2024 ᠣᠨ ᠤ ︽ᠪᠣᠬᠢᠷᠳᠣᠯ ᠦᠭᠡᠢ ᠪᠦᠲᠦᠭᠡᠭᠳᠡᠭᠦᠨ ᠢ ᠪᠤᠭᠤᠮᠲᠠ ᠠᠴᠠ ᠭᠠᠷᠭᠠᠭᠰᠠᠨ ᠨᠢ​ ᠬᠠᠩᠵᠧᠦ ᠳᠠᠬᠢ ᠪᠣᠯᠵᠤᠭ᠎ᠠ︾ ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨ᠎ᠡ ᠶᠢ ᠡᠭᠦᠳᠬᠦ ᠬᠥᠭᠵᠢᠯᠲᠡ ᠶᠢᠨ ᠶᠡᠭᠡ ᠬᠤᠷᠠᠯ ᠤᠨ ᠰᠢᠷᠢᠰ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2024/10/26
      10 ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ ︽ᠪᠣᠬᠢᠷᠳᠣᠯ ᠦᠭᠡᠢ ᠪᠦᠲᠦᠭᠡᠭᠳᠡᠭᠦᠨ ᠢ ᠪᠤᠭᠤᠮᠲᠠ ᠠᠴᠠ ᠭᠠᠷᠭᠠᠭᠰᠠᠨ ᠨᠢ ᠬᠠᠩᠵᠧᠦ ᠳᠠᠬᠢ ᠪᠣᠯᠵᠤᠭ᠎ᠠ︾ ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨ᠎ᠡ ᠶᠢ ᠡᠭᠦᠳᠬᠦ ᠬᠥᠭᠵᠢᠯᠲᠡ ᠶᠢᠨ ᠶᠡᠭᠡ ᠬᠤᠷᠠᠯ᠂ ᠠᠷᠪᠠᠨ ᠨᠢᠭᠡᠳᠦᠭᠡᠷ ᠬᠤᠭᠤᠴᠠᠭᠠᠨ ᠤ ᠥᠪᠥᠷ ᠮᠣᠩᠭᠤᠯ ᠤᠨ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠵᠡᠰᠬᠦᠯᠡᠩ ᠤᠨ ᠴᠤᠭᠯᠠᠭᠠᠨ᠂ ᠳᠥᠷᠪᠡᠳᠦᠭᠡᠷ ᠬᠤᠭᠤᠴᠠᠭᠠᠨ ᠤ ᠪᠡᠭᠡᠵᠢᠩ ᠥᠪᠥᠷ ᠮᠣᠩᠭᠤᠯ ᠤᠨ ᠬᠡᠷᠡᠭᠯᠡᠭᠡᠨ ᠤ ᠬᠠᠪᠰᠤᠷᠤᠨ ᠲᠡᠳᠬᠦᠬᠦ ᠲᠥᠪᠯᠡᠷᠡᠭᠦᠯᠦᠨ ᠴᠤᠭᠯᠠᠭᠤᠯᠬᠤ ᠲᠠᠨᠢᠯᠴᠠᠭᠤᠯᠭ᠎ᠠ ᠶᠢᠨ ᠴᠤᠭᠯᠠᠭᠠᠨ ᠵᠧᠵᠢᠶᠠᠩ ᠮᠤᠵᠢ ᠶᠢᠨ ᠬᠠᠩᠵᠧᠦ ᠬᠤᠲᠠ ᠳᠤ ᠦᠪᠡᠳᠡᠭᠰᠢ ᠶᠡᠭᠡ ᠪᠠᠷ ᠡᠬᠢᠯᠡᠪᠡ᠂ ᠠᠵᠢᠯᠯᠠᠭ᠎ᠠ ᠨᠢ 3 ᠡᠳᠦᠷ ᠶᠠᠪᠤᠭᠳᠠᠪᠠ᠃
1.jpg
2.jpg
      ᠶᠡᠷᠦᠩᠬᠡᠢ ᠱᠦᠵᠢ ᠰᠢ ᠶᠢᠨ ᠫᠢᠩ ᠤᠨ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠠᠵᠢᠯ ᠢ ᠭᠦᠨᠵᠡᠭᠡᠶᠢᠷᠡᠭᠦᠯᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠩᠵᠧᠦ ᠬᠤᠳᠠ  ᠨᠢ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠴᠢᠬᠤᠯᠠ ᠬᠤᠳᠠ ᠪᠣᠯᠬᠤ ᠳᠤ ᠲᠦᠰᠢᠭᠯᠡᠨ᠂ ᠥᠪᠥᠷ ᠮᠣᠩᠭᠤᠯ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠰᠢ ᠪᠣᠷᠣᠯᠠᠭᠤᠯᠬᠤ ᠬᠡᠪᠴᠢᠶ᠎ᠡ ᠶᠢ ᠥᠷᠭᠡᠳᠬᠡᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠦᠷ᠎ᠡ ᠪᠦᠲᠦᠭᠡᠯ ᠢ ᠳᠡᠯᠭᠡᠨ ᠦᠵᠡᠭᠦᠯᠵᠦ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠦᠷ᠎ᠡ ᠪᠦᠲᠦᠭᠡᠯ ᠢ ᠤᠬᠠᠭᠤᠯᠤᠨ ᠲᠠᠨᠢᠯᠴᠠᠭᠤᠯᠬᠤ ᠶᠢᠨ ᠲᠦᠯᠦᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠪᠡᠭᠡᠵᠢᠩ ᠬᠤᠳᠠ ᠶᠢᠨ ᠲᠠᠷᠢᠶᠠᠯᠠᠩ ᠬᠥᠳᠡᠭᠡ ᠲᠣᠰᠬᠤᠨ ᠤ ᠲᠣᠪᠴᠢᠶ᠎ᠠ ᠵᠡᠷᠭᠡ ᠪᠡᠭᠡᠵᠢᠩ ᠵᠧᠵᠢᠶᠠᠩ ᠥᠪᠥᠷ ᠮᠣᠩᠭᠤᠯ ᠭᠤᠷᠪᠠᠨ ᠭᠠᠵᠠᠷ ᠤᠨ 6 ᠰᠠᠯᠠᠭ᠎ᠠ ᠮᠥᠴᠢᠷ ᠬᠠᠮᠲᠤᠪᠠᠷ ᠲᠤᠰ ᠤᠳᠠᠭ᠎ᠠ ᠶᠢᠨ ᠰᠢᠷᠢᠰ ᠠᠵᠢᠯᠯᠠᠭ᠎ᠠ ᠶᠢ ᠡᠷᠬᠢᠯᠡᠪᠡ᠃ ᠪᠡᠭᠡᠵᠢᠩ ᠵᠧᠵᠢᠶᠠᠩ ᠥᠪᠥᠷ ᠮᠣᠩᠭᠤᠯ ᠭᠤᠷᠪᠠᠨ ᠭᠠᠵᠠᠷ ᠤᠨ ᠲᠠᠷᠢᠶᠠᠯᠠᠩ ᠮᠠᠯ ᠠᠵᠤ ᠠᠬᠤᠢ᠂ ᠬᠤᠳᠠᠯᠳᠤᠭᠠᠨ ᠤ ᠶᠠᠪᠤᠳᠠᠯ᠂ ᠰᠣᠶᠣᠯ ᠵᠢᠭᠤᠯᠴᠢᠯᠠᠯ᠂ ᠪᠡᠭᠡᠵᠢᠩ ᠬᠤᠲᠠ ᠶᠢᠨ ᠲᠦᠷ ᠴᠠᠭ ᠲᠤᠰᠢᠶᠠᠯ ᠡᠭᠦᠷᠭᠡᠯᠡᠬᠦ ᠺᠠᠳ᠋ᠷ ᠤᠨ ᠪᠦᠯᠬᠦᠮ ᠵᠡᠷᠭᠡ ᠨᠢᠭᠡᠴᠡ ᠶᠢᠨ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯ᠎ᠡ ᠠᠶᠢᠮᠠᠭ ᠬᠤᠲᠠ᠂ ᠬᠤᠰᠢᠭᠤ ᠰᠢᠶᠠᠨ ᠤ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠠᠵᠤ ᠠᠬᠤᠶᠢᠯᠠᠯ ᠤᠨ ᠲᠥᠯᠥᠭᠡᠯᠡᠭᠴᠢ 200 ᠰᠢᠬᠠᠮ ᠬᠥᠮᠥᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠳᠤ ᠣᠷᠣᠯᠴᠠᠵᠠᠢ᠃
3.jpg
4.jpg
      ᠣᠶᠢᠷ᠎ᠠ ᠶᠢᠨ ᠵᠢᠯ ᠤᠨ ᠲᠤᠷᠰᠢ᠂ ᠥᠪᠥᠷ ᠮᠣᠩᠭᠤᠯ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠥᠪᠡᠷᠮᠢᠴᠡ ᠣᠨᠴᠠᠯᠢᠭ ᠲᠠᠢ ᠪᠠᠶᠢᠭᠠᠯᠢ ᠶᠢᠨ ᠡᠬᠢ ᠪᠠᠶᠠᠯᠢᠭ ᠪᠣᠯᠣᠨ ᠭᠠᠵᠠᠷ ᠵᠦᠢ ᠶᠢᠨ ᠳᠠᠪᠠᠭᠤᠯᠢᠭ ᠲᠤ ᠲᠦᠰᠢᠭᠯᠡᠨ᠂ ᠠᠵᠤ ᠦᠢᠯᠡᠰ ᠤᠨ ᠪᠦᠲᠦᠴᠡ ᠶᠢ ᠳᠠᠰᠤᠷᠠᠯᠳᠠ ᠦᠭᠡᠢ ᠰᠢᠯᠢᠳᠡᠭᠵᠢᠭᠦᠯᠵᠦ᠂ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠲᠦᠷᠭᠡᠨ ᠬᠥᠭᠵᠢᠯᠲᠡ ᠶᠢ ᠪᠡᠶᠡᠯᠡᠭᠦᠯᠵᠦ᠂ ᠠᠮᠤ ᠪᠤᠳᠠᠭᠠᠨ ᠤ ᠶᠡᠷᠦᠩᠬᠡᠢ ᠭᠠᠷᠤᠯᠲᠠ ᠪᠦᠬᠦ ᠤᠯᠤᠰ ᠤᠨ ᠠᠷᠪᠠᠳᠤᠭᠠᠷ ᠲᠤ ᠪᠠᠶᠢᠭᠰᠠᠨ ᠠᠴᠠ ᠪᠠᠨ ᠵᠢᠷᠭᠤᠳᠤᠭᠠᠷ ᠲᠤ ᠣᠷᠣᠵᠤ᠂ ᠦᠨᠢᠶᠡᠨ ᠰᠦ᠂ ᠬᠤᠨᠢᠨ ᠮᠢᠬ᠎ᠠ᠂ ᠦᠬᠡᠷ ᠤᠨ ᠮᠢᠬ᠎ᠠ ᠵᠢᠴᠢ ᠨᠤᠤᠯᠤᠭᠤᠷ᠂ ᠲᠡᠵᠢᠭᠡᠯ ᠡᠪᠡᠰᠦᠨ ᠤ ᠭᠠᠷᠤᠯᠲᠠ ᠪᠦᠬᠦ ᠤᠯᠤᠰ ᠤᠨ ᠲᠡᠷᠢᠭᠦᠨ ᠳᠤ ᠯᠠᠪᠳᠠᠭᠤᠨ ᠢᠶᠠᠷ ᠣᠷᠣᠵᠤ᠂ ᠨᠡᠷ᠎ᠡ ᠨᠢᠳᠡᠷ ᠲᠡᠭᠡᠨ ᠨᠡᠶᠢᠴᠡᠭᠰᠡᠨ ︽ᠠᠮᠤ ᠪᠤᠳᠠᠭᠠᠨ ᠤ ᠰᠠᠩ︾ ︽ᠮᠢᠬᠠᠨ ᠤ ᠬᠥᠮᠥᠷᠭᠡ︾ ︽ᠰᠦ ᠶᠢᠨ ᠬᠦᠨᠦᠭ︾ ᠪᠠ ︽ᠨᠤᠤᠯᠤᠭᠤᠷ ᠤᠨ ᠬᠤᠳᠠ︾ ᠪᠣᠯᠪᠠ᠃ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠬᠢᠨ ᠲᠣᠭᠲᠠᠴᠠ ᠪᠠᠶᠢᠭᠤᠯᠬᠤ᠂ ᠰᠠᠭᠤᠷᠢ ᠲᠠᠯᠪᠢᠬᠤ ᠪᠠᠷ ᠳᠡᠮᠵᠢᠨ᠂ ᠨᠡᠷᠡᠲᠦ ᠲᠡᠮᠳᠡᠭᠲᠦ ᠪᠠᠨ ᠴᠢᠩᠭᠠᠳᠬᠠᠵᠤ᠂ ᠴᠢᠨᠠᠷ ᠴᠢᠨᠰᠠᠭ᠎ᠠ ᠪᠠᠨ ᠳᠡᠭᠡᠭᠰᠢᠯᠡᠭᠦᠯᠵᠦ᠂ ᠪᠣᠷᠤᠯᠠᠭᠤᠯᠭ᠎ᠠ ᠶᠢᠨ ᠵᠠᠮ ᠢᠶᠠᠨ ᠥᠷᠭᠡᠳᠬᠡᠵᠦ᠂ ᠬᠡᠪ ᠵᠠᠭᠪᠤᠷ ᠢᠶᠠᠨ ᠡᠭᠦᠳᠴᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠠ ᠲᠥᠪ ᠤᠨ ᠨᠢᠭᠡᠴᠡ ᠶᠢᠨ ᠲᠣᠭᠲᠠᠭᠰᠠᠨ ᠴᠡᠭ ᠤᠨ ᠬᠠᠪᠰᠤᠷᠤᠨ ᠲᠡᠳᠬᠦᠬᠦ ᠲᠣᠭᠲᠠᠴᠠ ᠶᠢ ᠠᠰᠢᠭᠯᠠᠨ᠂ ᠤᠷᠢᠳ ᠬᠤᠵᠢᠳ ᠪᠡᠭᠡᠵᠢᠩ᠂ ᠴᠦᠩᠴᠢᠩ ᠳᠤ ︽ᠪᠣᠬᠢᠷᠳᠣᠯ ᠦᠭᠡᠢ ᠪᠦᠲᠦᠭᠡᠭᠳᠡᠭᠦᠨ ᠪᠤᠭᠤᠮᠲᠠ ᠠᠴᠠ ᠭᠠᠷᠬᠤ︾ ᠬᠡᠷᠡᠭᠯᠡᠭᠡ ᠶᠢ ᠬᠠᠪᠰᠤᠷᠤᠨ ᠲᠡᠳᠬᠦᠵᠦ ᠲᠥᠪᠯᠡᠷᠡᠭᠦᠯᠦᠨ ᠴᠤᠭᠯᠠᠭᠤᠯᠬᠤ ᠪᠠ ᠲᠠᠨᠢᠯᠴᠠᠭᠤᠯᠬᠤ ᠠᠵᠢᠯᠯᠠᠭ᠎ᠠ ᠥᠷᠨᠢᠭᠦᠯᠵᠦ᠂ ︽ᠬᠢᠩᠭᠠᠨ ᠠᠶᠢᠮᠠᠭ ᠤᠨ ᠲᠤᠲᠤᠷᠭ᠎ᠠ︾ ︽ᠰᠢᠯᠢ ᠶᠢᠨ ᠭᠤᠣᠯ ᠤᠨ ᠬᠤᠨᠢᠨ ᠮᠢᠬ᠎ᠠ︾ ︽ᠤᠯᠠᠭᠠᠨᠬᠠᠳᠠ ᠶᠢᠨ ᠬᠤᠯᠢᠮᠠᠭ ᠠᠮᠤ︾ ︽ᠤᠯᠠᠭᠠᠨᠴᠠᠪ ᠤᠨ ᠲᠥᠮᠥᠰᠥ︾ ︽ᠬᠤᠷᠴᠢᠨ ᠦᠬᠡᠷ ᠤᠨ ᠮᠢᠬ᠎ᠠ︾ ︽ᠪᠣᠷᠣᠳᠣᠬᠤᠢ ᠶᠢᠨ ᠭᠤᠯᠢᠷ︾ ᠵᠡᠷᠭᠡ ᠮᠠᠰᠢ ᠣᠯᠠᠨ ︽ᠦᠪᠦᠷ ᠮᠣᠩᠭᠤᠯ ᠨᠠᠷᠠᠲᠤ︾ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ  ᠨᠢ ᠨᠡᠶᠢᠰᠯᠡᠯ ᠳᠤ ᠠᠯᠳᠠᠷᠰᠢᠭᠰᠠᠨ ᠢᠶᠠᠷ ᠪᠠᠷᠠᠬᠤ ᠦᠭᠡᠢ᠂ ᠪᠠᠰᠠ ᠶᠡᠭᠡ ᠮᠥᠷᠡᠨ ᠤ ᠡᠮᠦᠨ᠎ᠡ ᠤᠮᠠᠷ᠎ᠠ ᠳᠤ ᠪᠣᠷᠤᠯᠠᠭᠤᠯᠭ᠎ᠠ ᠰᠠᠶᠢᠲᠠᠢ ᠪᠠᠶᠢᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠤᠯᠲᠠ ᠶᠢᠨ ᠬᠡᠮᠵᠢᠶ᠎ᠡ ᠵᠢᠯ ᠳᠠᠷᠠᠭᠠᠯᠠᠨ ᠳᠡᠭᠡᠭᠰᠢᠯᠡᠵᠦ᠂ 2023 ᠣᠨ ᠳᠤ 208 ᠳ᠋ᠦᠩᠰᠢᠭᠤᠷ ᠲᠥᠭᠦᠷᠢᠭ ᠲᠤ ᠬᠦᠷᠴᠦ᠂ ᠡᠨᠡ ᠵᠢᠯ ᠣᠲᠣ ᠪᠣᠯᠲᠠᠯ᠎ᠠ ᠨᠢᠭᠡᠨᠲᠡ 258 ᠳ᠋ᠦᠩᠰᠢᠭᠤᠷ ᠲᠥᠭᠦᠷᠢᠭ ᠲᠤ ᠬᠦᠷᠴᠦ᠂ ᠲᠡᠦᠬᠡ ᠶᠢᠨ ᠰᠢᠨ᠎ᠡ ᠲᠡᠮᠳᠡᠭᠯᠡᠯ ᠢ ᠳᠠᠬᠢᠨᠲᠠ ᠡᠭᠦᠳᠪᠡ᠃ ︽ᠪᠣᠬᠢᠷᠳᠣᠯ ᠦᠭᠡᠢ ᠪᠦᠲᠦᠭᠡᠭᠳᠡᠭᠦᠨ ᠪᠤᠭᠤᠮᠲᠠ ᠠᠴᠠ ᠭᠠᠷᠬᠤ︾ ᠠᠯᠲᠠᠨ ᠦᠰᠦᠭᠲᠦ ᠫᠠᠶᠢᠰᠠ ᠤᠯᠠᠮ ᠠᠴᠠ ᠤᠯᠠᠮ ᠭᠡᠷᠡᠯᠳᠦᠵᠦ᠂ ᠤᠯᠠᠮ ᠠᠴᠠ ᠤᠯᠠᠮ ᠳᠠᠭᠤᠷᠢᠰᠴᠤ ᠪᠠᠶᠢᠨ᠎ᠠ︕
5.png
6.jpg
7.jpg
8.jpg
9.jpg
10.jpg
      ᠲᠣᠰ ᠤᠳᠠᠭ᠎ᠠ ᠶᠢᠨ ᠰᠢᠷᠢᠰ ᠠᠵᠢᠯᠯᠠᠭ᠎ᠠ ᠡᠬᠢᠯᠡᠬᠦ ᠠᠴᠠ ᠡᠮᠦᠨ᠎ᠡ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠦᠷ᠎ᠡ ᠪᠦᠲᠦᠭᠡᠯ ᠤᠨ ᠦᠵᠡᠭᠦᠯᠭᠡ ᠬᠢᠵᠦ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠡᠬᠢ ᠪᠠᠶᠠᠯᠢᠭ ᠤᠨ ᠳᠠᠪᠠᠭᠤᠯᠢᠭ᠂ ᠬᠥᠭᠵᠢᠯᠲᠡ ᠶᠢᠨ ᠦᠷ᠎ᠡ ᠪᠦᠲᠦᠮᠵᠢ ᠪᠠ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠦᠷ᠎ᠡ ᠪᠦᠲᠦᠭᠡᠯ ᠢ ᠭᠦᠢᠴᠡᠳ ᠳᠡᠯᠭᠡᠨ ᠦᠵᠡᠭᠦᠯᠵᠡᠢ᠃ ᠡᠬᠢᠯᠡᠯᠲᠡ ᠶᠢᠨ ᠶᠣᠰᠣᠯᠠᠯ ᠳᠡᠭᠡᠷ᠎ᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠳᠡᠨᠢ ᠰᠢᠰᠢ᠂ ᠰᠢᠷ᠎ᠠ ᠪᠤᠷᠴᠠᠭ᠂ ᠲᠥᠮᠥᠰᠥ᠂ ᠠᠯᠠᠰᠢᠨ ᠬᠤᠨᠢ᠂ ᠰᠦ ᠶᠢᠨ ᠦᠢᠯᠡᠰ᠂ ᠠᠯᠠᠰᠢᠨ ᠦᠬᠡᠷ᠂ ᠢᠮᠠᠭᠠᠨ ᠨᠤᠤᠯᠤᠭᠤᠷ ᠵᠡᠷᠭᠡ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠵᠤ ᠲᠠᠨᠢᠯᠴᠠᠭᠤᠯᠬᠤ ᠪᠠ ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠡ ᠴᠠᠷᠠᠭᠠᠨ ᠳᠠᠬᠢ ᠴᠢᠬᠤᠯᠠ ᠶᠡᠭᠡ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠨᠡᠶᠢᠲᠡᠯᠡᠵᠤ᠂ ᠲᠠᠷᠢᠶᠠᠯᠠᠩ ᠮᠠᠯ ᠠᠵᠤ ᠠᠬᠤᠢ ᠶᠢᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠨᠡᠶᠢᠲᠡᠯᠡᠭᠰᠡᠨ ᠳᠤ ᠲᠠᠷᠢᠶᠠᠯᠠᠩ ᠤᠨ ᠭᠤᠣᠯ ᠳᠡᠯᠭᠡᠷᠡᠭᠦᠯᠬᠦ ᠮᠡᠷᠭᠡᠵᠢᠯ᠂ ᠰᠢᠯᠢᠳᠡᠭ ᠲᠠᠷᠢᠮᠠᠯ ᠤᠨ ᠡᠭᠦᠯᠳᠡᠷ᠂ ᠰᠢᠯᠢᠳᠡᠭ ᠮᠠᠯ ᠤᠨ ᠡᠭᠦᠯᠳᠡᠷ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ᠂ ᠳᠠᠪᠠᠭᠤᠯᠢᠭ ᠣᠨᠴᠠᠯᠢᠭᠲᠤ ᠲᠠᠷᠢᠶᠠᠯᠠᠩ ᠤᠨ ᠮᠠᠰᠢᠨ ᠵᠡᠷᠭᠡ ᠲᠠᠪᠤᠨ ᠶᠡᠭᠡ ᠲᠦᠷᠦᠯ 50 ᠵᠦᠢᠯ ᠢ ᠪᠠᠭᠲᠠᠭᠠᠵᠤ᠂ ᠣᠷᠣᠨ ᠤ ᠳᠣᠲᠤᠷ᠎ᠠ ᠭᠠᠳᠠᠨ᠎ᠠ ᠨᠡᠷ᠎ᠡ ᠠᠯᠳᠠᠷᠰᠢᠭᠰᠠᠨ ᠦᠵᠦᠮᠦᠴᠢᠨ ᠬᠤᠨᠢ᠂ ᠬᠤᠸᠠ ᠰᠢ ᠦᠬᠡᠷ᠂ ᠮᠧᠩ ᠳ᠋ᠧᠦ 1137᠂ ᠪᠠ ᠮᠠᠢ 13 ᠵᠡᠷᠭᠡ ᠰᠠᠶᠢᠨ ᠡᠭᠦᠯᠳᠡᠷ ᠪᠠᠶᠢᠬᠤ ᠪᠠᠷ ᠪᠠᠷᠠᠬᠤ ᠦᠭᠡᠢ᠂ ᠪᠠᠰᠠ ᠪᠢᠳᠡᠨ ᠤ ᠦᠪᠡᠰᠦᠪᠡᠨ ᠰᠢᠨ᠎ᠡ ᠡᠭᠦᠳᠦᠭᠰᠡᠨ ᠰᠢᠯᠵᠢᠮᠡᠯ ᠬᠡᠯᠪᠡᠷᠢ ᠶᠢᠨ ᠬᠠᠲᠤᠨ ᠭᠤᠣᠯ ᠤᠨ ᠤᠰᠤ ᠶᠢ ᠲᠠᠲᠠᠵᠤ ᠳᠤᠰᠤᠯᠭᠠᠨ ᠤᠰᠤᠯᠠᠬᠤ ᠤᠰᠤ ᠪᠣᠷᠳᠣᠭᠤᠷ ᠢ ᠨᠢᠭᠡ ᠴᠣᠭᠴᠠᠵᠢᠭᠤᠯᠤᠭᠰᠠᠨ ᠲᠥᠬᠦᠭᠡᠷᠦᠮᠵᠢ᠂ ᠨᠡᠭᠦᠳᠡᠯ ᠬᠡᠯᠪᠡᠷᠢ ᠶᠢᠨ ᠡᠯᠡᠰᠦᠨ ᠬᠠᠯᠬᠠᠪᠴᠢ ᠳᠡᠪᠢᠰᠬᠦ ᠲᠥᠬᠦᠭᠡᠷᠦᠮᠵᠢ ᠵᠡᠷᠭᠡ ᠲᠡᠷᠢᠭᠦᠨ ᠤ ᠲᠠᠷᠢᠶᠠᠯᠠᠩ ᠤᠨ ᠮᠠᠰᠢᠨ ᠤ ᠲᠣᠨᠣᠭᠯᠠᠯ ᠪᠠᠶᠢᠨ᠎ᠠ᠂ ᠨᠡᠩ ᠴᠤ ᠬᠤᠨᠢᠨ ᠠᠷᠠᠰᠤᠨ ᠤ ᠴᠠᠪᠠᠤᠯᠢᠭ ᠤᠭᠤᠷᠠᠭᠲᠤ ᠶᠢ ᠢᠳᠡᠭᠡᠨᠵᠢᠭᠦᠯᠬᠦ᠂ ᠬᠤᠨᠢᠨ ᠰᠡᠭᠦᠯ ᠤᠨ ᠲᠣᠰᠣ ᠶᠢ ᠶᠡᠷᠦᠩᠬᠡᠶᠢᠯᠡᠨ ᠠᠰᠢᠭᠯᠠᠬᠤ ᠵᠡᠷᠭᠡ ᠨᠠᠷᠢᠯᠢᠭ ᠭᠦᠨ ᠪᠣᠯᠪᠠᠰᠤᠷᠠᠭᠤᠯᠬᠤ ᠮᠡᠷᠭᠡᠵᠢᠯ ᠪᠠᠶᠢᠨ᠎ᠠ᠂ ᠡᠳᠡᠭᠡᠷ ᠰᠢᠨ᠎ᠡ ᠴᠢᠨᠠᠷ ᠰᠢᠨ᠎ᠡ ᠭᠠᠷᠤᠯᠲᠠ ᠶᠢᠨ ᠬᠦᠴᠦᠨ ᠤ ᠬᠡᠷᠡᠭᠯᠡᠯᠲᠡ ᠨᠢ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠪᠠ ᠬᠥᠳᠡᠯᠭᠡᠬᠦ ᠬᠦᠴᠦᠨ ᠢ ᠨᠡᠮᠡᠷᠢᠯᠡᠭᠰᠡᠨ ᠪᠠᠶᠢᠨ᠎ᠠ᠃
11.jpg
12.jpg
      ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ ᠪᠠᠰᠠ ᠥᠪᠥᠷ ᠮᠣᠩᠭᠤᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠡᠵᠡᠩᠨᠡᠨ ᠪᠣᠷᠣᠯᠠᠭᠤᠯᠬᠤ ᠲᠥᠪ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠯᠴᠢᠨ ᠳᠤ ᠫᠠᠶᠢᠰᠠ ᠣᠯᠭᠤᠵᠠᠢ᠃ ᠳ᠋ᠠ ᠪᠧᠢ ᠨᠦᠩ᠂ ᠵᠢᠩ ᠳ᠋ᠦᠩ᠂ ᠦ᠋ ᠮᠧᠶ ᠵᠡᠷᠭᠡ ᠪᠡᠭᠡᠵᠢᠩ᠂ ᠲᠢᠶᠠᠨᠵᠢᠨ᠂ ᠵᠧᠵᠢᠶᠠᠩ᠂ ᠱᠠᠩᠬᠠᠢ᠂ ᠦᠪᠦᠷ ᠮᠣᠩᠭᠤᠯ ᠵᠡᠷᠭᠡ ᠭᠠᠵᠠᠷ ᠤᠨ ᠲᠣᠮᠣ ᠬᠡᠯᠪᠡᠷᠢ ᠶᠢᠨ ᠬᠤᠳᠠᠯᠳᠤᠨ ᠠᠪᠬᠤ ᠠᠵᠤ ᠠᠬᠤᠶᠢᠯᠠᠯ ᠲᠤᠬᠠᠢ ᠶᠢᠨ ᠲᠠᠯᠠᠪᠤᠷ ᠲᠤ ᠥᠪᠥᠷ ᠮᠣᠩᠭᠤᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠬᠤᠳᠠᠯᠳᠤᠨ ᠠᠪᠬᠤ ᠬᠡᠯᠡᠯᠴᠡᠭᠡᠷ ᠲᠣᠭᠲᠠᠭᠰᠠᠨ ᠲᠤᠭ᠎ᠠ 118 ᠳ᠋ᠦᠩᠰᠢᠭᠤᠷ ᠭᠠᠷᠤᠢ ᠲᠥᠭᠦᠷᠢᠭ ᠲᠤ ᠬᠦᠷᠴᠡᠢ᠃ ᠡᠬᠢᠯᠡᠯᠲᠡ ᠶᠢᠨ ᠶᠣᠰᠣᠯᠠᠯ ᠳᠡᠭᠡᠷ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠢᠷᠡᠭᠰᠡᠨ 4 ᠬᠥᠳᠡᠭᠡ ᠲᠣᠰᠬᠤᠨ ᠤ ᠤᠷᠠᠴᠤᠳ ᠪᠠᠰᠠ ᠠᠷᠠᠰᠤᠨ ᠵᠢᠷᠤᠭ᠂ ᠮᠣᠩᠭᠤᠯ ᠭᠡᠷ᠂ ᠮᠣᠷᠢᠨ ᠬᠤᠭᠤᠷ᠂ ᠦᠳᠦᠨ ᠵᠢᠷᠤᠭ ᠤᠨ ᠤᠷ᠎ᠠ ᠮᠡᠷᠭᠡᠵᠢᠯ ᠤᠨ ᠦᠵᠡᠭᠦᠯᠭᠡ ᠬᠢᠵᠡᠢ᠃ ᠡᠭᠦᠨ ᠤ ᠬᠠᠮᠲᠤ᠂ ᠥᠪᠥᠷ ᠮᠣᠩᠭᠤᠯ ᠠᠴᠠ ᠢᠷᠡᠭᠰᠡᠨ ᠤᠯᠠᠭᠠᠨᠮᠥ᠋ᠴᠢᠷ ᠪᠠᠰᠠ ᠬᠠᠩᠵᠧᠦ ᠶᠢᠨ ᠠᠷᠠᠳ ᠲᠤ ᠥᠪᠥᠷ ᠮᠣᠩᠭᠤᠯ ᠤᠨ ᠣᠨᠴᠠᠯᠢᠭ ᠲᠠᠢ ᠭᠤᠶᠢᠳᠠ ᠰᠠᠶᠢᠬᠠᠨ ᠲᠣᠭᠯᠠᠯᠲᠠ ᠶᠢ ᠠᠪᠴᠢᠷᠠᠵᠤ᠂ ᠲᠠᠯ᠎ᠠ ᠨᠤᠲᠤᠭ ᠤᠨ ᠬᠠᠯᠠᠭᠤᠨ ᠰᠡᠳᠬᠢᠯᠭᠡ ᠪᠠ ᠣᠮᠤᠭ ᠪᠠᠭ᠋ᠠᠳᠤᠯ ᠢ ᠢᠯᠡᠷᠡᠭᠦᠯᠵᠡᠢ︕
13.jpg
14.jpg
      ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠥᠪᠥᠷ ᠮᠣᠩᠭᠤᠯ ᠤᠨ 12 ᠠᠶᠢᠮᠠᠭ ᠬᠤᠳᠠ ᠶᠢᠨ 360 ᠭᠠᠷᠤᠢ ᠠᠵᠤ ᠠᠬᠤᠶᠢᠯᠠᠯ 2000 ᠭᠠᠷᠤᠢ ᠲᠦᠷᠦᠯ ᠤᠨ ᠦᠢᠯᠡᠳᠬᠦᠨ ᠢᠶᠠᠨ ᠠᠪᠴᠤ ᠦᠵᠡᠰᠬᠦᠯᠡᠩ ᠳᠤ ᠣᠷᠣᠯᠴᠠᠪᠠ᠃ ᠡᠬᠢᠯᠡᠯᠲᠡ ᠶᠢᠨ ᠶᠣᠰᠣᠯᠠᠯ ᠤᠨ ᠳᠠᠷᠠᠭ᠎ᠠ᠂ ᠡᠯ᠎ᠡ ᠠᠶᠢᠮᠠᠭ ᠬᠤᠲᠠ ᠶᠢᠨ ᠬᠢᠨ ᠪᠠᠰᠠ ᠭᠤᠣᠯ ᠰᠡᠳᠦᠪᠲᠦ ᠡᠳᠦᠷ ᠤᠨ ᠠᠵᠢᠯᠯᠠᠭ᠎ᠠ ᠥᠷᠨᠢᠭᠦᠯᠵᠦ᠂ ᠣᠨᠴᠠᠯᠢᠭᠲᠤ ᠪᠦᠲᠦᠭᠡᠭᠳᠡᠬᠦᠨ ᠢᠶᠠᠨ ᠲᠠᠨᠢᠯᠴᠠᠭᠤᠯᠬᠤ᠂ ᠵᠠᠬᠢᠶᠠᠯᠠᠭ᠎ᠠ ᠶᠢᠨ ᠬᠠᠭᠤᠳᠠᠰᠤ ᠶᠢ ᠲᠥᠪᠯᠡᠷᠡᠭᠦᠯᠦᠨ ᠴᠤᠭᠯᠠᠭᠤᠯᠵᠤ ᠭᠡᠷ᠎ᠡ ᠲᠣᠭᠲᠠᠬᠤ᠂ ᠰᠦᠯᠵᠢᠶ᠎ᠡ ᠪᠠᠷ ᠳᠡᠯᠭᠡᠨ ᠬᠤᠳᠠᠯᠳᠤᠬᠤ ᠰᠢᠭᠤᠳ ᠨᠡᠪᠲᠡᠷᠡᠭᠦᠯᠭᠡ ᠪᠠ ᠬᠠᠷᠢᠯᠴᠠᠨ ᠲᠣᠯᠢᠯᠠᠬᠤ ᠵᠡᠷᠭᠡ ᠭᠤᠭᠴᠤᠭ᠎ᠠ ᠪᠠᠷ ᠳᠠᠮᠵᠢᠭᠤᠯᠤᠨ᠂ ᠣᠯᠠᠨ ᠳᠠᠶᠠᠭᠠᠷ ᠲᠤ ︽ᠮᠢᠩᠭᠠᠨ ᠭᠠᠵᠠᠷ ᠤᠨ ᠲᠠᠯ᠎ᠠ ᠨᠤᠲᠤᠭ᠂ ᠲᠦᠮᠡᠨ ᠾᠧᠺᠲᠷ ᠮᠠᠯᠵᠢᠯ ᠤᠨ ᠲᠠᠯᠠᠪᠠᠶ᠂ ᠠᠮᠢ ᠠᠬᠤᠢ ᠶᠢᠨ ᠥᠪᠥᠷ ᠮᠣᠩᠭᠤᠯ᠂ ᠪᠣᠬᠢᠷᠲᠤᠯ ᠦᠭᠡᠢ ᠰᠠᠶᠢᠬᠠᠨ ᠦᠨᠦᠷ ᠠᠮᠲᠠ︾ ᠶᠢ ᠰᠣᠨᠢᠷᠬᠠᠭᠤᠯᠤᠭᠰᠠᠨ ᠪᠠᠶᠢᠨ᠎ᠠ︕
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号