠᠨ ᠤ ᠬᠢᠵᠢᠭ ᠢ ᠰᠡᠷᠭᠡᠶᠢᠯᠡᠬᠦ ᠨᠥᠬᠦᠴᠡᠯ ᠤᠨ ᠭᠠᠵᠠᠷ ᠰᠣᠩᠭᠤᠬᠤ ᠶᠢ ᠦᠨᠡᠯᠡᠨ ᠵᠢᠱᠢᠬᠦ ᠠᠷᠭ᠎ᠠ | ︵ᠲᠤᠷᠰᠢᠨ ᠬᠡᠷᠡᠭᠵᠢᠭᠦᠯᠬᠦ︶︾ ︵ᠳᠣᠷᠣᠭᠰᠢ ︽ᠠᠷᠭ᠎ᠠ ︵ᠲᠤᠷᠰᠢᠨ ᠬᠡᠷᠡᠭᠵᠢᠭᠦᠯᠬᠦ︶︾ ᠭᠡᠵᠦ ᠲᠣᠪᠴᠢᠯᠠᠨ᠎ᠠ︶ ᠶᠢ | ᠵᠣᠬᠢᠶᠠᠨ ᠪᠠᠶᠢᠭᠤᠯᠤᠨ ᠲᠤᠭᠤᠷᠪᠢᠪᠠ᠃ ᠡᠭᠦᠨ ᠤ ᠵᠣᠷᠢᠯᠭ᠎ᠠ ᠨᠢ ᠮᠠᠨ ᠤ ᠣᠷᠣᠨ ᠤ ᠠᠮᠢᠲᠠᠨ ᠲᠡᠵᠢᠭᠡᠬᠦ ᠲᠠᠯᠠᠪᠠᠶ | ᠵᠡᠷᠭᠡ ᠳᠥᠷᠪᠡᠨ ᠲᠥᠷᠥᠯ ᠤᠨ ᠲᠠᠯᠠᠪᠤᠷ ᠭᠠᠵᠠᠷ ᠤᠨ ᠰᠢᠨᠵᠢᠯᠡᠬᠦ ᠤᠬᠠᠭᠠᠨᠴᠢ ᠪᠠᠷ ᠭᠠᠵᠠᠷ ᠰᠣᠩᠭᠤᠬᠤ ᠪᠠ | ᠵᠢᠷᠤᠮᠵᠢᠭᠤᠯᠤᠨ ᠦᠨᠡᠯᠡᠨ ᠵᠢᠱᠢᠬᠦ ᠳᠤ ᠬᠦᠴᠦᠲᠡᠢ ᠦᠨᠳᠦᠰᠦᠯᠡᠯ ᠬᠠᠩᠭᠠᠵᠤ᠂ ᠡᠭᠦᠨ ᠤ ᠤᠯᠠᠮ ᠢᠶᠠᠷ ᠠᠮᠢᠲᠠᠨ ᠤ | ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠮᠠᠯ ᠠᠵᠤ | ᠠᠬᠤᠢ ᠶᠢᠨ ᠡᠷᠡᠭᠦᠯ ᠲᠣᠭᠲᠠᠭᠤᠨ ᠢᠶᠠᠷ ᠬᠥᠭᠵᠢᠬᠦ ᠶᠢ ᠪᠠᠲᠤᠯᠠᠬᠤ ᠶᠢᠨ ᠲᠥᠯᠥᠭᠡ ᠶᠤᠮ᠃ | ᠬᠤᠶᠠᠷ᠂ ᠠᠷᠭ᠎ᠠ ᠶᠢᠨ ᠦᠨᠳᠦᠰᠦᠯᠡᠯ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠮᠠᠯ ᠠᠵᠤ ᠠᠬᠤᠢ ᠶᠢᠨ ᠬᠠᠤᠯᠢ︾ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠢᠲᠠᠨ ᠤ ᠬᠢᠵᠢᠭ ᠢ ᠰᠡᠷᠭᠡᠶᠢᠯᠡᠬᠦ ᠬᠠᠤᠯᠢ︾ ︽ᠠᠮᠢᠲᠠᠨ ᠤ ᠬᠢᠵᠢᠭ ᠢ | ᠰᠡᠷᠭᠡᠶᠢᠯᠡᠬᠦ ᠨᠥᠬᠦᠴᠡᠯ ᠢ ᠬᠢᠨᠠᠨ ᠪᠠᠶᠢᠴᠠᠭᠠᠬᠤ ᠠᠷᠭ᠎ᠠ︾ ︵ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠵᠠᠷᠯᠢᠭ | 2022 ᠣᠨ ᠤ 8 ᠳ᠋ᠤᠭᠠᠷ ᠲᠣᠭᠠᠲᠤ︶ ᠵᠡᠷᠭᠡ᠃ | ᠭᠤᠷᠪᠠ᠂ ᠭᠤᠣᠯ ᠠᠭᠤᠯᠭ᠎ᠠ | ︽ᠠᠷᠭ᠎ᠠ ︵ᠲᠤᠷᠰᠢᠨ ᠬᠡᠷᠡᠭᠵᠢᠭᠦᠯᠬᠦ︶︾ ᠳᠤ ᠨᠡᠶᠢᠳᠡ ᠠᠷᠪᠠ ᠶᠢᠰᠦᠨ ᠵᠦᠢᠯ ᠪᠤᠢ᠂ ᠡᠭᠦᠨ ᠢ ᠭᠤᠣᠯᠳᠠᠭᠤ | ᠲᠠᠪᠤᠨ ᠬᠡᠰᠡᠭ ᠲᠤ ᠬᠤᠪᠢᠶᠠᠨ᠎ᠠ᠃ | ︵ᠨᠢᠭᠡ︶ ᠶᠡᠷᠦᠩᠬᠡᠢ ᠳᠦᠷᠢᠮ᠃ ᠨᠢᠭᠡ ᠳᠤ᠂ ︽ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠲᠣᠭᠲᠠᠭᠠᠭᠰᠠᠨ ᠨᠢ | ︽ᠠᠮᠢᠲᠠᠨ ᠤ ᠬᠢᠵᠢᠭ ᠢ ᠰᠡᠷᠭᠡᠶᠢᠯᠡᠬᠦ ᠬᠠᠤᠯᠢ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ | ᠱᠠᠭᠠᠷᠳᠠᠯᠭ᠎ᠠ ᠳᠤ ᠰᠠᠭᠤᠷᠢᠯᠠᠬᠤ ᠶᠢ ᠲᠣᠳᠣᠷᠬᠠᠢ ᠲᠣᠭᠲᠠᠭᠠᠵᠠᠢ᠃ ᠬᠤᠶᠠᠷ ᠲᠤ᠂ ᠬᠡᠷᠡᠭᠯᠡᠬᠦ ᠬᠡᠪᠴᠢᠶ᠎ᠡ᠂ ᠰᠣᠩᠭᠤᠭᠰᠠᠨ | ᠭᠠᠵᠠᠷ ᠤᠨ ᠠᠶᠤᠯ ᠲᠦᠭᠰᠢᠭᠦᠷᠢ ᠶᠢᠨ ᠦᠨᠡᠯᠡᠨ ᠵᠢᠱᠢᠯᠲᠡ ᠶᠢ ᠠᠮᠢᠲᠠᠨ ᠲᠡᠵᠢᠭᠡᠬᠦ ᠲᠠᠯᠠᠪᠤᠷ᠂ ᠠᠮᠢᠲᠠᠨ ᠢ | ᠲᠤᠰᠠᠭᠠᠷᠯᠠᠬᠤ ᠲᠠᠯᠠᠪᠤᠷ᠂ ᠠᠮᠢᠲᠠᠨ ᠢ ᠨᠢᠲᠤᠯᠵᠤ ᠪᠣᠯᠪᠠᠰᠤᠷᠠᠭᠤᠯᠬᠤ ᠲᠠᠯᠠᠪᠤᠷ᠂ ᠠᠮᠢᠲᠠᠨ ᠪᠠ ᠠᠮᠢᠲᠠᠨ ᠤ ᠠᠰᠢᠭ | ᠰᠢᠮ᠎ᠡ ᠶᠢ ᠬᠤᠣᠷ ᠦᠭᠡᠶᠢᠳᠡᠭᠦᠯᠦᠨ ᠰᠢᠢᠳᠪᠦᠷᠢᠯᠡᠬᠦ ᠲᠠᠯᠠᠪᠤᠷ ᠲᠤ ᠬᠡᠷᠡᠭᠯᠡᠨ᠎ᠡ᠃ ᠭᠤᠷᠪᠠ ᠳᠤ᠂ ᠬᠡᠷᠡᠭᠵᠢᠭᠦᠯᠬᠦ ᠭᠤᠣᠯ | ᠴᠣᠭᠴᠠ᠂ ᠬᠤᠰᠢᠭᠤ ᠰᠢᠶᠠᠨ ᠤ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠲᠡᠭᠦᠨ ᠤ ᠵᠠᠰᠠᠭ | ᠵᠠᠬᠢᠷᠭᠠᠨ ᠤ ᠣᠷᠣᠨ ᠤ ᠳᠣᠲᠣᠷᠠᠬᠢ ᠭᠠᠵᠠᠷ ᠰᠣᠩᠭᠤᠬᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠬᠠᠷᠢᠭᠤᠴᠠᠨ᠎ᠠ | ᠭᠡᠵᠦ ᠵᠢᠭᠠᠵᠤ ᠭᠠᠷᠭᠠᠪᠠ᠃ | ︵ᠬᠤᠶᠠᠷ︶ ᠦᠨᠡᠯᠡᠨ ᠵᠢᠱᠢᠬᠦ ᠱᠠᠭᠠᠷᠳᠠᠯᠭ᠎ᠠ᠃ ᠨᠢᠭᠡ ᠳᠤ ᠨᠥᠬᠦᠴᠡᠯ ᠢ ᠰᠢᠭᠤᠳ ᠮᠠᠭᠠᠳᠯᠠᠨ ᠲᠣᠭᠲᠠᠭᠠᠨ᠎ᠠ᠂ | ᠣᠨᠴᠠᠭᠠᠶ ᠵᠠᠢ ᠶᠢᠨ ᠨᠥᠬᠦᠴᠡᠯ ᠢ ᠬᠠᠩᠭᠠᠭᠰᠠᠨ ᠲᠦᠷᠪᠡᠨ ᠲᠦᠷᠦᠯ ᠤᠨ ᠲᠠᠯᠠᠪᠤᠷ ᠭᠠᠵᠠᠷ ᠢ ᠠᠮᠢᠳᠠᠨ ᠤ ᠬᠢᠵᠢᠭ ᠢ | ᠰᠡᠷᠭᠡᠶᠢᠯᠡᠬᠦ ᠨᠥᠬᠦᠴᠡᠯ ᠤᠨ ᠭᠠᠵᠠᠷ ᠰᠣᠩᠭᠤᠬᠤ ᠱᠠᠭᠠᠷᠳᠠᠯᠭ᠎ᠠ ᠳᠤ ᠨᠡᠶᠢᠴᠡᠭᠰᠡᠨ ᠢᠶᠠᠷ ᠰᠢᠭᠤᠳ ᠮᠠᠭᠠᠳᠯᠠᠨ | ᠲᠣᠭᠲᠠᠭᠠᠵᠤ ᠪᠣᠯᠣᠨ᠎ᠠ᠃ ᠬᠤᠶᠠᠷ ᠲᠤ ᠶᠡᠷᠦᠩᠬᠡᠶᠢᠯᠡᠨ ᠦᠨᠡᠯᠡᠨ ᠵᠢᠱᠢᠵᠦ᠂ ᠣᠨᠴᠠ ᠲᠣᠭᠲᠠᠭᠰᠠᠨ ᠵᠠᠢ ᠶᠢᠨ | ᠨᠥᠬᠦᠴᠡᠯ ᠢ ᠬᠠᠩᠭᠠᠵᠤ ᠳᠡᠶᠢᠯᠬᠦ ᠦᠭᠡᠢ ᠲᠠᠯᠠᠪᠤᠷ ᠲᠤ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ | ᠪᠠᠶᠢᠭᠤᠯᠵᠤ ᠭᠠᠵᠠᠷ ᠰᠣᠩᠭᠤᠬᠤ ᠠᠶᠤᠯ ᠲᠦᠭᠰᠢᠭᠦᠷᠢ ᠶᠢᠨ ᠦᠨᠡᠯᠡᠨ ᠵᠢᠱᠢᠯᠲᠡ ᠬᠢᠯᠭᠡᠬᠦ ᠬᠡᠷᠡᠭᠲᠡᠢ᠃ | ︵ᠭᠤᠷᠪᠠ︶ ᠦᠨᠡᠯᠡᠨ ᠵᠢᠱᠢᠬᠦ ᠠᠷᠭ᠎ᠠ ᠮᠠᠶ᠋ᠢᠭ᠃ ᠲᠦᠭᠰᠢᠭᠦᠷᠢ ᠶᠢ ᠦᠨᠡᠯᠡᠨ ᠵᠢᠱᠢᠬᠦ ᠳᠤ ᠪᠢᠴᠢᠭ ᠢᠶᠠᠷ ᠬᠢᠨᠠᠨ | ᠪᠠᠶᠢᠴᠠᠭᠠᠬᠤ ᠪᠠ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠶᠢ ᠬᠠᠷᠢᠯᠴᠠᠨ ᠤᠶᠠᠯᠳᠤᠭᠤᠯᠬᠤ ᠠᠷᠭ᠎ᠠ | ᠮᠠᠶ᠋ᠢᠭ ᠢ ᠠᠪᠴᠤ᠂ ᠦᠨᠡᠯᠡᠨ ᠵᠢᠱᠢᠬᠦ ᠶᠢᠨ ᠪᠥᠬᠦ ᠲᠠᠯᠠᠲᠤ ᠴᠢᠨᠠᠷ ᠪᠠ ᠣᠨᠣᠪᠴᠢᠲᠤ ᠴᠢᠨᠠᠷ ᠢ ᠦᠨᠡᠨᠬᠦ ᠪᠠᠲᠤᠯᠠᠬᠤ | ᠬᠡᠷᠡᠭᠲᠡᠢ᠃ ᠲᠦᠭᠰᠢᠭᠦᠷᠢ ᠶᠢ ᠦᠨᠡᠯᠡᠨ ᠵᠢᠱᠢᠬᠦ ᠨᠢᠭᠡᠴᠡ ᠨᠢ 3︱5 ᠬᠠᠮᠢᠶ᠎ᠠ ᠪᠦᠬᠦᠢ ᠠᠵᠢᠯ ᠲᠥᠷᠥᠯ ᠤᠨ ᠲᠤᠰᠬᠠᠢ | ᠮᠡᠷᠭᠡᠵᠢᠯᠲᠡᠨ ᠢ ᠵᠣᠬᠢᠶᠠᠨ ᠪᠠᠶᠢᠭᠤᠯᠤᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠪᠠᠶᠢᠭᠤᠯᠵᠤ᠂ ᠲᠦᠭᠰᠢᠭᠦᠷᠢ ᠶᠢ | ᠦᠨᠡᠯᠡᠨ ᠵᠢᠱᠢᠬᠦ ᠠᠵᠢᠯ ᠢ ᠬᠠᠷᠢᠭᠤᠴᠠᠨ ᠥᠷᠨᠢᠭᠦᠯᠦᠨ᠎ᠡ᠃ | ︵ᠳᠥᠷᠪᠡ︶ ᠦᠨᠡᠯᠡᠨ ᠵᠢᠱᠢᠬᠦ ᠠᠭᠤᠯᠭ᠎ᠠ᠃ ᠡᠭᠦᠨ ᠳᠤ ᠭᠤᠣᠯᠳᠠᠭᠤ ᠬᠢᠵᠢᠭ ᠡᠪᠡᠳᠴᠢᠨ ᠢ ᠰᠡᠷᠭᠡᠶᠢᠯᠡᠨ | ᠡᠵᠡᠮᠳᠡᠬᠦ ᠠᠶᠤᠯ ᠲᠦᠭᠰᠢᠭᠦᠷᠢ ᠶᠢ ᠦᠨᠡᠯᠡᠨ ᠵᠢᠱᠢᠨ᠎ᠡ᠂ ᠡᠭᠦᠨ ᠳᠤ ᠡᠷᠬᠢᠨ ᠲᠣᠭᠤᠷᠢᠨ ᠤ ᠲᠠᠯᠠᠪᠤᠷ ᠲᠠᠢ ᠪᠠᠨ | ᠠᠮᠢᠲᠠᠨ ᠤ ᠬᠢᠵᠢᠭ ᠡᠪᠡᠳᠴᠢᠨ ᠤ ᠬᠠᠯᠳᠠᠪᠤᠷᠢᠯᠠᠬᠤ ᠪᠤᠶᠤ ᠰᠣᠯᠪᠢᠴᠠᠨ ᠬᠠᠯᠳᠠᠪᠤᠷᠢᠯᠠᠬᠤ ᠠᠶᠤᠯ ᠲᠦᠭᠰᠢᠭᠦᠷᠢ | ᠣᠷᠣᠰᠢᠵᠤ ᠪᠠᠶᠢᠬᠤ ᠡᠰᠡᠬᠦ᠂ ᠵᠢᠴᠢ ᠡᠳᠡᠭᠡᠷ ᠠᠶᠤᠯ ᠲᠦᠭᠰᠢᠭᠦᠷᠢ ᠶᠢ ᠪᠠᠶᠢᠭᠠᠯᠢ ᠶᠢᠨ ᠪᠠ ᠬᠥᠮᠥᠨ ᠤ ᠬᠦᠴᠦᠨ ᠤ | ᠬᠠᠯᠬᠠᠪᠴᠢ᠂ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠵᠡᠷᠭᠡ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠪᠠᠷ ᠳᠠᠮᠵᠢᠭᠤᠯᠤᠨ ᠠᠷᠢᠯᠭᠠᠬᠤ ᠪᠤᠶᠤ ᠪᠠᠭᠤᠷᠠᠭᠤᠯᠵᠤ ᠳᠡᠶᠢᠯᠬᠦ ᠡᠰᠡᠬᠦ︔ ︽ᠠᠮᠢᠳᠠᠨ ᠤ ᠬᠢᠵᠢᠭ ᠢ | ᠰᠡᠷᠭᠡᠶᠢᠯᠡᠬᠦ ᠨᠥᠬᠦᠴᠡᠯ ᠢ ᠬᠢᠨᠠᠨ ᠪᠠᠶᠢᠴᠠᠭᠠᠬᠤ ᠠᠷᠭ᠎ᠠ︾ ᠶᠢᠨ ᠲᠣᠭᠲᠠᠭᠠᠯ ᠢ ᠦᠨᠳᠦᠰᠦᠯᠡᠨ᠂ ᠤᠰᠤᠨ | ᠰᠤᠷᠪᠤᠯᠵᠢ ᠶᠢᠨ ᠭᠠᠵᠠᠷ ᠵᠡᠷᠭᠡ ᠬᠤᠯᠪᠣᠭᠳᠠᠯ ᠪᠦᠬᠦᠢ ᠲᠠᠯᠠᠪᠤᠷ ᠭᠠᠵᠠᠷ ᠯᠤᠭ᠎ᠠ ᠶᠢᠨ ᠵᠠᠢ ᠶᠢᠨ ᠱᠠᠭᠠᠷᠳᠠᠯᠭ᠎ᠠ ᠶᠢ | ᠲᠣᠭᠲᠠᠭᠠᠵᠤ᠂ ᠭᠠᠵᠠᠷ ᠰᠣᠩᠭᠤᠬᠤ ᠨᠢ ᠡᠷᠬᠢᠨ ᠲᠣᠭᠤᠷᠢᠨ ᠤ ᠣᠷᠴᠢᠨ ᠲᠣᠭᠤᠷᠢᠨ ᠪᠠ ᠰᠠᠭᠤᠭᠠᠯᠢ ᠠᠷᠠᠳ ᠲᠤ | ᠮᠠᠭᠤ ᠨᠥᠯᠥᠭᠡ ᠤᠴᠠᠷᠠᠭᠤᠯᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠶᠢᠨ ᠲᠥᠯᠥᠭᠡ ᠶᠤᠮ︔ ᠲᠡᠵᠢᠭᠡᠬᠦ ᠶᠢ | ᠴᠠᠭᠠᠵᠠᠯᠠᠬᠤ ᠣᠷᠣᠨ ᠠᠴᠠ ᠭᠠᠳᠠᠨ᠎ᠠ ᠭᠠᠵᠠᠷ ᠢ ᠰᠣᠩᠭᠤᠬᠤ ᠶᠢᠨ ᠬᠠᠮᠲᠤ ᠲᠤᠬᠠᠢ ᠶᠢᠨ ᠭᠠᠵᠠᠷ ᠤᠨ ᠡᠯ᠎ᠡ | ᠲᠥᠷᠥᠯ ᠤᠨ ᠬᠠᠮᠠᠭᠠᠯᠠᠯᠲᠠ ᠶᠢᠨ ᠣᠷᠣᠨ ᠵᠢᠴᠢ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠵᠡᠷᠭᠡ | ᠬᠤᠯᠪᠣᠭᠳᠠᠯ ᠪᠦᠬᠦᠢ ᠬᠠᠮᠢᠶᠠᠷᠤᠯᠲᠠ ᠶᠢᠨ ᠲᠣᠭᠲᠠᠭᠠᠯ ᠳᠤ ᠨᠡᠶᠢᠴᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ | ︵ᠲᠠᠪᠤ︶ ᠦᠨᠡᠯᠡᠨ ᠵᠢᠱᠢᠭᠰᠡᠨ ᠦᠷ᠎ᠡ ᠳ᠋ᠦᠩ᠃ ᠦᠨᠡᠯᠡᠨ ᠵᠢᠱᠢᠭᠰᠡᠨ ᠦᠷ᠎ᠡ ᠳ᠋ᠦᠩ ᠢ ᠭᠤᠷᠪᠠᠨ ᠵᠦᠢᠯ ᠤᠨ | ᠪᠠᠶᠢᠳᠠᠯ ᠳᠤ ᠬᠤᠪᠢᠶᠠᠨ᠎ᠠ᠄ ᠨᠢᠭᠡ ᠳᠤ ᠲᠤᠬᠠᠢ ᠶᠢᠨ ᠲᠠᠯᠠᠪᠤᠷ ᠲᠤ ᠨᠡᠶᠢᠴᠡᠵᠦ ᠪᠠᠶᠢᠪᠠᠯ᠂ ᠲᠤᠰᠬᠠᠢ ᠮᠡᠷᠭᠡᠵᠢᠯᠲᠡᠨ ᠤ | ᠳᠤᠭᠤᠶᠢᠯᠠᠩ ᠠᠴᠠ ᠭᠠᠷ ᠤᠨ ᠦᠰᠦᠭ ᠵᠢᠷᠤᠵᠤ ᠨᠤᠲᠠᠯᠠᠨ ᠲᠣᠭᠲᠠᠭᠠᠨ᠎ᠠ᠃ ᠬᠤᠶᠠᠷ ᠲᠤ ᠴᠡᠭᠴᠡᠯᠡᠨ | ᠰᠠᠶᠢᠵᠢᠷᠠᠭᠤᠯᠤᠭᠰᠠᠨ ᠤ ᠳᠠᠷᠠᠭ᠎ᠠ ᠨᠡᠶᠢᠴᠡᠵᠦ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭᠠᠳᠬᠠᠬᠤ ᠶᠢᠨ | ᠬᠠᠮᠲᠤ ᠴᠡᠭᠴᠡᠯᠡᠨ ᠰᠠᠶᠢᠵᠢᠷᠠᠭᠤᠯᠤᠭᠰᠠᠨ ᠤ ᠳᠠᠷᠠᠭ᠎ᠠ᠂ ᠲᠤᠰᠬᠠᠢ ᠮᠡᠷᠭᠡᠵᠢᠯᠲᠡᠨ ᠤ ᠳᠤᠭᠤᠶᠢᠯᠠᠩ ᠢᠶᠠᠷ ᠭᠠᠵᠠᠷ | ᠰᠣᠩᠭᠤᠬᠤ ᠱᠠᠭᠠᠷᠳᠠᠯᠭ᠎ᠠ ᠳᠤ ᠨᠡᠶᠢᠴᠡᠬᠦ ᠶᠢ ᠨᠤᠲᠠᠯᠠᠭᠤᠯᠤᠭᠰᠠᠨ ᠪᠠᠶᠢᠪᠠᠯ᠂ ︽ᠠᠮᠢᠲᠠᠨ ᠤ ᠬᠢᠵᠢᠭ ᠢ ᠰᠡᠷᠭᠡᠶᠢᠯᠡᠬᠦ | ᠨᠥᠬᠦᠴᠡᠯ ᠤᠨ ᠬᠢᠷᠢ ᠲᠡᠩᠴᠡᠭᠰᠡᠨ ᠦᠨᠡᠮᠯᠡᠯ︾ ᠤᠨ ᠦᠨᠡᠮᠯᠡᠯ ᠣᠯᠭᠤᠭᠰᠠᠨ ᠪᠠᠶᠢᠭᠤᠯᠭ᠎ᠠ ᠠᠴᠠ ᠭᠠᠵᠠᠷ | ᠰᠣᠩᠭᠤᠬᠤ ᠶᠢ ᠤᠯᠠᠮ ᠨᠢᠭᠡ ᠠᠯᠬᠤᠮ ᠬᠢᠨᠠᠨ ᠪᠠᠶᠢᠴᠠᠭᠠᠬᠤ ᠪᠠ ᠨᠤᠲᠠᠯᠠᠨ ᠲᠣᠭᠲᠠᠭᠠᠨ᠎ᠠ᠃ ᠭᠤᠷᠪᠠ ᠳᠤ ᠨᠡᠶᠢᠴᠡᠬᠦ | ᠦᠭᠡᠢ᠂ ᠭᠠᠵᠠᠷ ᠰᠣᠩᠭᠤᠬᠤ ᠱᠠᠭᠠᠷᠳᠠᠯᠭ᠎ᠠ ᠳᠤ ᠨᠡᠶᠢᠴᠡᠬᠦ ᠦᠭᠡᠢ ᠪᠠᠶᠢᠪᠠᠯ᠂ ᠭᠤᠶᠤᠴᠢᠯᠠᠭᠴᠢ ᠳᠤ ᠪᠢᠴᠢᠭ ᠢᠶᠠᠷ | ᠮᠡᠳᠡᠭᠳᠡᠬᠦ ᠶᠢᠨ ᠬᠠᠮᠲᠤ ᠤᠴᠢᠷ ᠰᠢᠯᠲᠠᠭᠠᠨ ᠢᠶᠠᠨ ᠲᠣᠳᠣᠷᠬᠠᠶᠢᠯᠠᠨ᠎ᠠ᠃ | ᠳᠥᠷᠪᠡ᠂ ᠬᠡᠷᠡᠭᠵᠢᠭᠦᠯᠬᠦ ᠴᠠᠭ ᠬᠤᠭᠤᠴᠠᠭ᠎ᠠ | ︽ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠨᠡᠶᠢᠲᠡᠯᠡᠭᠰᠡᠨ ᠡᠳᠦᠷ ᠠᠴᠠ ᠡᠬᠢᠯᠡᠨ ᠲᠤᠷᠰᠢᠨ ᠬᠡᠷᠡᠭᠵᠢᠭᠦᠯᠦᠨ᠎ᠡ᠃ |