2024 ᠣᠨ ᠤ ︽ᠪᠣᠬᠢᠷᠳᠤᠯ ᠦᠭᠡᠢ ᠪᠦᠲᠦᠭᠡᠭᠳᠡᠭᠦᠨ ᠢ ᠪᠤᠭᠤᠮᠲᠠ ᠠᠴᠠ ᠭᠠᠷᠭᠠᠭᠰᠠᠨ ᠨᠢ  ᠬᠠᠩᠵᠧᠦ ᠳᠠᠬᠢ ᠪᠣᠯᠵᠤᠭ᠎ᠠ︾ ᠰᠢᠷᠢᠰ ᠠᠵᠢᠯᠯᠠᠭ᠎ᠠ ᠲᠡᠭᠦᠰᠪᠡ
ᠨᠡᠶᠢᠲᠡᠯᠡᠭᠰᠡᠨ ᠴᠠᠭ᠄
2024/10/28
      10 ᠰᠠᠷ᠎ᠠ ᠶᠢᠨ 28 ᠤ ᠡᠳᠦᠷ ᠤᠨ ᠦᠳᠡ ᠶᠢᠨ ᠬᠤᠶᠢᠨ᠎ᠠ᠂ 3 ᠡᠳᠦᠷ ᠤᠨ ᠬᠤᠭᠤᠴᠠᠭ᠎ᠠ ᠲᠠᠢ ︽ᠪᠣᠬᠢᠷᠳᠤᠯ ᠦᠭᠡᠢ ᠪᠦᠲᠦᠭᠡᠭᠳᠡᠭᠦᠨ ᠢ ᠪᠤᠭᠤᠮᠲᠠ ᠠᠴᠠ ᠭᠠᠷᠭᠠᠭᠰᠠᠨ ᠨᠢ ᠬᠠᠩᠵᠧᠦ ᠳᠠᠬᠢ ᠪᠣᠯᠵᠤᠭ᠎ᠠ︾ ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨ᠎ᠡ ᠶᠢ ᠡᠭᠦᠳᠬᠦ ᠬᠥᠭᠵᠢᠯᠲᠡ ᠶᠢᠨ ᠶᠡᠭᠡ ᠬᠤᠷᠠᠯ᠂ ᠠᠷᠪᠠᠨ ᠨᠢᠭᠡᠳᠦᠭᠡᠷ ᠬᠤᠭᠤᠴᠠᠭᠠᠨ ᠤ ᠥᠪᠥᠷ ᠮᠣᠩᠭᠤᠯ ᠤᠨ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠵᠡᠰᠬᠦᠯᠡᠩ ᠤᠨ ᠴᠤᠭᠯᠠᠭᠠᠨ᠂ ᠳᠥᠷᠪᠡᠳᠦᠭᠡᠷ ᠬᠤᠭᠤᠴᠠᠭᠠᠨ ᠤ ᠪᠡᠭᠡᠵᠢᠩ ᠥᠪᠥᠷ ᠮᠣᠩᠭᠤᠯ ᠤᠨ ᠬᠡᠷᠡᠭᠯᠡᠭᠡᠨ ᠤ ᠬᠠᠪᠰᠤᠷᠤᠨ ᠲᠡᠳᠬᠦᠬᠦ ᠲᠥᠪᠯᠡᠷᠡᠭᠦᠯᠦᠨ ᠴᠤᠭᠯᠠᠭᠤᠯᠬᠤ ᠲᠠᠨᠢᠯᠴᠠᠭᠤᠯᠭ᠎ᠠ ᠶᠢᠨ ᠴᠤᠭᠯᠠᠭᠠᠨ ᠲᠡᠭᠦᠰ ᠠᠮᠵᠢᠯᠲᠠ ᠲᠠᠢ ᠲᠡᠭᠦᠰᠪᠡ᠃ 26 ᠤ ᠡᠳᠦᠷ ᠤᠨ ᠦᠳᠡ  ᠶᠢᠨ ᠡᠮᠦᠨᠡᠬᠢ ᠡᠬᠢᠯᠡᠯᠲᠡ ᠶᠢᠨ ᠶᠣᠰᠣᠯᠠᠯ ᠳᠡᠭᠡᠷ᠎ᠡ ᠣᠯᠠᠨ ᠠᠵᠤ ᠠᠬᠤᠶᠢᠯᠠᠯ ᠲᠤᠬᠠᠢ ᠶᠢᠨ ᠲᠠᠯᠠᠪᠠᠶ ᠳᠤ 118 ᠳ᠋ᠦᠩᠰᠢᠭᠤᠷ ᠭᠠᠷᠤᠢ ᠲᠥᠭᠦᠷᠢᠭ ᠤᠨ ᠬᠤᠳᠠᠯᠳᠤᠨ ᠠᠪᠬᠤ ᠬᠡᠯᠡᠯᠴᠡᠭᠡᠷ ᠲᠣᠭᠲᠠᠵᠠᠢ᠃ ᠡᠬᠢᠯᠡᠯᠲᠡ ᠶᠢᠨ ᠶᠣᠰᠣᠯᠠᠯ ᠤᠨ ᠳᠠᠷᠠᠭ᠎ᠠ᠂ ᠡᠯ᠎ᠡ ᠠᠶᠢᠮᠠᠭ ᠬᠤᠲᠠ ᠲᠣᠰ ᠲᠣᠰ ᠭᠤᠣᠯ ᠰᠡᠳᠦᠪᠲᠦ ᠡᠳᠦᠷᠯᠢᠭ ᠡᠷᠭᠢᠯᠡᠵᠦ᠂ ᠣᠨᠴᠠᠯᠢᠭᠲᠤ ᠪᠦᠲᠦᠭᠡᠭᠳᠡᠬᠦᠨ ᠢ ᠲᠠᠨᠢᠯᠴᠠᠭᠤᠯᠬᠤ᠂ ᠵᠠᠬᠢᠶᠠᠯᠠᠭ᠎ᠠ ᠶᠢᠨ ᠬᠠᠭᠤᠳᠠᠰᠤ ᠶᠢ ᠲᠥᠪᠯᠡᠷᠡᠭᠦᠯᠦᠨ ᠴᠤᠭᠯᠠᠭᠤᠯᠵᠤ ᠭᠡᠷ᠎ᠡ ᠲᠣᠭᠲᠠᠬᠤ᠂ ᠰᠦᠯᠵᠢᠶ᠎ᠡ ᠪᠠᠷ ᠳᠡᠯᠭᠡᠨ ᠬᠤᠳᠠᠯᠳᠤᠬᠤ ᠰᠢᠭᠤᠳ ᠨᠡᠪᠲᠡᠷᠡᠭᠦᠯᠭᠡ ᠪᠠ ᠬᠠᠷᠢᠯᠴᠠᠨ ᠲᠣᠯᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠤᠬᠠᠢ ᠶᠢᠨ ᠭᠠᠵᠠᠷ ᠤᠨ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠭᠦᠨᠵᠡᠭᠡᠢ ᠲᠠᠨᠢᠯᠴᠠᠭᠤᠯᠵᠤ᠂ ᠲᠠᠨᠢᠯᠴᠠᠭᠤᠯᠭ᠎ᠠ ᠶᠢᠨ ᠬᠤᠷᠠᠯ ᠤᠨ ᠬᠤᠭᠤᠴᠠᠭᠠᠨ ᠳᠤ ᠭᠡᠷ᠎ᠡ ᠲᠣᠭᠲᠠᠭᠰᠠᠨ ᠵᠠᠬᠢᠶᠠᠯᠠᠭ᠎ᠠ ᠶᠢᠨ ᠬᠠᠭᠤᠳᠠᠰᠤ 145 ᠳ᠋ᠦᠩᠰᠢᠭᠤᠷ ᠲᠥᠭᠦᠷᠢᠭ ᠢ ᠳᠠᠪᠠᠵᠠᠢ᠃ 
1.png
 
2.png
       ᠣᠶᠢᠯᠠᠭᠠᠭᠰᠠᠨ ᠢᠶᠠᠷ᠂ ᠲᠠᠨᠢᠯᠴᠠᠭᠤᠯᠭ᠎ᠠ ᠶᠢᠨ ᠬᠤᠷᠠᠯ ᠤᠨ ᠬᠤᠭᠤᠴᠠᠭᠠᠨ ᠳᠤ᠂ ᠥᠪᠥᠷ ᠮᠣᠩᠭᠤᠯ ᠤᠨ 12 ᠠᠶᠢᠮᠠᠭ ᠬᠤᠲᠠ ᠶᠢᠨ 360 ᠭᠠᠷᠤᠢ ᠠᠵᠤ ᠠᠬᠤᠶᠢᠯᠠᠯ 2000 ᠭᠠᠷᠤᠢ ᠵᠦᠢᠯ ᠤᠨ ᠦᠢᠯᠡᠳᠬᠦᠨ ᠢᠶᠠᠨ ᠠᠪᠴᠤ ᠴᠤᠭᠯᠠᠭᠠᠨ ᠳᠤ ᠣᠷᠣᠯᠴᠠᠵᠠᠢ᠃ 3 ᠡᠳᠦᠷ ᠤᠨ ᠲᠤᠷᠰᠢ᠂ ᠬᠠᠩᠵᠧᠦ ᠶᠢᠨ 2.1 ᠲᠦᠮᠡ ᠰᠢᠬᠠᠮ ᠬᠤᠲᠠ ᠶᠢᠨ ᠠᠷᠠᠳ ᠲᠤᠬᠠᠢ ᠶᠢᠨ ᠲᠠᠯᠠᠪᠤᠷ ᠲᠤ ᠬᠦᠷᠴᠦ᠂ ᠥᠪᠥᠷ ᠮᠣᠩᠭᠤᠯ ᠤᠨ ᠴᠢᠨᠠᠷ ᠰᠠᠶᠢᠲᠠᠢ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠠᠮᠲᠠᠯᠠᠨ ᠬᠤᠳᠠᠯᠳᠤᠨ ᠠᠪᠴᠤ᠂ ᠬᠥᠬᠡᠬᠤᠲᠠ ᠶᠢᠨ ᠴᠢᠨᠠᠷ ᠰᠠᠶᠢᠲᠠᠢ ᠴᠠᠭᠠᠨ ᠢᠳᠡᠭᠡᠨ᠂ ᠬᠤᠷᠴᠢᠨ ᠤ ᠠᠮᠢ ᠠᠬᠤᠢ ᠶᠢᠨ ᠦᠬᠡᠷ ᠤᠨ ᠮᠢᠬ᠎ᠠ᠂ ᠰᠢᠯᠢ ᠶᠢᠨ ᠭᠤᠣᠯ ᠠᠶᠢᠮᠠᠭ ᠤᠨ ᠲᠠᠯ᠎ᠠ ᠨᠤᠲᠤᠭ ᠤᠨ ᠬᠤᠨᠢᠨ ᠮᠢᠬ᠎ᠠ᠂ ᠬᠢᠩᠭᠠᠨ ᠠᠶᠢᠮᠠᠭ ᠤᠨ ᠲᠤᠲᠤᠷᠭ᠎ᠠ᠂ ᠤᠯᠠᠭᠠᠨᠬᠠᠳᠠ ᠶᠢᠨ ᠬᠤᠯᠢᠮᠠᠭ ᠠᠮᠤ᠂ ᠤᠯᠠᠭᠠᠨᠴᠠᠪ ᠤᠨ ᠨᠣᠬᠠᠢ ᠶᠢᠨ ᠬᠤᠰᠢᠭᠤ ᠵᠡᠷᠭᠡ ᠨᠢ ᠥᠷᠭᠡᠨ ᠣᠯᠠᠨ ᠬᠤᠲᠠ ᠶᠢᠨ ᠠᠷᠠᠳ ᠤᠨ ᠪᠠᠭ᠋ᠠᠷᠬᠠᠯ ᠢ ᠶᠡᠬᠡᠳᠡ ᠲᠠᠲᠠᠵᠠᠢ᠃ 
3.png
 
4.png
 
5.png
 
6.png
 
7.png
 
8.png
 
9.png
 
10.png
 
11.png
       ᠳᠠᠷᠠᠭᠠᠴᠢ ᠶᠢᠨ ᠠᠯᠬᠤᠮ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ  ᠨᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠲᠠᠷᠢᠶᠠᠯᠠᠩ ᠮᠠᠯ ᠠᠵᠤ ᠠᠬᠤᠢ ᠶᠢᠨ ᠳᠠᠪᠠᠭᠤᠯᠢᠭ ᠢᠶᠠᠨ ᠰᠠᠶᠢᠲᠤᠷ ᠪᠠᠳᠠᠷᠠᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠣᠷᠣᠨ ᠪᠦᠰᠡ ᠶᠢᠨ ᠪᠠᠶᠢᠷᠢᠰᠢᠯ ᠪᠠ ᠦᠢᠯᠡᠳᠪᠦᠷᠢᠯᠡᠯ ᠤᠨ ᠪᠦᠲᠦᠴᠡ ᠶᠢ ᠲᠣᠭᠲᠠᠭᠤᠨ ᠢᠶᠠᠷ ᠰᠢᠯᠢᠳᠡᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠲᠦᠯᠬᠢᠨ ᠠᠬᠢᠭᠤᠯᠵᠤ᠂ ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨᠵᠡᠭᠡᠢ ᠡᠳ᠋ᠰᠢᠭᠦᠯᠬᠦ ᠪᠠ ᠪᠣᠬᠢᠷᠲᠤᠯ ᠦᠭᠡᠢ ᠣᠷᠭᠠᠨᠢᠭ ᠨᠠᠷᠠᠲᠤ ᠲᠡᠮᠳᠡᠭᠲᠦ ᠶᠢ ᠪᠣᠶ ᠪᠣᠯᠭᠠᠬᠤ ᠶᠢ ᠰᠠᠶᠢᠲᠤᠷ ᠠᠳᠬᠤᠵᠤ᠂ ᠨᠢᠭᠡ ᠬᠤᠶᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ︽ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠯᠠᠪᠳᠠᠭᠤᠨ ᠢᠶᠠᠷ ᠠᠬᠢᠭᠤᠯᠵᠤ᠂ ︽ᠪᠣᠬᠢᠷᠲᠤᠯ ᠦᠭᠡᠢ ᠪᠦᠲᠦᠭᠡᠭᠳᠡᠬᠦᠨ ᠢ ᠪᠣᠭᠤᠮᠲᠠ  ᠠᠴᠠ ᠭᠠᠷᠭᠠᠬᠤ︾ ᠠᠯᠲᠠᠨ ᠦᠰᠦᠭᠲᠦ ᠫᠠᠶᠢᠰᠠ ᠶᠢ ᠦᠷᠭᠦᠯᠵᠢᠯᠡᠨ ᠭᠢᠯᠠᠯᠵᠠᠭᠤᠯᠵᠤ᠂ ᠥᠪᠥᠷ ᠮᠣᠩᠭᠤᠯ ᠤᠨ ᠨᠠᠩ ᠣᠯᠠᠨ ᠪᠣᠬᠢᠷᠲᠤᠯ ᠦᠭᠡᠢ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠡᠭᠡᠵᠢᠩ ᠳᠤ ᠣᠷᠣᠭᠤᠯᠵᠤ᠂ ᠪᠥᠬᠦ ᠤᠯᠤᠰ ᠲᠤ ᠬᠦᠷᠭᠡᠬᠦ ᠶᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ 
12.png
13.png
 
14.png
       ︽ᠪᠣᠬᠢᠷᠲᠤᠯ ᠦᠭᠡᠢ ᠪᠦᠲᠦᠭᠡᠭᠳᠡᠬᠦᠨ ᠢ ᠪᠣᠭᠤᠮᠲᠠ ᠠᠴᠠ ᠭᠠᠷᠭᠠᠬᠤ︾ ᠳᠠᠷᠠᠭ᠎ᠠ ᠤᠳᠠᠭ᠎ᠠ ᠶᠢᠨ ᠪᠣᠯᠵᠤᠭ᠎ᠠ  ᠳᠠᠭᠠᠨ ᠪᠢᠳᠠ ᠪᠠᠶᠠᠷᠳᠠᠢ ᠵᠤᠯᠭᠠᠶ᠎ᠠ︕ 
15.png
 
16.png
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号