ᠣᠳᠣᠬᠠᠨ ᠤ ᠮᠠᠨ ᠤ ᠣᠷᠣᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠳᠤ | ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠨᠢᠭᠡᠳᠦᠯᠲᠡᠢ ᠲᠥᠯᠥᠪᠯᠡᠨ ᠰᠢᠢᠳᠪᠦᠷᠢᠯᠡᠵᠦ᠂ ᠤᠯᠤᠰ ᠤᠨ ᠮᠠᠯ | ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠱᠠᠭᠠᠷᠳᠠᠯᠭ᠎ᠠ ᠶᠢ | ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠮᠠᠯ ᠡᠮᠨᠡᠯᠭᠡ ᠶᠢᠨ ᠲᠤᠷᠰᠢᠯᠲᠠ ᠶᠢᠨ | ᠲᠠᠰᠤᠭ ᠤᠨ ᠴᠢᠳᠠᠪᠤᠷᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠮᠠᠯ ᠡᠮᠨᠡᠯᠭᠡ ᠶᠢᠨ ᠲᠤᠷᠰᠢᠯᠲᠠ ᠶᠢᠨ | ᠲᠠᠰᠤᠭ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠂ ᠠᠮᠢᠳᠤ | ᠪᠣᠳᠠᠰ ᠤᠨ ᠠᠮᠤᠷ ᠲᠦᠪᠰᠢᠨ ᠤ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠬᠤ ᠶᠢᠨ ᠲᠥᠯᠥᠭᠡ᠂ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ | ᠲᠢᠩᠬᠢᠮ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠡᠮᠨᠡᠯᠭᠡ ᠶᠢᠨ ᠲᠤᠷᠰᠢᠯᠲᠠ ᠶᠢᠨ | ᠲᠠᠰᠤᠭ ᠤᠨ ᠪᠦᠲᠦᠭᠡᠨ ᠪᠠᠶᠢᠭᠤᠯᠤᠯᠲᠠ ᠬᠢᠭᠡᠳ ᠬᠠᠮᠢᠶᠠᠷᠤᠯᠲᠠ ᠶᠢᠨ ᠠᠷᠭ᠎ᠠ︾ ︵ᠳᠣᠷᠣᠭᠰᠢ ︽ᠠᠷᠭ᠎ᠠ︾ ᠭᠡᠵᠦ | ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠵᠤ᠂ ᠡᠳᠦᠭᠡ ᠳᠣᠣᠷᠠᠬᠢ ᠮᠡᠲᠦ ᠲᠠᠶᠢᠯᠤᠮᠵᠢ ᠬᠢᠪᠡ᠄ | ᠨᠢᠭᠡ᠂ ︽ᠠᠷᠭ᠎ᠠ︾ ᠳᠤ ᠵᠠᠰᠠᠪᠤᠷᠢ ᠣᠷᠣᠭᠤᠯᠤᠭᠰᠠᠨ ᠦᠨᠳᠦᠰᠦᠯᠡᠯ ᠪᠠ ᠠᠬᠤᠢ ᠪᠠᠶᠢᠳᠠᠯ | 1. ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠢᠲᠠᠨ ᠤ ᠬᠢᠵᠢᠭ ᠢ ᠰᠡᠷᠭᠡᠶᠢᠯᠡᠬᠦ ᠬᠠᠤᠯᠢ︾ | ︽ᠡᠪᠡᠳᠴᠢᠨ ᠡᠭᠦᠰᠬᠡᠭᠴᠢ ᠮᠢᠺᠷᠣᠪ ᠤᠨ ᠲᠤᠷᠰᠢᠯᠲᠠ ᠶᠢᠨ ᠲᠠᠰᠤᠭ ᠤᠨ ᠠᠮᠢᠳᠤ ᠪᠣᠳᠠᠰ ᠤᠨ ᠠᠮᠤᠷ ᠲᠦᠪᠰᠢᠨ ᠤ | ᠬᠠᠮᠢᠶᠠᠷᠤᠯᠲᠠ ᠶᠢᠨ ᠳᠦᠷᠢᠮ︾ ︽ᠲᠤᠷᠰᠢᠯᠲᠠ ᠶᠢᠨ ᠲᠠᠰᠤᠭ ᠤᠨ ᠠᠮᠢᠳᠤ ᠪᠣᠳᠠᠰ ᠤᠨ ᠠᠮᠤᠷ ᠲᠦᠪᠰᠢᠨ ᠤ ᠨᠡᠶᠢᠳᠡᠮ | ᠬᠡᠷᠡᠭᠯᠡᠬᠦ ᠱᠠᠭᠠᠷᠳᠠᠯᠭ᠎ᠠ︾ ᠵᠡᠷᠭᠡ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢᠶᠠᠷ ᠯᠠᠪᠯᠠᠯᠲᠠ ᠪᠣᠯᠭᠠᠵᠠᠢ᠃ | 2. ᠣᠶᠢᠷ᠎ᠠ ᠶᠢᠨ ᠵᠢᠯ ᠤᠳ ᠲᠤ ᠥᠪᠡᠷᠲᠡᠭᠡᠨ ᠵᠠᠰᠠᠬᠤ ᠣᠷᠣᠨ ᠤ ᠡᠯ᠎ᠡ ᠭᠠᠵᠠᠷ ᠤᠨ ᠮᠠᠯ ᠡᠮᠨᠡᠯᠭᠡ ᠶᠢᠨ | ᠲᠤᠷᠰᠢᠯᠲᠠ ᠶᠢᠨ ᠲᠠᠰᠤᠭ ᠲᠦᠷᠭᠡᠨ ᠬᠥᠭᠵᠢᠭᠰᠡᠨ ᠵᠢᠴᠢ ᠲᠤᠷᠰᠢᠯᠲᠠ ᠶᠢᠨ ᠲᠠᠰᠤᠭ ᠤᠨ ᠬᠠᠮᠢᠶᠠᠷᠤᠯᠲᠠ ᠠᠵᠢᠯᠯᠠᠭᠠᠨ | ᠵᠢᠷᠤᠮᠵᠢᠯ ᠦᠭᠡᠢ ᠪᠠᠶᠢᠬᠤ ᠠᠰᠠᠭᠤᠳᠠᠯ ᠪᠠᠶᠢᠨ ᠳᠠᠬᠢᠨ ᠡᠭᠦᠰᠴᠦ᠂ ᠵᠣᠬᠢᠬᠤ ᠬᠡᠮᠵᠢᠶᠡᠨ ᠤ ᠠᠮᠢᠳᠤ ᠪᠣᠳᠠᠰ ᠤᠨ ᠠᠮᠤᠷ | ᠲᠦᠪᠰᠢᠨ ᠤ ᠳᠠᠯᠳᠠ ᠬᠡᠮ ᠣᠷᠣᠰᠢᠵᠤ ᠪᠠᠶᠢᠨ᠎ᠠ᠃ | 3. ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠡᠯ᠎ᠡ ᠲᠥᠷᠥᠯ ᠤᠨ ᠮᠠᠯ ᠡᠮᠨᠡᠯᠭᠡ ᠶᠢᠨ ᠲᠤᠷᠰᠢᠯᠲᠠ ᠶᠢᠨ | ᠲᠠᠰᠤᠭ ᠢ ᠪᠦᠲᠦᠭᠡᠨ ᠪᠠᠶᠢᠭᠤᠯᠬᠤ᠂ ᠠᠵᠢᠯᠯᠠᠭᠤᠯᠬᠤ᠂ ᠬᠢᠨᠠᠯᠲᠠ ᠲᠠᠯᠪᠢᠬᠤ᠂ ᠬᠠᠮᠢᠶᠠᠷᠬᠤ ᠵᠡᠷᠭᠡ ᠲᠠᠯ᠎ᠠ ᠪᠠᠷ | ᠪᠦᠲᠦᠮᠵᠢᠲᠡᠶ ᠵᠢᠷᠤᠮᠵᠢᠯ ᠪᠠ ᠱᠠᠭᠠᠷᠳᠠᠯᠭ᠎ᠠ ᠭᠠᠷᠭᠠᠬᠤ ᠶᠢ ᠴᠢᠩᠭᠠᠳᠬᠠᠵᠤ᠂ ᠮᠠᠯ ᠡᠮᠨᠡᠯᠭᠡ ᠶᠢᠨ ᠲᠤᠷᠰᠢᠯᠲᠠ ᠶᠢᠨ | ᠲᠠᠰᠤᠭ ᠤᠨ ᠠᠮᠢᠳᠤ ᠪᠣᠳᠠᠰ ᠤᠨ ᠠᠮᠤᠷ ᠲᠦᠪᠰᠢᠨ ᠪᠠ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ | ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠮᠠᠨ ᠤ ᠣᠷᠣᠨ ᠤ ᠮᠠᠯ ᠠᠵᠤ ᠠᠬᠤᠢ ᠶᠢᠨ ᠪᠣᠬᠢᠷᠲᠤᠯ | ᠦᠭᠡᠢ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠥᠯᠥᠭᠡ ᠶᠤᠮ᠃ | ᠬᠤᠶᠠᠷ᠂ ︽ᠠᠷᠭ᠎ᠠ︾ ᠶᠢᠨ ᠦᠨᠳᠦᠰᠦᠨ ᠪᠣᠷᠣ ᠲᠥᠯᠥᠪ ᠪᠣᠯᠣᠨ ᠭᠤᠣᠯ ᠠᠭᠤᠯᠭ᠎ᠠ | ︽ᠠᠷᠭ᠎ᠠ︾ ᠶᠢᠨ ᠪᠣᠷᠣ ᠲᠥᠯᠥᠪ ᠢ ᠨᠡᠶᠢᠳᠡ ᠲᠤᠯᠤᠭᠠᠨ ᠪᠦᠯᠦᠭ ᠭᠤᠴᠢ ᠶᠢᠰᠦᠨ ᠵᠦᠢᠯ ᠬᠤᠪᠢᠶᠠᠨ᠎ᠠ᠃ | ᠨᠢᠭᠡᠳᠦᠭᠡᠷ ᠪᠦᠯᠦᠭ ᠶᠡᠷᠦᠩᠬᠡᠢ ᠳᠦᠷᠢᠮ ᠳᠤ᠂ ᠲᠣᠭᠲᠠᠭᠠᠬᠤ ᠦᠨᠳᠦᠰᠦᠯᠡᠯ᠂ ᠬᠠᠮᠤᠷᠬᠤ ᠬᠡᠪᠴᠢᠶ᠎ᠡ᠂ | ᠬᠢᠵᠠᠭᠠᠷ ᠲᠠᠢ ᠬᠤᠭᠤᠴᠠᠭ᠎ᠠ᠂ ᠡᠭᠦᠷᠭᠡ ᠴᠢᠳᠠᠪᠬᠢ ᠶᠢᠨ ᠬᠢᠨᠠᠯᠲᠠ ᠬᠠᠮᠢᠶᠠᠷᠤᠯᠲᠠ᠂ ᠠᠮᠢᠳᠤ ᠪᠣᠳᠠᠰ ᠤᠨ ᠠᠮᠤᠷ | ᠲᠦᠪᠰᠢᠨ᠂ ᠬᠢᠵᠢᠭ ᠡᠪᠡᠳᠴᠢᠨ ᠢ ᠪᠠᠶᠢᠴᠠᠭᠠᠨ ᠰᠢᠯᠭᠠᠬᠤ ᠵᠡᠷᠭᠡ ᠶᠢ ᠳᠤᠷᠠᠳᠤᠨ ᠭᠠᠷᠭᠠᠵᠠᠢ᠃ | ᠬᠤᠶᠠᠳᠤᠭᠠᠷ ᠪᠦᠯᠦᠭ ᠪᠦᠲᠦᠭᠡᠨ ᠪᠠᠶᠢᠭᠤᠯᠬᠤ ᠱᠠᠭᠠᠷᠳᠠᠯᠭ᠎ᠠ ᠳᠤ᠂ ᠮᠠᠯ ᠡᠮᠨᠡᠯᠭᠡ ᠶᠢᠨ ᠲᠤᠷᠰᠢᠯᠲᠠ ᠶᠢᠨ | ᠲᠠᠰᠤᠭ ᠤᠨ ᠭᠠᠵᠠᠷ ᠰᠣᠩᠭᠤᠬᠤ ᠪᠠ ᠠᠮᠢᠳᠤ ᠪᠣᠳᠠᠰ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠳᠡᠰ ᠤᠨ | ᠱᠠᠭᠠᠷᠳᠠᠯᠭ᠎ᠠ ᠵᠡᠷᠭᠡ ᠳᠤ ᠱᠠᠭᠠᠷᠳᠠᠯᠭ᠎ᠠ ᠭᠠᠷᠭᠠᠵᠠᠢ᠃ | ᠭᠤᠷᠪᠠᠳᠤᠭᠠᠷ ᠪᠦᠯᠦᠭ ᠠᠵᠢᠯᠯᠠᠭᠠᠨ ᠤ ᠬᠠᠮᠢᠶᠠᠷᠤᠯᠲᠠ ᠳᠤ᠂ ᠮᠠᠯ ᠡᠮᠨᠡᠯᠭᠡ ᠶᠢᠨ ᠲᠤᠷᠰᠢᠯᠲᠠ ᠶᠢᠨ | ᠲᠠᠰᠤᠭ ᠲᠤ ᠬᠠᠩᠭᠠᠪᠠᠰᠤ ᠵᠣᠬᠢᠬᠤ ᠡᠯ᠎ᠡ ᠵᠦᠢᠯ ᠤᠨ ᠳᠦᠷᠢᠮ᠂ ᠬᠡᠮᠵᠢᠭᠦᠷᠯᠢᠭ ᠲᠥᠬᠦᠭᠡᠷᠦᠮᠵᠢ ᠶᠢᠨ ᠬᠡᠷᠡᠭᠴᠡᠭᠡ᠂ | ᠦᠯᠢᠭᠡᠷ ᠡᠳ᠋ ᠢ ᠴᠤᠭᠯᠠᠭᠤᠯᠵᠤ ᠲᠡᠭᠡᠭᠡᠪᠦᠷᠢᠯᠡᠬᠦ ᠱᠠᠭᠠᠷᠳᠠᠯᠭ᠎ᠠ᠂ ᠰᠢᠯᠭᠠᠨ ᠪᠠᠶᠢᠴᠠᠭᠠᠯᠲᠠ/ ᠪᠠᠶᠢᠴᠠᠭᠠᠨ ᠬᠡᠮᠵᠢᠯᠲᠡ ᠶᠢᠨ | ᠮᠡᠳᠡᠭᠦᠯᠦᠯᠲᠡ ᠶᠢ ᠲᠠᠷᠬᠠᠭᠠᠬᠤ ᠳᠦᠷᠢᠮ ᠤᠨ ᠳᠦᠷᠢᠮ ᠲᠤᠭᠳᠠᠭᠠᠯ᠂ ᠳᠠᠩᠰᠠ ᠡᠪᠬᠡᠮᠡᠯ ᠤᠨ ᠬᠠᠮᠢᠶᠠᠷᠤᠯᠲᠠ᠂ | ᠪᠠᠺᠲ᠋ᠧᠷᠢ ︵ᠬᠤᠣᠷ︶ ᠶᠢᠨ ᠲᠦᠷᠦᠯ ᠢ ᠬᠠᠳᠠᠭᠠᠯᠠᠬᠤ ᠵᠡᠷᠭᠡ ᠶᠢ ᠲᠣᠭᠲᠠᠭᠠᠵᠠᠢ᠃ | ᠳᠥᠷᠪᠡᠳᠦᠭᠡᠷ ᠪᠦᠯᠦᠭ ᠬᠢᠨᠠᠯᠲᠠ ᠬᠠᠮᠢᠶᠠᠷᠤᠯᠲᠠ ᠳᠤ᠂ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ | ᠡᠭᠦᠷᠭᠡ ᠬᠠᠷᠢᠭᠤᠴᠠᠯᠭ᠎ᠠ ᠪᠠ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠪᠠᠭᠲᠠᠭᠠᠵᠠᠢ᠃ | ᠲᠠᠪᠤᠳᠤᠭᠠᠷ ᠪᠦᠯᠦᠭ ᠪᠠᠲᠤᠯᠠᠭ᠎ᠠ ᠶᠢᠨ ᠠᠷᠭ᠎ᠠ ᠬᠡᠮᠵᠢᠶ᠎ᠡ ᠳᠤ᠂ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠶᠢ ᠴᠢᠩᠭᠠᠳᠬᠠᠬᠤ᠂ ᠪᠡᠯᠡ ᠮᠥᠩᠭᠦ ᠶᠢᠨ ᠳᠡᠮᠵᠢᠯᠭᠡ ᠶᠢ ᠴᠢᠩᠭᠠᠳᠬᠠᠬᠤ᠂ ᠬᠢᠨᠠᠨ ᠰᠢᠯᠭᠠᠵᠤ | ᠪᠣᠯᠪᠠᠰᠤᠷᠠᠭᠤᠯᠬᠤ ᠶᠢ ᠪᠠᠭᠲᠠᠭᠠᠵᠠᠢ᠃ | ᠵᠢᠷᠭᠤᠳᠤᠭᠠᠷ ᠪᠦᠯᠦᠭ ᠪᠦᠷᠢᠳᠬᠡᠨ ᠳᠠᠩᠰᠠᠯᠠᠬᠤ ᠬᠠᠮᠢᠶᠠᠷᠤᠯᠲᠠ ᠳᠤ᠂ ᠮᠠᠯ ᠡᠮᠨᠡᠯᠭᠡ ᠶᠢᠨ ᠲᠤᠷᠰᠢᠯᠲᠠ ᠶᠢᠨ | ᠲᠠᠰᠤᠭ ᠢ ᠪᠦᠷᠢᠳᠬᠡᠨ ᠳᠠᠩᠰᠠᠯᠠᠬᠤ ᠪᠠ ᠪᠦᠷᠢᠳᠬᠡᠨ ᠳᠠᠩᠰᠠᠯᠠᠬᠤ ᠵᠢᠷᠤᠮ ᠢ ᠪᠠᠭᠲᠠᠭᠠᠵᠠᠢ᠃ | ᠳᠣᠯᠣᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ᠂ ᠲᠠᠶᠢᠯᠪᠤᠷᠢᠯᠠᠬᠤ ᠭᠤᠣᠯ ᠴᠣᠭᠴᠠ ᠪᠣᠯ ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠪᠣᠯᠣᠨ᠎ᠠ᠂ | ᠲᠤᠷᠰᠢᠨ ᠬᠡᠷᠡᠭᠵᠢᠭᠦᠯᠬᠦ ᠪᠢᠴᠢᠭ ᠮᠠᠲ᠋ᠧᠷᠢᠶᠠᠯ ᠢ ᠬᠦᠴᠦᠨ ᠦᠭᠡᠢ ᠪᠣᠯᠭᠠᠵᠤ᠂ ᠡᠬᠢᠯᠡᠵᠦ ᠬᠡᠷᠡᠭᠵᠢᠭᠦᠯᠬᠦ ᠴᠠᠭ | ᠬᠤᠭᠤᠴᠠᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠭᠤᠷᠪᠠ᠂ ︽ᠠᠷᠭ᠎ᠠ︾ ᠶᠢᠨ ᠭᠤᠣᠯ ᠦᠢᠯᠡᠳᠦᠯ ᠪᠠ ᠣᠨᠴᠠᠯᠢᠭ | ︵ᠨᠢᠭᠡ︶ ᠡᠯ᠎ᠡ ᠲᠦᠷᠦᠯ ᠤᠨ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠠᠮᠢᠲᠠᠨ ᠤ ᠬᠢᠵᠢᠭ | ᠡᠪᠡᠳᠴᠢᠨ ᠢ ᠪᠠᠶᠢᠴᠠᠭᠠᠨ ᠰᠢᠯᠭᠠᠬᠤ ᠳᠤ ᠬᠡᠷᠡᠭᠰᠡᠬᠦ ᠨᠥᠬᠦᠴᠡᠯ ᠢ ᠲᠣᠳᠣᠷᠬᠠᠶᠢᠯᠠᠵᠤ᠂ ᠬᠡᠪᠴᠢᠶ᠎ᠡ ᠠᠴᠠ ᠬᠡᠲᠦᠷᠡᠭᠦᠯᠦᠨ | ᠡᠪᠡᠳᠴᠢᠨ ᠤ ᠮᠠᠲ᠋ᠧᠷᠢᠶᠠᠯ ᠴᠤᠭᠯᠠᠭᠤᠯᠬᠤ ᠪᠠ ᠬᠤᠯᠪᠣᠭᠳᠠᠯ ᠪᠦᠬᠦᠢ ᠰᠤᠳᠤᠯᠭᠠᠨ ᠬᠢᠬᠦ ᠶᠢ ᠴᠢᠩᠭ᠎ᠠ ᠴᠠᠭᠠᠵᠠᠯᠠᠨ᠎ᠠ᠃ | ︵ᠬᠤᠶᠠᠷ︶ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠠᠵᠢᠯᠯᠠᠭᠠᠨ ᠤ ᠶᠠᠪᠤᠴᠠ ᠳᠠᠬᠢ ᠥᠯᠢᠭᠡᠷ ᠡᠳ᠋ ᠢ | ᠴᠤᠭᠯᠠᠭᠤᠯᠤᠨ ᠬᠠᠳᠠᠭᠠᠯᠠᠬᠤ᠂ ᠲᠠᠩᠰᠠ ᠡᠪᠬᠡᠮᠡᠯ ᠤᠨ ᠬᠠᠮᠢᠶᠠᠷᠤᠯᠲᠠ᠂ ᠬᠤᠣᠷ ᠬᠥᠨᠥᠭᠡᠯ ᠲᠠᠢ ᠬᠢᠮᠢ ᠶᠢᠨ ᠪᠣᠳᠠᠰ ᠤᠨ | ᠬᠠᠮᠢᠶᠠᠷᠤᠯᠲᠠ ᠶᠢᠨ ᠪᠠᠷᠢᠮᠵᠢᠶ᠎ᠠ ᠶᠢᠨ ᠳᠦᠷᠢᠮ ᠲᠣᠭᠲᠠᠭᠠᠯ ᠢ ᠲᠣᠳᠣᠷᠬᠠᠶᠢᠯᠠᠪᠠ᠃ | ︵ᠭᠤᠷᠪᠠ︶ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠪᠠᠶᠢᠴᠠᠭᠠᠨ ᠰᠢᠯᠭᠠᠭᠰᠠᠨ ᠦᠷ᠎ᠡ ᠳ᠋ᠦᠩ ᠢ | ᠮᠡᠳᠡᠭᠦᠯᠦᠨ ᠬᠦᠷᠭᠡᠬᠦ ᠪᠠ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ ᠬᠠᠷᠢᠭᠤᠴᠠᠯᠭ᠎ᠠ ᠶᠢ ᠵᠢᠷᠤᠮᠵᠢᠭᠤᠯᠪᠠ᠃ | ︵ᠳᠥᠷᠪᠡ︶ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠳᠡᠩᠰᠡᠯᠡᠨ ᠬᠠᠮᠢᠶᠠᠷᠬᠤ ᠪᠠ ᠲᠤᠷᠰᠢᠯᠲᠠ ᠶᠢᠨ | ᠠᠵᠢᠯᠲᠠᠨ ᠤ ᠪᠣᠯᠪᠠᠰᠤᠷᠠᠯ ᠢᠶᠠᠷ ᠳᠠᠮᠵᠢᠨ ᠠᠵᠢᠯ ᠤᠨ ᠪᠠᠶᠢᠷᠢ ᠳᠤ ᠭᠠᠷᠭᠠᠬᠤ ᠶᠢ ᠵᠢᠷᠤᠮᠵᠢᠭᠤᠯᠪᠠ᠃ | ᠳᠥᠷᠪᠡ᠂ ︽ᠠᠷᠭ᠎ᠠ︾ ᠶᠢ ᠬᠡᠷᠡᠭᠵᠢᠭᠦᠯᠦᠭᠰᠡᠨ ᠴᠠᠭ ᠬᠤᠭᠤᠴᠠᠭ᠎ᠠ ᠵᠢᠴᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ | ︽ᠠᠷᠭ᠎ᠠ︾ ᠶᠢ 2024 ᠣᠨ ᠤ 10 ᠰᠠᠷ᠎ᠠ ᠶᠢᠨ 25 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠨᠢᠭᠡ ᠳᠤ ︽ᠠᠷᠭ᠎ᠠ︾ ᠶᠢᠨ ᠤᠬᠠᠭᠤᠯᠭ᠎ᠠ ᠶᠢᠨ ᠠᠵᠢᠯ ᠢ ᠢᠳᠡᠪᠬᠢᠲᠡᠢ ᠥᠷᠨᠢᠭᠦᠯᠬᠦ ᠬᠡᠷᠡᠭᠲᠡᠢ᠃ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠰᠦᠯᠵᠢᠶᠡᠨ | ᠥᠷᠲᠡᠭᠡ᠂ ᠥᠪᠡᠷᠲᠡᠭᠡᠨ ᠵᠠᠰᠠᠬᠤ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ | ᠲᠠᠪᠴᠠᠩ᠂ ᠸᠢᠴᠠᠲ ᠵᠡᠷᠭᠡ ᠵᠠᠭᠤᠴᠢᠯᠠᠭᠤᠷ ᠢᠶᠠᠷ ᠳᠠᠮᠵᠢᠭᠤᠯᠤᠨ᠂ ︽ᠠᠷᠭ᠎ᠠ︾ ᠶᠢ ᠥᠷᠭᠡᠨ ᠢᠶᠠᠷ ᠤᠬᠠᠭᠤᠯᠤᠨ᠎ᠠ᠃ | ᠬᠤᠶᠠᠷ ᠲᠤ᠂ ︽ᠠᠷᠭ᠎ᠠ︾ ᠶᠢᠨ ᠮᠠᠳᠠᠭ ᠲᠠᠢ ᠠᠰᠠᠭᠤᠳᠠᠯ ᠢ ᠰᠢᠢᠳᠪᠦᠷᠢᠯᠡᠵᠦ ᠲᠥᠭᠡᠷᠢᠭᠳᠡᠯ ᠢ ᠲᠠᠶᠢᠯᠬᠤ ᠠᠵᠢᠯ ᠢ ᠪᠥᠬᠦ | ᠬᠦᠴᠦᠨ ᠢᠶᠠᠷ ᠢᠶᠠᠨ ᠰᠠᠶᠢᠲᠤᠷ ᠬᠢᠨ᠎ᠡ᠃ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠢᠰᠲ᠋ᠧᠮ ᠤᠨ ᠮᠠᠯ | ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠬᠠᠮᠢᠶᠠᠷᠤᠯᠲᠠ ᠶᠢᠨ ᠠᠵᠢᠯ ᠢ ᠡᠷᠭᠢᠯᠡᠨ ᠬᠢᠵᠦ ᠪᠠᠶᠢᠭ᠎ᠠ ᠬᠥᠮᠥᠰ ᠲᠤ | ︽ᠠᠷᠭ᠎ᠠ︾ ᠶᠢᠨ ᠭᠤᠣᠯᠳᠠᠯᠭ᠎ᠠ ᠲᠠᠢ ᠠᠭᠤᠯᠭ᠎ᠠ ᠶᠢᠨ ᠲᠤᠬᠠᠢ ᠨᠠᠷᠢᠨ ᠲᠠᠶᠢᠯᠤᠮᠵᠢ ᠪᠠ ᠲᠣᠳᠣᠷᠬᠠᠶᠢᠯᠠᠯᠲᠠ ᠬᠢᠵᠦ᠂ | ᠬᠠᠮᠢᠶ᠎ᠠ ᠪᠦᠬᠦᠢ ᠠᠵᠢᠯᠲᠠᠨ ᠢ ᠬᠠᠪᠰᠤᠷᠤᠨ ︽ᠠᠷᠭ᠎ᠠ︾ ᠶᠢᠨ ᠠᠭᠤᠯᠭ᠎ᠠ ᠪᠠ ᠱᠠᠭᠠᠷᠳᠠᠯᠭ᠎ᠠ ᠶᠢ ᠣᠨᠣᠪᠴᠢᠲᠠᠶ | ᠣᠶᠢᠯᠠᠭᠠᠨ ᠡᠵᠡᠮᠰᠢᠭᠦᠯᠵᠦ᠂ ︽ᠠᠷᠭ᠎ᠠ︾ ᠶᠢᠨ ᠤᠷᠤᠭᠰᠢᠲᠠᠢ ᠬᠡᠷᠡᠭᠵᠢᠭᠦᠯᠦᠭᠳᠡᠬᠦ ᠶᠢ ᠦᠨᠡᠨᠬᠦ ᠪᠠᠲᠤᠯᠠᠬᠤ ᠬᠡᠷᠡᠭᠲᠡᠢ᠃ |