ᠠᠯᠲᠠᠨ ᠨᠠᠮᠤᠷ ᠤᠨ ᠠᠷᠪᠠᠨ ᠰᠠᠷ᠎ᠠ ᠳᠤ᠂ ᠡᠯᠪᠡᠭ ᠬᠤᠷᠢᠶᠠᠯᠳᠠ ᠶᠢᠨ ᠬᠦᠰᠡᠯ ᠲᠡᠯᠡᠨ᠎ᠡ︕ 10 ᠰᠠᠷ᠎ᠠ ᠶᠢᠨ | 2 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ | ᠣᠷᠣᠨ ᠤ ᠲᠢᠩᠬᠢᠮ ᠢᠶᠠᠷ ᠳᠠᠭᠠᠭᠤᠯᠤᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ | ᠮᠡᠷᠭᠡᠵᠢᠯ ᠢ ᠳᠡᠯᠭᠡᠷᠡᠭᠦᠯᠬᠦ ᠲᠥᠪ ᠠᠴᠠ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠵᠤ᠂ ᠬᠢᠩᠭᠠᠨ ᠠᠶᠢᠮᠠᠭ ᠤᠨ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠢᠷ᠎ᠠ ᠪᠤᠷᠴᠠᠭ ᠤᠨ ᠴᠢᠨᠠᠷ ᠢ ᠳᠡᠭᠡᠭᠰᠢᠯᠡᠭᠦᠯᠵᠦ ᠠᠽᠣᠲ ᠢ | ᠲᠣᠭᠲᠠᠪᠤᠷᠢᠵᠢᠭᠤᠯᠵᠤ ᠤᠨᠠᠯᠲᠠ ᠶᠢ ᠪᠣᠬᠢᠷᠲᠤᠯ ᠦᠭᠡᠢ ᠪᠠᠷ ᠨᠡᠮᠡᠭᠳᠡᠭᠦᠯᠬᠦ ARC ᠡᠪᠦᠴᠡᠯᠳᠦᠯ ᠵᠠᠩᠭᠢᠯᠠᠭ᠎ᠠ ᠶᠢᠨ | ᠮᠡᠷᠭᠡᠵᠢᠯ ᠤᠨ ᠵᠢᠱᠢᠶ᠎ᠡ ᠦᠵᠡᠭᠦᠯᠬᠦ ᠣᠷᠣᠨ ᠳᠤ ᠪᠣᠳᠠᠲᠠᠢ ᠤᠨᠠᠯᠲᠠ ᠶᠢ ᠬᠡᠮᠵᠢᠬᠦ ᠠᠵᠢᠯ ᠬᠢᠵᠡᠢ᠃ ᠲᠠᠷᠢᠶᠠᠯᠠᠩ | ᠬᠥᠳᠡᠭᠡ ᠲᠣᠰᠬᠤᠨ ᠤ ᠶᠠᠮᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠤᠷᠭᠠᠨ ᠤ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠲᠥᠯᠦᠪᠵᠢᠭᠦᠯᠭᠡ ᠶᠢᠨ ᠭᠠᠵᠠᠷ ᠤᠨ ᠳᠡᠳ᠋ ᠳᠠᠷᠤᠭ᠎ᠠ ᠶᠠᠩ ᠴᠢᠨ᠂ ᠪᠥᠬᠦ ᠤᠯᠤᠰ ᠤᠨ | ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠦᠢᠯᠡᠴᠢᠯᠡᠭᠡᠨ ᠤ ᠲᠥᠪ ᠤᠨ ᠠᠵᠤ ᠠᠬᠤᠢ ᠶᠢᠨ ᠭᠠᠵᠠᠷ ᠤᠨ ᠳᠠᠷᠤᠭ᠎ᠠ | ᠲᠠᠩ ᠰᠥᠩ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠣᠰᠣᠯᠢᠭ | ᠲᠠᠷᠢᠮᠠᠯ ᠤᠨ ᠰᠤᠳᠤᠯᠭᠠᠨ ᠤ ᠭᠠᠵᠠᠷ ᠤᠨ ᠳᠡᠳ᠋ ᠳᠠᠷᠤᠭ᠎ᠠ ᠸᠠᠩ ᠰᠢᠨ ᠹᠠ᠂ ᠠᠺᠠᠳᠧᠮᠢᠴᠢ ᠯᠢ ᠫᠧᠢ ᠦ᠋᠂ ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ | ᠳᠡᠳ᠋ ᠳᠠᠷᠤᠭ᠎ᠠ ᠵᠣᠣ ᠢᠦᠢ ᠱᠧᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠭᠠᠵᠠᠷ ᠤᠨ ᠳᠠᠷᠤᠭ᠎ᠠ ᠭᠦᠸᠧ | ᠰᠢᠶᠣᠣ ᠯᠢᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠢ ᠳᠡᠯᠭᠡᠷᠡᠭᠦᠯᠬᠦ | ᠲᠥᠪ ᠤᠨ ᠳᠡᠳ᠋ ᠡᠷᠬᠢᠯᠡᠭᠴᠢ ᠵᠦ ᠢᠦᠢ ᠴᠧᠩ᠂ ᠳᠡᠭᠡᠳᠦ ᠵᠡᠷᠭᠡ ᠶᠢᠨ ᠲᠠᠷᠢᠶᠠᠯᠠᠩ ᠤᠨ ᠮᠡᠷᠭᠡᠵᠢᠯᠲᠡᠨ ᠭᠤᠸ ᠵᠢᠶᠧ | ᠤᠨᠠᠯᠲᠠ ᠶᠢ ᠬᠡᠮᠵᠢᠬᠦ ᠠᠵᠢᠯ ᠳᠤ ᠣᠷᠣᠯᠴᠠᠪᠠ᠃ | | | | | ᠤᠨᠠᠯᠲᠠ ᠶᠢ ᠬᠡᠮᠵᠢᠬᠦ ᠲᠠᠷᠢᠶᠠᠨ ᠭᠠᠵᠠᠷ ᠨᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠦᠢ | ᠯᠢᠦ ᠾᠧ ᠪᠠᠯᠭᠠᠰᠤᠨ ᠤ ᠶᠦᠩ ᠠᠨ ᠭᠠᠴᠠᠭ᠎ᠠ ᠳᠤ ᠪᠠᠶᠢᠷᠢᠯᠠᠵᠤ᠂ 6000 ᠮᠦ ᠵᠠᠯᠭᠠᠯᠳᠤᠭᠰᠠᠨ ᠲᠠᠷᠢᠶ᠎ᠠ ᠲᠠᠢ᠃ | ᠤᠨᠠᠯᠲᠠ ᠶᠢ ᠬᠡᠮᠵᠢᠬᠦ ᠲᠤᠰᠬᠠᠢ ᠮᠡᠷᠭᠡᠵᠢᠯᠲᠡᠨ ᠤ ᠳᠤᠭᠤᠶᠢᠯᠠᠩ ᠨᠢ ᠪᠦᠬᠦ ᠤᠯᠤᠰ ᠤᠨ ᠲᠠᠷᠢᠶᠠᠯᠠᠩ ᠤᠨ ᠮᠡᠷᠭᠡᠵᠢᠯ ᠢ | ᠳᠡᠯᠭᠡᠷᠡᠭᠦᠯᠬᠦ ᠦᠢᠯᠡᠴᠢᠯᠡᠭᠡᠨ ᠤ ᠲᠥᠪ᠂ ᠨᠠᠨᠵᠢᠩ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠬᠢᠷᠢᠨ ᠮᠤᠵᠢ ᠶᠢᠨ | ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠵᠡᠷᠭᠡ ᠤᠯᠠᠨ ᠨᠢᠭᠡᠴᠡ᠂ ᠰᠢᠨᠵᠢᠯᠡᠬᠦ ᠤᠬᠠᠭᠠᠨ ᠤ | ᠰᠤᠳᠤᠯᠭᠠᠨ ᠤ ᠳᠡᠭᠡᠳᠦ ᠰᠤᠷᠭᠠᠭᠤᠯᠢ ᠶᠢᠨ 9 ᠲᠤᠰᠬᠠᠢ ᠮᠡᠷᠭᠡᠵᠢᠯᠲᠡᠨ ᠢᠶᠠᠷ ᠪᠦᠷᠢᠯᠳᠦᠵᠦ᠂ ᠡᠭᠦᠨ ᠳᠤ 1 ᠨᠢ | ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠰᠢᠷ᠎ᠠ ᠪᠤᠷᠴᠠᠭ ᠤᠨ ᠲᠤᠰᠬᠠᠢ ᠮᠡᠷᠭᠡᠵᠢᠯᠲᠡᠨ ᠤ ᠵᠢᠯᠤᠭᠤᠳᠬᠤ | ᠳᠤᠭᠤᠶᠢᠯᠠᠩ ᠤᠨ ᠳᠡᠳ᠋ ᠳᠠᠷᠤᠭ᠎ᠠ᠂ 2 ᠨᠢ ᠤᠯᠤᠰ ᠤᠨ ᠰᠢᠷ᠎ᠠ ᠪᠤᠷᠴᠠᠭ ᠤᠨ ᠠᠵᠤ ᠦᠢᠯᠡᠰ ᠤᠨ ᠮᠡᠷᠭᠡᠵᠢᠯ ᠤᠨ | ᠰᠢᠰᠲ᠋ᠧᠮᠵᠢ ᠶᠢᠨ ᠠᠵᠢᠯ ᠤᠨ ᠪᠠᠶᠢᠷᠢ ᠶᠢᠨ ᠰᠢᠨᠵᠢᠯᠡᠬᠦ ᠤᠬᠠᠭᠠᠨᠲᠠᠨ᠂ 4 ᠨᠢ ᠤᠯᠤᠰ ᠤᠨ ᠰᠢᠷ᠎ᠠ ᠪᠤᠷᠴᠠᠭ ᠤᠨ ᠠᠵᠤ | ᠦᠢᠯᠡᠰ ᠤᠨ ᠮᠡᠷᠭᠡᠵᠢᠯ ᠤᠨ ᠰᠢᠰᠲ᠋ᠧᠮᠵᠢ ᠶᠢᠨ ᠲᠤᠷᠰᠢᠯᠲᠠ ᠶᠢᠨ ᠦᠷᠳᠡᠭᠡ ᠶᠢᠨ ᠳᠠᠷᠤᠭ᠎ᠠ ᠪᠣᠯᠣᠨ᠎ᠠ᠃ | | | | | ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠲᠤᠬᠠᠢ ᠶᠢᠨ ᠭᠠᠵᠠᠷ ᠲᠤᠨᠢ ᠬᠦᠷᠴᠦ ᠪᠠᠶᠢᠴᠠᠭᠠᠯᠲᠠ ᠬᠢᠬᠦ ᠪᠠᠷ | ᠳᠡᠮᠵᠢᠨ᠂ ᠲᠥᠯᠥᠭᠡᠯᠡᠬᠦ ᠴᠢᠨᠠᠷᠲᠠᠢ ARC ᠪᠠᠺᠲ᠋ᠧᠷᠢ ᠶᠢᠨ ᠨᠠᠶᠢᠷᠠᠯᠭ᠎ᠠ ᠶᠢ ᠰᠢᠢᠳᠪᠦᠷᠢᠯᠡᠬᠦ ᠲᠠᠷᠢᠶᠠᠨ ᠭᠠᠵᠠᠷ ᠪᠠ | ᠬᠠᠷᠢᠴᠠᠭᠤᠯᠤᠭᠰᠠᠨ ᠲᠠᠷᠢᠶᠠᠨ ᠭᠠᠵᠠᠷ ᠢ ᠲᠣᠰ ᠲᠣᠰ ᠰᠣᠩᠭᠤᠨ ᠠᠪᠴᠤ ᠮᠠᠰᠢᠨ ᠢᠶᠠᠷ ᠪᠣᠳᠠᠲᠠᠢ ᠬᠤᠷᠢᠶᠠᠵᠤ᠂ | ᠬᠡᠮᠵᠢᠯᠲᠡ ᠶᠢᠨ ᠲᠠᠯᠠᠪᠠᠶ᠂ ᠬᠦᠨᠳᠦ ᠶᠢ ᠬᠡᠮᠵᠢᠬᠦ᠂ ᠤᠰᠤ ᠶᠢ ᠬᠡᠮᠵᠢᠬᠦ ᠪᠠᠷ ᠳᠡᠮᠵᠢᠨ᠂ ᠪᠠᠷᠢᠮᠵᠢᠶᠠᠲᠤ ᠤᠰᠤᠨ ᠤ | 13% ᠪᠠᠷ ᠮᠦ ᠪᠦᠷᠢ ᠶᠢᠨ ᠤᠨᠠᠯᠲᠠ ᠪᠠᠷ ᠨᠤᠭᠤᠯᠤᠨ ᠪᠣᠳᠤᠪᠠ᠃ ᠡᠴᠦᠰ ᠲᠤ᠂ ARC ᠪᠠᠺᠲ᠋ᠧᠷᠢ ᠶᠢᠨ | ᠨᠠᠶᠢᠷᠠᠯᠭ᠎ᠠ ᠶᠢ ᠰᠢᠢᠳᠪᠦᠷᠢᠯᠡᠬᠦ ᠳᠤᠭᠤᠶᠢᠯᠠᠩ ᠤᠨ ᠬᠢᠨ 20.61 ᠮᠦ ᠪᠣᠳᠠᠲᠠᠢ ᠬᠤᠷᠢᠶᠠᠵᠤ᠂ ᠮᠦ ᠪᠦᠷᠢ ᠶᠢᠨ | ᠤᠨᠠᠯᠲᠠ ᠪᠠᠷ ᠨᠤᠭᠤᠯᠵᠤ ᠪᠤᠳᠤᠪᠠᠯ 229.63 ᠺᠢᠯᠣᠭ᠍ᠷᠠᠮ ᠪᠣᠯᠣᠨ᠎ᠠ︔ ᠬᠠᠷᠢᠴᠠᠭᠤᠯᠤᠭᠰᠠᠨ ᠳᠤᠭᠤᠶᠢᠯᠠᠩ ᠤᠨ ᠬᠢᠨ | 5.5 ᠮᠦ ᠪᠣᠳᠠᠲᠠᠢ ᠬᠤᠷᠢᠶᠠᠵᠤ᠂ ᠮᠦ ᠪᠦᠷᠢ ᠶᠢᠨ ᠤᠨᠠᠯᠲᠠ ᠪᠠᠷ ᠨᠤᠭᠤᠯᠵᠤ ᠪᠤᠳᠤᠪᠠᠯ 207.73 ᠺᠢᠯᠣᠭ᠍ᠷᠠᠮ | ᠪᠠᠶᠢᠵᠤ᠂ ARC ᠰᠢᠢᠳᠪᠦᠷᠢᠯᠡᠬᠦ ᠳᠤᠭᠤᠶᠢᠯᠠᠩ ᠨᠢ ᠬᠠᠷᠢᠴᠠᠭᠤᠯᠤᠭᠰᠠᠨ ᠳᠤᠭᠤᠶᠢᠯᠠᠩ ᠤᠨ ᠮᠦ ᠪᠦᠷᠢ ᠠᠴᠠ | ᠳᠤᠮᠳᠠᠴᠢ ᠪᠠᠷ 21.9 ᠺᠢᠯᠣᠭ᠍ᠷᠠᠮ ᠨᠡᠮᠡᠭᠳᠡᠵᠦ᠂ ᠨᠡᠮᠡᠭᠳᠡᠯ ᠤᠨ ᠬᠡᠮᠵᠢᠶ᠎ᠡ ᠨᠢ 10.54% ᠪᠠᠶᠢᠵᠤ᠂ ᠤᠨᠠᠯᠲᠠ | ᠨᠡᠮᠡᠭᠳᠡᠭᠰᠡᠨ ᠦᠷ᠎ᠡ ᠪᠦᠲᠦᠮᠵᠢ ᠢᠯᠡᠳᠲᠡ ᠪᠣᠯᠪᠠ᠃ | | | | | ᠰᠢᠷ᠎ᠠ ᠪᠤᠷᠴᠠᠭ ᠤᠨ ᠶᠠᠰᠤ ᠴᠢᠨᠠᠷ ᠢ ᠳᠡᠭᠡᠭᠰᠢᠯᠡᠭᠦᠯᠵᠦ ᠠᠽᠣᠲ ᠢ ᠲᠣᠭᠲᠠᠪᠤᠷᠢᠵᠢᠭᠤᠯᠵᠤ ᠤᠨᠠᠯᠲᠠ ᠶᠢ | ᠪᠣᠬᠢᠷᠲᠤᠯ ᠦᠭᠡᠢ ᠪᠠᠷ ᠨᠡᠮᠡᠭᠳᠡᠭᠦᠯᠬᠦ ARC ᠡᠪᠦᠴᠡᠯᠳᠦᠯ ᠤᠨ ᠮᠡᠷᠭᠡᠵᠢᠯ ᠪᠣᠯ ᠳᠤᠮᠳᠠᠳᠤ ᠤᠯᠤᠰ ᠤᠨ | ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠣᠰᠣᠯᠢᠭ ᠲᠠᠷᠢᠮᠠᠯ ᠤᠨ ᠰᠤᠳᠤᠯᠭᠠᠨ ᠤ ᠭᠠᠵᠠᠷ ᠤᠨ | ᠠᠺᠠᠳᠧᠮᠢᠴᠢ ᠶᠢᠨ ᠪᠦᠯᠬᠦᠮ ᠤᠨ ᠰᠤᠳᠤᠯᠤᠨ ᠨᠡᠭᠡᠭᠡᠭᠰᠡᠨ ᠨᠢᠭᠡ ᠵᠦᠢᠯ ᠤᠨ ᠠᠩᠬᠠᠨ ᠤ ᠡᠭᠦᠳᠦᠯᠲᠡ ᠶᠢᠨ ᠴᠢᠨᠠᠷᠲᠠᠢ | ᠮᠡᠷᠭᠡᠵᠢᠯ ᠪᠣᠯᠣᠨ᠎ᠠ᠂ 2024 ᠣᠨ ᠳᠤ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠷᠢᠶᠠᠯᠠᠩ ᠤᠨ ᠴᠢᠬᠤᠯᠠ | ᠶᠡᠭᠡ ᠬᠥᠲᠥᠯᠥᠨ ᠳᠠᠭᠠᠭᠤᠯᠬᠤ ᠴᠢᠨᠠᠷᠲᠠᠢ ᠮᠡᠷᠭᠡᠵᠢᠯ ᠢᠶᠠᠷ ᠰᠣᠩᠭᠤᠭᠳᠠᠵᠠᠢ᠃ ᠲᠣᠰ ᠮᠡᠷᠭᠡᠵᠢᠯ ᠨᠢ ᠯᠣᠬᠠᠱᠧᠩ ᠤᠨ | ᠰᠢᠷ᠎ᠠ ᠬᠥᠷᠥᠩᠭᠡ ᠶᠢᠨ ᠬᠥᠭᠡᠴᠦ ᠶᠢᠨ ᠬᠤᠣᠷᠲᠤ ᠡᠳ᠋ ᠢ ᠡᠬᠢ ᠡᠭᠦᠰᠦᠯ ᠠᠴᠠ ᠨᠢ ᠬᠤᠷᠢᠭᠯᠠᠬᠤ ᠶᠢᠨ ᠬᠠᠮᠲᠤ | ᠯᠣᠬᠠᠱᠧᠩ ᠤᠨ ᠬᠠᠪᠤᠳᠠᠷ ᠤᠨ ᠠᠽᠣᠲ ᠢ ᠲᠣᠭᠲᠠᠪᠤᠷᠢᠵᠢᠭᠤᠯᠬᠤ ᠶᠢ ᠠᠬᠢᠭᠤᠯᠤᠭᠰᠠᠨ ᠪᠠᠶᠢᠨ᠎ᠠ᠂ ᠰᠢᠷ᠎ᠠ ᠪᠤᠷᠴᠠᠭ | ᠪᠣᠯᠣᠨ ᠯᠣᠬᠠᠱᠧᠩ ᠨᠢ ᠴᠥᠮ ᠪᠤᠷᠴᠠᠭ ᠤᠨ ᠢᠵᠠᠭᠤᠷ ᠤᠨ ᠲᠠᠷᠢᠮᠠᠯ ᠳᠤ ᠬᠠᠷᠢᠶᠠᠯᠠᠭᠳᠠᠬᠤ ᠤᠴᠢᠷ ᠠᠴᠠ | ᠠᠺᠠᠳᠧᠮᠢᠴᠢ ᠶᠢᠨ ᠪᠦᠯᠬᠦᠮ ᠨᠢ ᠰᠢᠷ᠎ᠠ ᠪᠤᠷᠴᠠᠭ ᠤᠨ ᠦᠢᠯᠡᠳᠪᠦᠷᠢᠯᠡᠯ ᠤᠨ ᠲᠠᠯ᠎ᠠ ᠪᠠᠷ ᠬᠤᠯᠪᠣᠭᠳᠠᠯ ᠪᠦᠬᠦᠢ | ᠰᠤᠳᠤᠯᠭᠠᠨ ᠬᠢᠭᠰᠡᠨ ᠪᠠᠶᠢᠨ᠎ᠠ᠃ ᠰᠢᠷ᠎ᠠ ᠪᠤᠷᠴᠠᠭ ᠤᠨ ᠲᠠᠷᠢᠶᠠᠨ ᠳᠤ ARC ᠮᠢᠺᠷᠣᠪ ᠪᠠᠺᠲ᠋ᠧᠷᠢ ᠶᠢᠨ ᠡᠮ ᠢ | ᠬᠡᠷᠡᠭᠯᠡᠭᠰᠡᠨ ᠤ ᠳᠠᠷᠠᠭ᠎ᠠ ᠬᠠᠪᠤᠳᠠᠷ ᠤᠨ ᠲᠤᠭ᠎ᠠ ᠨᠢ ᠨᠡᠮᠡᠭᠳᠡᠵᠦ᠂ ᠬᠠᠪᠤᠳᠠᠷ ᠤᠨ ᠴᠠᠭ ᠨᠢ ᠤᠷᠲᠤᠳᠴᠤ᠂ ᠰᠢᠷ᠎ᠠ | ᠪᠤᠷᠴᠠᠭ ᠤᠨ ᠤᠨᠠᠯᠲᠠ ᠶᠢ ᠨᠡᠮᠡᠭᠳᠡᠭᠦᠯᠬᠦ ᠶᠢ ᠠᠬᠢᠭᠤᠯᠤᠭᠰᠠᠨ ᠢ ᠪᠣᠳᠠᠲᠤ ᠬᠡᠷᠡᠭ ᠭᠡᠷᠡᠴᠢᠯᠡᠵᠡᠢ᠃ | ᠲᠣᠰ ᠮᠡᠷᠭᠡᠵᠢᠯ ᠢ ᠥᠪᠥᠷ ᠮᠣᠩᠭᠤᠯ ᠤᠨ ᠰᠢᠷ᠎ᠠ ᠪᠤᠷᠴᠠᠭ ᠤᠨ ᠭᠤᠣᠯ ᠭᠠᠷᠤᠯᠲᠠ ᠶᠢᠨ ᠣᠷᠣᠨ ᠳᠤ | ᠲᠤᠷᠰᠢᠯᠲᠠ ᠬᠢᠵᠦ᠂ ᠵᠢᠱᠢᠶ᠎ᠡ ᠦᠵᠡᠭᠦᠯᠬᠦ ᠠᠵᠢᠯ ᠢ 2022 ᠣᠨ ᠠᠴᠠ ᠡᠬᠢᠯᠡᠨ ᠥᠷᠨᠢᠭᠦᠯᠵᠦ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠢ ᠳᠡᠯᠭᠡᠷᠡᠭᠦᠯᠬᠦ | ᠲᠥᠪ ᠤᠨ ᠠᠮᠤ ᠪᠤᠳᠠᠭ᠎ᠠ ᠲᠣᠰᠣᠨ ᠤ ᠲᠠᠷᠢᠮᠠᠯ ᠤᠨ ᠮᠡᠷᠭᠡᠵᠢᠯ ᠤᠨ ᠭᠠᠵᠠᠷ ᠠᠴᠠ ᠬᠠᠷᠢᠭᠤᠴᠠᠭᠰᠠᠨ ᠪᠠᠶᠢᠨ᠎ᠠ᠃ | ᠭᠤᠷᠪᠠᠨ ᠵᠢᠯ ᠤᠨ ᠲᠠᠷᠢᠶᠠᠨ ᠭᠠᠵᠠᠷ ᠤᠨ ᠪᠠᠶᠢᠴᠠᠭᠠᠯᠲᠠ ᠠᠴᠠ ᠦᠵᠡᠪᠡᠯ᠂ ARC ᠪᠠᠺᠲ᠋ᠧᠷᠢ ᠶᠢᠨ ᠡᠮ ᠢ | ᠬᠡᠷᠡᠭᠯᠡᠭᠰᠡᠨ ᠵᠢᠱᠢᠶ᠎ᠡ ᠦᠵᠡᠭᠦᠯᠬᠦ ᠲᠠᠷᠢᠶᠠᠨ ᠭᠠᠵᠠᠷ ᠤᠨ ᠰᠢᠷ᠎ᠠ ᠪᠤᠷᠴᠠᠭ ᠤᠨ ᠦᠨᠳᠦᠰᠦ ᠶᠢᠨ ᠰᠢᠰᠲ᠋ᠧᠮ ᠬᠥᠭᠵᠢᠵᠦ᠂ | ᠦᠨᠳᠦᠰᠦ ᠶᠢᠨ ᠦᠶ᠎ᠡ ᠶᠢᠨ ᠲᠤᠭ᠎ᠠ ᠨᠢ ᠨᠡᠮᠡᠭᠳᠡᠵᠦ᠂ ᠬᠤᠷᠢᠶᠠᠬᠤ ᠤᠯᠠᠷᠢᠯ ᠤᠨ ᠤᠷᠭᠤᠮᠠᠯ ᠤᠨ ᠨᠠᠪᠴᠢ ᠵᠤᠯᠭᠠᠷᠠᠬᠤ | ᠴᠠᠭ ᠨᠢ ᠬᠠᠷᠢᠴᠠᠭᠤᠯᠤᠭᠰᠠᠨ ᠲᠠᠷᠢᠶᠠᠨ ᠭᠠᠵᠠᠷ ᠠᠴᠠ 5 ᠡᠳᠦᠷ ᠣᠷᠴᠢᠮ ᠣᠷᠦ᠋ᠢᠲᠠᠵᠤ᠂ ᠬᠤᠷᠢᠶᠠᠬᠤ ᠦᠶ᠎ᠡ ᠳᠤ | ᠦᠨᠳᠦᠰᠦ ᠶᠢᠨ ᠰᠢᠰᠲ᠋ᠧᠮ ᠳᠡᠭᠡᠷ᠎ᠡ ᠮᠥᠨ ᠯᠡ ᠠᠮᠢᠳᠤ ᠦᠨᠳᠦᠰᠦ ᠶᠢᠨ ᠬᠠᠪᠤᠳᠠᠷ ᠤᠨ ᠲᠤᠭ᠎ᠠ ᠲᠠᠢ ᠪᠥᠭᠡᠳ | ᠤᠷᠭᠤᠮᠠᠯ ᠤᠨ ᠡᠰᠢ ᠨᠢ ᠪᠣᠯᠪᠠᠰᠤᠷᠠᠭᠰᠠᠨ ᠪᠠᠶᠢᠨ᠎ᠠ᠃ ᠰᠢᠷ᠎ᠠ ᠪᠤᠷᠴᠠᠭ ᠤᠨ ᠬᠤᠩᠭᠤᠷᠴᠤᠭ ᠤᠨ ᠲᠤᠭ᠎ᠠ᠂ | ᠬᠤᠩᠭᠤᠷᠴᠤᠭ ᠤᠨ ᠮᠥᠬᠦᠯᠢᠭ ᠤᠨ ᠲᠤᠭ᠎ᠠ᠂ ᠵᠠᠭᠤᠨ ᠮᠥᠬᠦᠯᠢᠭ ᠪᠦᠷᠢ ᠶᠢᠨ ᠬᠦᠨᠳᠦ ᠨᠢ ᠴᠥᠮ ᠨᠡᠮᠡᠭᠳᠡᠬᠦ | ᠬᠠᠨᠳᠤᠰᠢ ᠲᠠᠢ ᠪᠠᠶᠢᠵᠤ᠂ 10% ᠠᠴᠠ ᠳᠡᠭᠡᠭᠰᠢ ᠨᠡᠮᠡᠭᠳᠡᠭᠰᠡᠨ ᠪᠠᠶᠢᠨ᠎ᠠ᠃ | | | | | ᠡᠨᠡ ᠵᠢᠯ᠂ ᠰᠢᠷ᠎ᠠ ᠪᠤᠷᠴᠠᠭ ᠤᠨ ᠲᠠᠯᠠᠪᠠᠢ ᠨᠢᠭᠡᠴᠢ ᠶᠢᠨ ᠤᠨᠠᠯᠲᠠ ᠶᠢ ᠦᠨᠡᠨᠬᠦ ᠳᠡᠭᠡᠭᠰᠢᠯᠡᠭᠦᠯᠵᠦ᠂ ᠤᠨᠠᠯᠲᠠ ᠶᠢ | ᠨᠡᠮᠡᠭᠳᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠢᠨ ᠮᠡᠷᠭᠡᠵᠢᠯ ᠤᠨ | ᠲᠠᠯ᠎ᠠ ᠪᠠᠷ ︽ᠬᠠᠮ ᠠᠷᠭ᠎ᠠ ᠬᠡᠮᠵᠢᠶ᠎ᠡ︾ ᠠᠪᠴᠤ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ | ᠬᠦᠷᠢᠶᠡᠯᠡᠩ ᠤᠨ ᠲᠣᠰᠣᠯᠢᠭ ᠲᠠᠷᠢᠮᠠᠯ ᠤᠨ ᠰᠤᠳᠤᠯᠭᠠᠨ ᠤ ᠭᠠᠵᠠᠷ ᠤᠨ ᠠᠺᠠᠳᠧᠮᠢᠴᠢ ᠯᠢ ᠫᠧᠢ ᠦ᠋ ᠶᠢᠨ ᠪᠦᠯᠬᠦᠮ ᠤᠨ | ᠰᠤᠳᠤᠯᠤᠨ ᠦᠢᠯᠡᠳᠦᠭᠰᠡᠨ ᠰᠢᠷ᠎ᠠ ᠪᠤᠷᠴᠠᠭ ᠤᠨ ᠶᠠᠰᠤ ᠴᠢᠨᠠᠷ ᠢ ᠳᠡᠭᠡᠭᠰᠢᠯᠡᠭᠦᠯᠵᠦ ᠠᠽᠣᠲ ᠢ ᠲᠣᠭᠲᠠᠪᠤᠷᠢᠵᠢᠭᠤᠯᠵᠤ | ᠤᠨᠠᠯᠲᠠ ᠶᠢ ᠪᠣᠬᠢᠷᠲᠤᠯ ᠦᠭᠡᠢ ᠪᠠᠷ ᠨᠡᠮᠡᠭᠳᠡᠭᠦᠯᠬᠦ ARC ᠡᠪᠦᠴᠡᠯᠳᠦᠯ ᠤᠨ ᠮᠡᠷᠭᠡᠵᠢᠯ ᠢ ᠣᠷᠣᠭᠤᠯᠤᠨ | ᠠᠪᠴᠢᠷᠠᠵᠠᠢ᠃ ᠵᠢᠯ ᠤᠨ ᠡᠬᠢᠨ ᠳᠤ ᠠᠺᠠᠳᠧᠮᠢᠴᠢ ᠶᠢᠨ ᠪᠦᠯᠬᠦᠮ ᠲᠠᠢ ᠬᠠᠮᠲᠤᠷᠠᠯᠴᠠᠭᠠᠨ ᠤ ᠪᠦᠳᠦᠭᠦᠪᠴᠢ | ᠵᠥᠪᠯᠡᠯᠴᠡᠭᠡᠷ ᠲᠤ ᠭᠠᠷ ᠤᠨ ᠦᠰᠦᠭ ᠵᠢᠷᠤᠵᠤ᠂ ᠳᠡᠯᠭᠡᠷᠡᠭᠦᠯᠬᠦ ᠲᠠᠯᠠᠪᠠᠢ ᠶᠢ ᠠᠷᠪᠠ ᠭᠠᠷᠤᠢ ᠲᠦᠮᠡᠨ ᠮᠦ ᠬᠦᠷᠲᠡᠯ᠎ᠡ | ᠥᠷᠭᠡᠳᠬᠡᠵᠦ᠂ ᠮᠠᠨ ᠤ ᠣᠷᠣᠨ ᠤ ᠰᠢᠷ᠎ᠠ ᠪᠤᠷᠴᠠᠭ ᠤᠨ ︽ᠮᠡᠷᠭᠡᠵᠢᠯ ᠢ ᠳᠡᠯᠭᠡᠷᠡᠭᠦᠯᠬᠦ᠂ ᠤᠨᠠᠯᠲᠠ ᠶᠢ ᠨᠡᠮᠡᠭᠳᠡᠭᠦᠯᠬᠦ︾ ᠳᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠭᠦᠷ ᠤᠷᠭᠤᠭᠤᠯᠵᠠᠢ᠃ | | | | | ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠲᠣᠰ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ | ᠠᠵᠢᠯ ᠢ ᠦᠷᠭᠦᠯᠵᠢᠯᠡᠨ ᠰᠠᠶᠢᠲᠤᠷ ᠬᠢᠵᠦ᠂ ᠢᠯᠠᠩᠭᠤᠶ᠎ᠠ ᠰᠢᠷ᠎ᠠ ᠪᠤᠷᠴᠠᠭ ᠢ ᠳᠠᠬᠢᠨ ᠳᠠᠷᠢᠬᠤ ᠵᠡᠷᠭᠡ ᠠᠰᠠᠭᠤᠳᠠᠯ ᠢ | ᠠᠷᠭᠠᠴᠠᠭᠠᠬᠤ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠬᠤ ᠪᠠᠷ ᠴᠢᠷᠮᠠᠶᠢᠵᠤ᠂ ᠰᠢᠷ᠎ᠠ ᠪᠤᠷᠴᠠᠭ ᠤᠨ ᠤᠨᠠᠯᠲᠠ ᠶᠢᠨ | ᠴᠢᠳᠠᠪᠤᠷᠢ ᠶᠢ ᠳᠡᠭᠡᠭᠰᠢᠯᠡᠭᠦᠯᠬᠦ ᠳᠤ ᠥᠪᠥᠷ ᠮᠣᠩᠭᠤᠯ ᠤᠨ ᠲᠥᠰᠥᠯ ᠢ ᠬᠠᠩᠭᠠᠵᠤ᠂ ᠥᠪᠥᠷ ᠮᠣᠩᠭᠤᠯ ᠤᠨ ᠣᠶᠤᠨ | ᠤᠬᠠᠭᠠᠨ ᠢ ᠨᠡᠮᠡᠷᠢᠯᠡᠨ᠎ᠡ᠃ |