ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠬᠢᠭᠡᠳ ᠳᠤᠮᠳᠠᠳᠤ ᠶᠢᠨ ᠵᠢᠷᠤᠭ ᠲᠥᠯᠥᠪᠯᠡᠭᠡ ᠶᠢᠨ ᠱᠠᠩᠨᠠᠯ ᠤᠨ ᠵᠣᠬᠢᠶᠠᠨ ᠪᠠᠶᠢᠭᠤᠯᠬᠤ ᠺᠣᠮᠢᠰ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠪᠠ
ᠨᠡᠶᠢᠲᠡᠯᠡᠭᠰᠡᠨ ᠴᠠᠭ᠄
2024/10/28
      10 ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠬᠢᠭᠡᠳ ᠳᠤᠮᠳᠠᠳᠤ ᠶᠢᠨ ᠵᠢᠷᠤᠭ ᠲᠥᠯᠥᠪᠯᠡᠭᠡ ᠶᠢᠨ ᠱᠠᠩᠨᠠᠯ ᠤᠨ ᠵᠣᠬᠢᠶᠠᠨ ᠪᠠᠶᠢᠭᠤᠯᠬᠤ ᠺᠣᠮᠢᠰ ᠬᠠᠩᠵᠧᠦ ᠳᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠥᠰᠥᠭ ᠵᠢᠷᠤᠬᠤ ᠶᠣᠰᠣᠯᠠᠯ ᠶᠠᠪᠤᠭᠤᠯᠪᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠬᠠᠢ ᠱᠠᠨ᠂ ᠳᠤᠮᠳᠠᠳᠤ ᠶᠢᠨ ᠵᠢᠷᠤᠭ ᠲᠥᠯᠥᠪᠯᠡᠭᠡ ᠶᠢᠨ ᠱᠠᠩᠨᠠᠯ ᠤᠨ ᠵᠣᠬᠢᠶᠠᠨ ᠪᠠᠶᠢᠭᠤᠯᠬᠤ ᠺᠣᠮᠢᠰ ᠤᠨ ᠨᠠᠷᠢᠨ ᠪᠢᠴᠢᠭ ᠤᠨ ᠳᠠᠷᠤᠭ᠎ᠠ ᠲᠦᠩ ᠶᠢᠨ ᠪᠥᠸᠧ ᠬᠤᠶᠠᠷ ᠲᠠᠯ᠎ᠠ ᠶᠢ ᠲᠥᠯᠥᠭᠡᠯᠡᠨ ᠵᠥᠪᠯᠡᠯᠴᠡᠭᠡᠷ ᠲᠣᠭᠲᠠᠪᠠ᠃ 
1.png
       ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠲᠦᠷᠭᠡᠨ ᠪᠠᠶᠢᠭᠤᠯᠵᠤ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠦᠲᠦᠮᠵᠢᠲᠡᠶ ᠠᠬᠢᠭᠤᠯᠵᠤ᠂ ᠥᠪᠥᠷ ᠮᠣᠩᠭᠤᠯ ᠤᠨ ᠦᠨᠳᠦᠰᠦᠲᠡᠨ ᠤ ᠰᠢᠯᠢᠳᠡᠭ ᠰᠣᠶᠣᠯ ᠢ ᠨᠡᠩ ᠰᠠᠶᠢᠲᠤᠷ ᠤᠯᠠᠮᠵᠢᠯᠠᠬᠤ ᠶᠢᠨ ᠲᠥᠯᠥᠭᠡ᠂ ᠳᠤᠮᠳᠠᠳᠤ ᠶᠢᠨ ᠵᠢᠷᠤᠭ ᠲᠥᠯᠥᠪᠯᠡᠭᠡ ᠶᠢᠨ ᠱᠠᠩᠨᠠᠯ ᠤᠨ ᠪᠣᠭᠤᠳᠠᠯ ᠪᠠᠭᠯᠠᠭ᠎ᠠ ᠶᠢᠨ ᠵᠢᠷᠤᠭ ᠲᠥᠯᠥᠪᠯᠡᠭᠡ ᠶᠢᠨ ᠬᠦᠷᠢᠶ᠎ᠡ ᠴᠠᠷᠠᠭᠠᠨ ᠳᠠᠬᠢ ᠬᠦᠴᠦᠷᠬᠡᠭ ᠶᠡᠭᠡ ᠨᠥᠯᠥᠭᠡᠯᠡᠬᠦ ᠬᠦᠴᠦᠨ ᠢ ᠠᠰᠢᠭᠯᠠᠵᠤ᠂ ᠬᠤᠶᠠᠷ ᠲᠠᠯ᠎ᠠ ᠪᠠᠷ ᠢᠶᠠᠨ ᠬᠠᠮᠲᠤ ᠪᠠᠷ ᠴᠢᠷᠮᠠᠶᠢᠵᠤ ᠪᠠᠶᠢᠭᠠᠳ ᠥᠪᠥᠷ ᠮᠣᠩᠭᠤᠯ ᠤᠨ ᠴᠢᠨᠠᠷ ᠰᠠᠶᠢᠲᠠᠢ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠲᠦ ᠲᠡᠮᠳᠡᠭᠲᠦ ᠶᠢᠨ ᠪᠣᠭᠤᠳᠠᠯ ᠪᠠᠭᠯᠠᠭ᠎ᠠ ᠶᠢ ᠵᠢᠷᠤᠵᠤ ᠲᠥᠯᠥᠪᠯᠡᠬᠦ ᠠᠵᠤ ᠦᠢᠯᠡᠰ ᠤᠨ ᠪᠦᠬᠦᠯᠢ ᠴᠣᠭᠴᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠣᠨᠴᠠᠯᠢᠭ ᠲᠠᠢ ᠨᠡᠩ ᠣᠯᠠᠨ ᠪᠣᠷᠤᠯᠠᠭᠤᠯᠭ᠎ᠠ ᠰᠠᠶᠢᠲᠠᠢ ᠦᠢᠯᠡᠳᠬᠦᠨ ᠢ ᠵᠢᠷᠤᠵᠤ ᠲᠥᠯᠥᠪᠯᠡᠨ᠂ ᠥᠪᠥᠷ ᠮᠣᠩᠭᠤᠯ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠭᠤᠳᠠᠯ ᠪᠠᠭᠯᠠᠭ᠎ᠠ ᠶᠢᠨ ᠵᠢᠷᠤᠭ ᠲᠥᠯᠥᠪᠯᠡᠭᠡ ᠶᠢ ᠤᠮᠠᠷᠠᠳᠤ ᠬᠢᠯᠢ ᠶᠢᠨ ᠰᠣᠶᠣᠯ ᠢ ᠠᠭᠤᠰᠬᠠᠭᠰᠠᠨ᠂ ᠰᠢᠨ᠎ᠡ ᠶᠢ ᠡᠭᠦᠳᠦᠭᠰᠡᠨ ᠵᠢᠷᠤᠭ ᠲᠥᠯᠥᠪᠯᠡᠭᠡ ᠪᠣᠯᠣᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠣᠶᠢᠯᠠᠭᠠᠭᠳᠠᠬᠤᠨ ᠤ ᠨᠡᠶᠢᠲᠡᠯᠢᠭ ᠵᠢᠱᠢᠶ᠎ᠡ ᠪᠣᠯᠭᠠᠵᠤ᠂ ︽ᠦᠪᠦᠷ ᠮᠣᠩᠭᠤᠯ︾ ᠥᠰᠥᠭ ᠤᠨ ᠲᠡᠮᠳᠡᠭ︱ᠲᠠᠯ᠎ᠠ ᠨᠤᠲᠤᠭ ᠤᠨ ᠰᠢᠯᠢᠳᠡᠭ ᠪᠦᠲᠦᠭᠡᠭᠳᠡᠬᠦᠨ ᠢ ᠦᠵᠡᠰᠬᠦᠯᠡᠩᠲᠦ ᠰᠠᠶᠢᠬᠠᠨ ᠨᠡᠷ᠎ᠡ ᠶᠢᠨ ᠬᠠᠭᠤᠳᠠᠰᠤ ᠪᠣᠯᠭᠠᠨ ᠪᠦᠲᠦᠭᠡᠨ ᠪᠠᠶᠢᠭᠤᠯᠵᠤ᠂ ᠥᠪᠥᠷ ᠮᠣᠩᠭᠤᠯ ᠤᠨ ᠴᠢᠨᠠᠷ ᠰᠠᠶᠢᠲᠠᠢ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ ᠶᠢᠨ ᠬᠡᠮᠵᠢᠶ᠎ᠡ ᠪᠠ ᠠᠵᠤ ᠦᠢᠯᠡᠰ ᠤᠨ ᠲᠠᠰ ᠳᠡᠪᠰᠢᠬᠦ ᠶᠢ ᠠᠬᠢᠭᠤᠯᠤᠨ᠂ ᠮᠢᠩᠭᠠᠨ ᠭᠠᠵᠠᠷ ᠤᠨ ᠲᠠᠯ᠎ᠠ ᠨᠤᠲᠤᠭ᠂ ᠲᠦᠮᠡᠨ ᠡᠾᠧᠺᠲᠷ ᠮᠠᠯᠵᠢᠯ ᠤᠨ ᠲᠠᠯᠠᠪᠠᠶ᠂ ᠠᠮᠢ ᠠᠬᠤᠢ ᠶᠢᠨ ᠥᠪᠥᠷ ᠮᠣᠩᠭᠤᠯ᠂ ᠪᠣᠬᠢᠷᠲᠤᠯ ᠦᠭᠡᠢ ᠰᠠᠶᠢᠬᠠᠨ ᠦᠨᠦᠷ ᠠᠮᠲᠠ ᠶᠢ ᠲᠦᠮᠡᠨ ᠭᠠᠵᠠᠷ ᠲᠤ ᠠᠩᠬᠢᠯᠤᠮ᠎ᠠ ᠦᠨᠦᠷ ᠬᠠᠩᠬᠤᠯᠤᠨ᠂ ᠲᠦᠮᠡᠨ ᠡᠷᠦᠬᠡ ᠳᠤ ᠬᠦᠷᠭᠡᠬᠦ ᠬᠡᠷᠡᠭᠲᠡᠢ ᠭᠡᠪᠡ᠃
2.png
      ᠳᠠᠷᠠᠭᠠᠴᠢ ᠶᠢᠨ ᠠᠯᠬᠤᠮ ᠳᠤ᠂ ᠬᠤᠶᠠᠷ ᠲᠠᠯ᠎ᠠ ᠪᠠᠷ ᠢᠶᠠᠨ ᠡᠷᠬᠡ ᠲᠡᠭᠰᠢ ᠬᠠᠷᠢᠯᠴᠠᠨ ᠠᠰᠢᠭᠲᠠᠢ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ ᠵᠠᠷᠴᠢᠮ ᠢᠶᠠᠷ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠲᠦ ᠲᠡᠮᠳᠡᠭᠲᠦ ᠶᠢᠨ ᠪᠣᠭᠤᠳᠠᠯ ᠪᠠᠭᠯᠠᠭ᠎ᠠ ᠶᠢ ᠵᠢᠷᠤᠵᠤ ᠲᠥᠯᠥᠪᠯᠡᠬᠦ᠂ ᠡᠵᠡᠩᠨᠡᠨ ᠪᠣᠷᠣᠯᠠᠭᠤᠯᠵᠤ ᠭᠠᠳᠠᠭᠰᠢ ᠭᠠᠷᠭᠠᠬᠤ ᠵᠡᠷᠭᠡ ᠲᠠᠯ᠎ᠠ ᠪᠠᠷ ᠭᠦᠨᠵᠡᠭᠡᠢ ᠬᠠᠮᠲᠤᠷᠠᠯᠴᠠᠭ᠎ᠠ ᠥᠷᠨᠢᠭᠦᠯᠵᠦ᠂ ᠥᠪᠥᠷ ᠮᠣᠩᠭᠤᠯ ᠤᠨ ᠴᠢᠨᠠᠷ ᠰᠠᠶᠢᠲᠠᠢ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠥᠷᠢᠰᠦᠯᠳᠦᠬᠦ ᠬᠦᠴᠦᠨ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠶᠢ ᠪᠦᠲᠦᠮᠵᠢᠲᠡᠢ ᠠᠬᠢᠭᠤᠯᠤᠨ᠎ᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号