ᠤᠳᠤᠭ ᠬᠤᠰᠢᠭᠤ ᠨᠠᠮᠤᠷ ᠤᠨ ᠤᠯᠠᠷᠢᠯ ᠤᠨ ᠮᠠᠯ ᠤᠨᠤᠭ᠎ᠠ ᠠᠮᠢᠳᠠᠨ ᠤ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠥᠷᠨᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2024/10/28
179.png
       ᠣᠶᠢᠷ᠎ᠠ ᠳᠤ᠂ ᠤᠳᠤᠭ ᠬᠤᠰᠢᠭᠤ ᠨᠠᠮᠤᠷ ᠤᠨ ᠤᠯᠠᠷᠢᠯ ᠤᠨ ᠮᠠᠯ ᠤᠨᠤᠭ᠎ᠠ ᠠᠮᠢᠳᠠᠨ ᠤ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠬᠦ ᠶᠢᠨ ᠲᠥᠯᠥᠭᠡ 180 ᠭᠠᠷᠤᠢ ᠬᠢᠵᠢᠭ ᠢ ᠰᠡᠷᠭᠡᠶᠢᠯᠡᠬᠦ ᠠᠵᠢᠯᠲᠠᠨ ᠢ ᠵᠣᠬᠢᠶᠠᠨ ᠪᠠᠶᠢᠭᠤᠯᠵᠤ᠂ 67 ᠪᠠᠭ᠎ᠠ ᠳᠤᠭᠤᠶᠢᠯᠠᠩ ᠬᠤᠪᠢᠶᠠᠨ᠂ ᠪᠦᠭᠦ ᠬᠤᠰᠢᠭᠤᠨ ᠤ 9761 ᠮᠠᠯᠴᠢᠨ ᠡᠷᠦᠭᠡ ᠳᠤ ᠭᠦᠨᠵᠡᠭᠡᠶᠢᠷᠡᠨ᠂ ᠮᠠᠯᠴᠢᠳ ᠤᠨ ᠮᠠᠯ ᠤᠨᠤᠭ᠎ᠠ ᠳᠤ ᠬᠢᠵᠢᠭ ᠢ ᠰᠡᠷᠭᠡᠶᠢᠯᠡᠬᠦ ᠲᠠᠷᠢᠯᠭ᠎ᠠ ᠳᠠᠷᠢᠵᠤ ᠥᠭᠴᠦ ᠪᠠᠶᠢᠨ᠎ᠠ᠃ ᠣᠶᠢᠯᠠᠭᠠᠭᠰᠠᠨ ᠢᠶᠠᠷ᠂ ᠳᠤᠰ ᠤᠳᠠᠭᠠᠨ ᠤ ᠬᠢᠵᠢᠭ ᠢ ᠰᠡᠷᠭᠡᠶᠢᠯᠡᠬᠦ ᠲᠠᠷᠢᠯᠭ᠎ᠠ ᠳᠠᠷᠢᠬᠤ ᠠᠵᠢᠯ ᠨᠢ 9 ᠰᠠᠷ᠎ᠠ ᠶᠢᠨ 5 ᠊᠊᠊᠊᠊ 10 ᠰᠠᠷ᠎ᠠ ᠶᠢᠨ 25 ᠤ ᠡᠳᠦᠷ ᠪᠤᠯᠳᠠᠯ᠎ᠠ ᠶᠠᠪᠤᠭᠳᠠᠵᠤ᠂ ᠣᠳᠣᠬᠠᠨ ᠪᠤᠯᠳᠠᠯ᠎ᠠ ᠪᠦᠭᠦ ᠬᠤᠰᠢᠭᠤᠨ ᠤ 110 ᠲᠦᠮᠡᠨ ᠲᠣᠯᠣᠭᠠᠢ ᠮᠠᠯ ᠤᠨᠤᠭ᠎ᠠ ᠳᠤ ᠬᠢᠵᠢᠭ ᠢ ᠰᠡᠷᠭᠡᠶᠢᠯᠡᠬᠦ ᠲᠠᠷᠢᠯᠭ᠎ᠠ ᠳᠠᠷᠢᠭᠰᠠᠨ ᠪᠠᠶᠢᠨ᠎ᠠ᠃ ᠵᠢᠷᠤᠭ ᠪᠣᠯ ᠬᠢᠵᠢᠭ  ᠢ ᠰᠡᠷᠭᠡᠶᠢᠯᠡᠬᠦ ᠠᠵᠢᠯᠲᠠᠨ ᠲᠠᠷᠢᠯᠭ᠎ᠠ ᠳᠠᠷᠢᠵᠤ ᠪᠠᠶᠢᠭ᠎ᠠ ᠨᠢ᠃    ᠳᠤᠰ ᠰᠣᠨᠢᠨ ᠤ ᠰᠤᠷᠪᠤᠯᠵᠢᠯᠠᠬᠴᠢ    ᠪᠤᠶ᠋ᠬᠠᠨᠡᠷᠢᠯ     ᠰᠡᠭᠦᠳᠡᠷᠯᠡᠪᠡ
 
ᠢᠷᠡᠯᠲᠡ᠄ ᠳᠤᠮᠳᠠᠲᠦ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号