ᠪᠠᠭᠰᠢ ᠶᠢᠨ ᠡᠩᠨᠡᠭᠡ ᠶᠢ ᠪᠤᠵᠠᠭᠠᠶᠢᠷᠠᠭᠤᠯᠵᠤ ᠨᠤᠲᠤᠭ ᠤᠨ ᠴᠢᠳᠠᠪᠤᠷᠢᠲᠠᠨ ᠢᠶᠠᠨ ᠬᠥᠮᠦᠵᠢᠭᠦᠯᠦᠶ᠎ᠡ
ᠨᠡᠶᠢᠲᠡᠯᠡᠭᠰᠡᠨ ᠴᠠᠭ᠄
2024/10/30
      10 ᠰᠠᠷ᠎ᠠ ᠶᠢᠨ 21︱23 ᠤ ᠡᠳᠦᠷ᠂ ᠲᠥᠪ ᠤᠨ ᠲᠠᠷᠢᠶᠠᠯᠠᠩ ᠤᠨ ᠷᠠᠳᠢᠣ᠋ ᠲᠧᠯᠸᠢᠰ ᠤᠨ ᠰᠤᠷᠭᠠᠭᠤᠯᠢ ᠶᠢᠨ ᠡᠷᠭᠢᠯᠡᠭᠰᠡᠨ 2024 ᠣᠨ ᠤ ᠪᠥᠬᠦ ᠤᠯᠤᠰ ᠤᠨ ᠲᠠᠷᠢᠶᠠᠴᠢᠨ ᠤ ᠰᠤᠷᠭᠠᠨ ᠬᠥᠮᠦᠵᠢᠯ ᠤᠨ ᠪᠣᠯᠪᠠᠰᠤᠷᠠᠯ ᠤᠨ ᠪᠠᠭᠰᠢ ᠶᠢᠨ ᠬᠢᠴᠢᠶᠡᠯ ᠤᠷᠤᠬᠤ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠬᠤᠨᠠᠨ ᠮᠤᠵᠢ ᠶᠢᠨ ᠴᠧᠨᠵᠸᠤ ᠬᠤᠲᠠ ᠶᠢᠨ ᠱᠠ ᠵᠧᠦ ᠲᠣᠰᠬᠤᠨ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠷᠠᠳᠢᠣ᠋ ᠲᠧᠯᠸᠢᠰ ᠤᠨ ᠰᠤᠷᠭᠠᠭᠤᠯᠢ ᠠᠴᠠ ᠰᠣᠩᠭᠤᠨ ᠲᠣᠮᠢᠯᠠᠭᠰᠠᠨ ᠪᠤᠭᠤᠲᠤ ᠬᠤᠲᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠭᠠᠵᠠᠷ ᠤᠨ ᠮᠠᠯᠴᠢᠨ ᠲᠠᠷᠢᠶᠠᠴᠢᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠰᠤᠷᠭᠠᠨ ᠬᠥᠮᠦᠵᠢᠯ ᠤᠨ ᠪᠣᠯᠪᠠᠰᠤᠷᠠᠯ ᠤᠨ ᠲᠥᠪ ᠤᠨ ᠪᠠᠭᠰᠢ ᠳ᠋ᠦ᠋ ᠾᠦᠢ ᠯᠢᠶᠠᠨ ᠤᠷᠤᠯᠳᠤᠭᠠᠨ ᠤ ᠭᠤᠷᠪᠠᠳᠤᠭᠠᠷ ᠳᠡᠰ ᠤᠨ ᠱᠠᠩᠨᠠᠯ ᠢ ᠭᠥᠷᠳᠡᠪᠡ᠃
1.png
2.png
3.png
      ᠲᠤᠰ ᠬᠤᠭᠤᠴᠠᠭᠠᠨ ᠤ ᠤᠷᠤᠯᠳᠤᠭᠠᠨ 3 ᠰᠠᠷ᠎ᠠ ᠳᠤ ᠡᠬᠢᠯᠡᠭᠰᠡᠨ ᠠᠴᠠ ᠨᠠᠭᠠᠰᠢ᠂ ᠪᠦᠬᠦ ᠤᠯᠤᠰ ᠤᠨ 740 ᠲᠠᠷᠢᠶᠠᠴᠢᠨ ᠤ ᠰᠤᠷᠭᠠᠨ ᠬᠥᠮᠦᠵᠢᠯ ᠤᠨ ᠪᠣᠯᠪᠠᠰᠤᠷᠠᠯ ᠤᠨ ᠪᠠᠭᠰᠢ ᠤᠷᠤᠯᠳᠤᠭᠠᠨ ᠳᠤ ᠣᠷᠣᠯᠴᠠᠵᠤ᠂ ᠮᠤᠵᠢ ᠶᠢᠨ ᠲᠡᠰ ᠤᠨ ᠠᠩᠬᠠᠨ ᠤ ᠤᠷᠤᠯᠳᠤᠭᠠᠨ᠂ ᠶᠡᠭᠡ ᠣᠷᠣᠨ ᠤ ᠤᠷᠤᠯᠳᠤᠭᠠᠨ ᠪᠠ ᠲᠠᠬᠢᠨ ᠰᠡᠷᠭᠦᠭᠡᠬᠦ ᠤᠷᠤᠯᠳᠤᠭᠠᠨ ᠤ ᠳᠡᠰ ᠳᠠᠪᠬᠤᠷᠭ᠎ᠠ ᠶᠢᠨ ᠰᠢᠯᠭᠠᠷᠠᠭᠤᠯᠤᠯᠲᠠ ᠪᠠᠷ ᠳᠠᠮᠵᠢᠵᠤ᠂ 91 ᠣᠷᠣᠯᠴᠠᠭᠴᠢ ᠶᠡᠷᠦᠩᠬᠡᠢ ᠰᠢᠢᠳᠪᠦᠷᠢᠲᠦ ᠤᠷᠤᠯᠳᠤᠭᠠᠨ ᠳᠤ ᠣᠷᠣᠯᠴᠠᠵᠠᠢ᠃ ᠳ᠋ᠦ᠋ ᠾᠦᠢ ᠯᠢᠶᠠᠨ ᠪᠠᠭᠰᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠰ ᠳᠡᠪᠰᠢᠬᠦ ᠰᠢᠢᠳᠪᠦᠷᠢᠲᠦ ᠤᠷᠤᠯᠳᠤᠭᠠᠨ ᠤ ᠣᠷᠣᠯᠴᠠᠭᠴᠢ ᠪᠣᠯᠤᠭᠰᠠᠨ ᠤ ᠬᠤᠪᠢ ᠳᠤ᠂ ᠤᠷᠤᠯᠳᠤᠭᠠᠨ ᠳᠤ ᠣᠷᠣᠯᠴᠠᠬᠤ ᠪᠠᠷᠢᠮᠵᠢᠶ᠎ᠠ ᠶᠢ ᠴᠢᠩᠭ᠎ᠠ ᠵᠢᠷᠤᠮᠯᠠᠨ᠂ ᠪᠣᠷᠣ ᠮᠠᠲ᠋ᠧᠷᠢᠶᠠᠯ ᠰᠣᠩᠭᠤᠬᠤ᠂ ᠬᠢᠴᠢᠶᠡᠯ ᠰᠣᠩᠭᠤᠬᠤ᠂ ︽ᠭᠡᠷ᠎ᠡ ᠳᠤ ᠭᠠᠷ ᠤᠨ ᠦᠰᠦᠭ ᠵᠢᠷᠤᠵᠤ ᠡᠷᠬᠡ ᠡᠭᠦᠷᠭᠡ ᠪᠠᠨ ᠰᠠᠶᠢᠲᠤᠷ ᠰᠠᠬᠢᠶ᠎ᠠ︾ ᠭᠡᠬᠦ ᠰᠡᠳᠦᠪ ᠢᠶᠠᠷ᠂ ︽ᠲᠠᠷᠢᠶᠠᠴᠢᠨ ᠰᠤᠷᠤᠭᠴᠢᠳ ᠲᠤ ᠭᠡᠷ᠎ᠡ ᠶᠢᠨ ᠣᠨᠴᠠᠯᠢᠭ ᠰᠢᠨᠵᠢ᠂ ᠲᠣᠭᠲᠠᠭᠠᠬᠤ ᠵᠢᠷᠤᠮ᠂ ᠭᠡᠷ᠎ᠡ ᠶᠢᠨ ᠭᠤᠣᠯ ᠵᠦᠢᠯ ᠵᠤᠷᠪᠤᠰ᠂ ᠭᠡᠷ᠎ᠡ ᠶᠢ ᠭᠦᠢᠴᠡᠳᠬᠡᠬᠦ ᠳᠤᠮᠳᠠ ᠪᠠᠶᠢᠩᠭᠤ ᠲᠣᠬᠢᠶᠠᠯᠳᠤᠳᠠᠭ ᠠᠰᠠᠭᠤᠳᠠᠯ ᠢ ᠬᠡᠷᠬᠢᠨ ᠰᠢᠢᠳᠪᠦᠷᠢᠯᠡᠬᠦ ᠶᠢ ᠬᠡᠷᠬᠢᠨ ᠣᠶᠢᠯᠠᠭᠠᠭᠤᠯᠬᠤ︾ ᠵᠡᠷᠭᠡ ᠬᠡᠳᠦᠨ ᠲᠠᠯ᠎ᠠ ᠠᠴᠠ ᠬᠢᠴᠢᠶᠡᠯ ᠢᠶᠠᠨ ᠳᠡᠯᠭᠡᠨ ᠦᠵᠡᠭᠦᠯᠵᠡᠢ᠃ ᠯᠠᠪᠳᠠᠭᠤᠨ ᠪᠠᠲᠤᠲᠠᠢ ᠬᠡᠯᠡᠨ ᠤ ᠦᠨᠳᠦᠰᠦᠨ ᠪᠣᠯᠪᠠᠰᠤᠷᠠᠯ᠂ ᠪᠣᠯᠪᠠᠰᠤᠷᠠᠩᠭᠤᠢ ᠵᠢᠭᠠᠨ ᠰᠤᠷᠭᠠᠯᠲᠠ ᠶᠢᠨ ᠤᠷ᠎ᠠ ᠮᠡᠷᠭᠡᠵᠢᠯ᠂ ᠬᠤᠷᠴᠠ ᠰᠡᠷᠭᠡᠭ ᠲᠤᠰᠬᠠᠯ ᠤᠨ ᠴᠢᠳᠠᠪᠤᠷᠢ ᠪᠠ ᠰᠠᠶᠢᠨ ᠰᠠᠶᠢᠬᠠᠨ ᠰᠡᠳᠬᠢᠴᠡ ᠶᠢᠨ ᠬᠡᠪ ᠴᠢᠨᠠᠷ ᠢᠶᠠᠨ ᠭᠦᠢᠴᠡᠳ ᠪᠠᠳᠠᠷᠠᠭᠤᠯᠵᠤ᠂ ᠰᠢᠯᠢᠳᠡᠭ ᠰᠠᠶᠢᠨ ᠵᠢᠭᠠᠨ ᠰᠤᠷᠭᠠᠯᠲᠠ ᠶᠢᠨ ᠴᠢᠳᠠᠪᠤᠷᠢ ᠪᠠ ᠰᠠᠶᠢᠨ ᠰᠠᠶᠢᠬᠠᠨ ᠵᠢᠭᠠᠨ ᠰᠤᠷᠭᠠᠯᠲᠠ ᠶᠢᠨ ᠬᠡᠪ ᠨᠠᠮᠪᠠ ᠶᠢ ᠢᠯᠡᠷᠡᠭᠦᠯᠵᠦ᠂ ᠲᠤᠬᠠᠢ ᠶᠢᠨ ᠲᠠᠯᠠᠪᠤᠷ ᠲᠤ ᠪᠠᠶᠢᠭᠰᠠᠨ ᠰᠢᠯᠭᠠᠷᠠᠭᠤᠯᠤᠭᠴᠢ ᠪᠠ ᠦᠵᠡᠭᠴᠢᠳ ᠲᠤ ᠭᠦᠨ ᠰᠠᠭᠤᠭᠳᠠᠯ ᠦᠯᠡᠳᠡᠭᠡᠭᠰᠡᠨ ᠪᠠᠶᠢᠨ᠎ᠠ᠃
4.png
      ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠴᠢᠳᠠᠪᠤᠷᠢᠲᠠᠨ ᠳᠤ ᠲᠦᠰᠢᠭᠯᠡᠨ᠎ᠡ᠂ ᠴᠢᠳᠠᠪᠤᠷᠢᠲᠠᠨ ᠢ ᠬᠥᠮᠥᠵᠢᠭᠦᠯᠬᠦ ᠳᠤ ᠰᠤᠷᠭᠠᠨ ᠬᠥᠮᠦᠵᠢᠯ ᠳᠤ ᠲᠦᠰᠢᠭᠯᠡᠨ᠎ᠡ᠂ ᠪᠠᠭᠰᠢ ᠪᠣᠯ ᠰᠤᠷᠭᠠᠨ ᠬᠥᠮᠦᠵᠢᠯ ᠤᠨ ᠦᠨᠳᠦᠰᠦ᠂ ᠰᠤᠷᠭᠠᠨ ᠬᠥᠮᠦᠵᠢᠯ ᠢ ᠮᠠᠨᠳᠤᠭᠤᠯᠬᠤ ᠶᠢᠨ ᠡᠬᠢ ᠰᠤᠷᠪᠤᠯᠵᠢ ᠮᠥᠨ᠃ ᠪᠦᠬᠦ ᠤᠯᠤᠰ ᠤᠨ ᠲᠠᠷᠢᠶᠠᠴᠢᠨ ᠤ ᠰᠤᠷᠭᠠᠨ ᠬᠥᠮᠦᠵᠢᠯ ᠤᠨ ᠪᠣᠯᠪᠠᠰᠤᠷᠠᠯ ᠤᠨ ᠪᠠᠭᠰᠢ ᠶᠢᠨ ᠬᠢᠴᠢᠶᠡᠯ ᠤᠨ ᠶᠡᠭᠡ ᠤᠷᠤᠯᠳᠤᠭᠠᠨ ᠳᠤ ︽ᠤᠷᠤᠯᠳᠤᠭᠠᠨ ᠢᠶᠠᠷ ᠰᠤᠷᠭᠠᠨ ᠬᠥᠮᠦᠵᠢᠯ ᠢ ᠠᠬᠢᠭᠤᠯᠬᠤ᠂ ᠤᠷᠤᠯᠳᠤᠭᠠᠨ ᠢᠶᠠᠷ ᠰᠤᠷᠤᠯᠴᠠᠯᠭ᠎ᠠ ᠶᠢ ᠠᠬᠢᠭᠤᠯᠬᠤ᠂ ᠤᠷᠤᠯᠳᠤᠭᠠᠨ ᠢᠶᠠᠷ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠤᠷᠤᠯᠳᠤᠭᠠᠨ ᠢᠶᠠᠷ ᠥᠭᠡᠷᠡᠴᠢᠯᠡᠯᠲᠡ ᠶᠢ ᠠᠬᠢᠭᠤᠯᠬᠤ︾ ᠶᠡᠷᠦᠩᠬᠡᠢ ᠰᠡᠳᠬᠢᠴᠡ ᠶᠢ ᠪᠠᠷᠢᠮᠲᠠᠯᠠᠵᠤ᠂ ᠪᠦᠬᠦ ᠤᠯᠤᠰ ᠤᠨ ᠲᠠᠷᠢᠶᠠᠴᠢᠨ ᠤ ᠰᠤᠷᠭᠠᠨ ᠬᠥᠮᠦᠵᠢᠯ ᠤᠨ ᠪᠣᠯᠪᠠᠰᠤᠷᠠᠯ ᠤᠨ ᠪᠠᠭᠰᠢ ᠳᠤ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠢ ᠳᠡᠯᠭᠡᠨ ᠦᠵᠡᠭᠦᠯᠬᠦ᠂ ᠵᠢᠭᠠᠨ ᠰᠤᠷᠭᠠᠬᠤ ᠴᠢᠳᠠᠪᠤᠷᠢ ᠶᠢ ᠳᠡᠯᠭᠡᠨ ᠦᠵᠡᠭᠦᠯᠬᠦ᠂ ᠬᠡᠪ ᠴᠢᠨᠠᠷ ᠢ ᠳᠡᠭᠡᠭᠰᠢᠯᠡᠭᠦᠯᠬᠦ ᠂ ᠴᠢᠳᠠᠪᠤᠷᠢ ᠶᠢ ᠣᠯᠭᠤᠬᠤ ᠬᠥᠭᠵᠢᠯᠲᠡ ᠶᠢᠨ ᠲᠠᠪᠴᠠᠩ ᠢ ᠪᠠᠶᠢᠭᠤᠯᠵᠤ ᠥᠭᠴᠡᠢ᠃ ᠤᠷᠤᠯᠳᠤᠭᠠᠨ ᠨᠢ ᠪᠦᠬᠦ ᠤᠯᠤᠰ ᠤᠨ ᠮᠠᠯᠴᠢᠨ ᠲᠠᠷᠢᠶᠠᠴᠢᠨ ᠪᠠᠭᠰᠢ ᠨᠠᠷ ᠲᠤ ᠬᠠᠷᠠᠭᠠᠨ ᠤ ᠴᠣᠩᠬᠤ ᠶᠢ ᠨᠡᠭᠡᠭᠡᠨ ᠥᠭᠴᠦ᠂ ᠠᠵᠢᠯ ᠨᠢᠭᠡᠲᠡᠨ ᠠᠴᠠ ᠪᠠᠨ ᠰᠤᠷᠤᠯᠴᠠᠵᠤ ᠰᠣᠯᠢᠯᠴᠠᠬᠤ ᠲᠣᠬᠢᠶᠠᠯ ᠣᠯᠭᠤᠵᠤ᠂ ᠥᠨᠳᠥᠷ ᠬᠡᠪ ᠴᠢᠨᠠᠷ ᠪᠦᠬᠦᠢ ᠲᠠᠷᠢᠶᠠᠴᠢᠳ ᠢ ᠬᠥᠮᠥᠵᠢᠭᠦᠯᠬᠦ ᠬᠢᠷᠢ ᠲᠦᠪᠰᠢᠨ ᠢ ᠪᠦᠬᠦ ᠲᠠᠯ᠎ᠠ  ᠪᠠᠷ ᠳᠡᠭᠡᠭᠰᠢᠯᠡᠭᠦᠯᠬᠦ᠂ ᠪᠣᠯᠪᠠᠰᠤᠷᠠᠯ ᠤᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠠᠬᠢᠭᠤᠯᠬᠤ ᠦᠢᠯᠡᠳᠦᠯ ᠦᠵᠡᠭᠦᠯᠵᠦ᠂ ᠪᠠᠭᠰᠢ ᠨᠠᠷ ᠤᠨ ᠬᠥᠳᠡᠭᠡ ᠠᠵᠤ ᠠᠬᠤᠢ ᠬᠥᠳᠡᠭᠡ ᠲᠣᠰᠬᠤᠨ ᠤ ᠡᠮᠦᠨ᠎ᠡ ᠹᠷᠣᠨᠲ᠂ ᠬᠥᠳᠡᠭᠡ ᠲᠣᠰᠬᠤᠨ ᠤ ᠬᠥᠳᠡᠭᠡ ᠲᠣᠰᠬᠤᠨ ᠤ ᠬᠢᠴᠢᠶᠡᠯ ᠤᠨ ᠲᠠᠩᠬᠢᠮ ᠳᠤ᠂ ︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ︾ ᠤ ᠭᠤᠣᠯ ᠡᠭᠦᠷᠭᠡ ᠶᠢᠨ ᠲᠣᠭᠤᠷᠢᠨ ᠳᠤ᠂ ᠤᠯᠠᠨ ᠲᠡᠰ ᠳᠠᠪᠬᠤᠷᠭ᠎ᠠ ᠪᠠᠷ ᠲᠠᠷᠢᠶᠠᠴᠢᠨ ᠤ ᠬᠥᠮᠦᠵᠢᠯ ᠪᠣᠯᠪᠠᠰᠤᠷᠠᠯ ᠢ ᠥᠷᠨᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠲᠦᠷᠭᠡᠨ ᠪᠦᠲᠦᠭᠡᠨ ᠪᠠᠶᠢᠭᠤᠯᠬᠤ ᠳᠤ ᠨᠡᠩ ᠤᠯᠠᠨ ᠬᠥᠳᠡᠭᠡ ᠲᠣᠰᠬᠤᠨ ᠤ ᠴᠢᠳᠠᠪᠤᠷᠢᠲᠠᠨ ᠢ ᠬᠥᠮᠥᠵᠢᠭᠦᠯᠬᠦ ᠳᠤ ᠥᠪᠡᠷ ᠤᠨ ᠬᠦᠴᠦᠨ ᠴᠢᠳᠠᠯ ᠢᠶᠠᠨ ᠡᠷᠭᠦᠬᠦ ᠶᠢ ᠵᠣᠷᠢᠭᠵᠢᠭᠤᠯᠪᠠ᠃
5.png
      ᠳᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠷᠠᠳᠢᠣ᠋ ᠲᠧᠯᠸᠢᠰ ᠤᠨ ᠰᠤᠷᠭᠠᠭᠤᠯᠢ ᠠᠴᠠ ᠡᠯ᠎ᠡ ᠱᠠᠲᠤᠨ ᠤ ᠪᠠᠭᠰᠢ᠂ ᠲᠠᠷᠢᠶᠠᠯᠠᠩ  ᠤᠨ ᠷᠠᠳᠢᠣ᠋ ᠲᠧᠯᠸᠢᠰ ᠤᠨ ᠰᠤᠷᠭᠠᠭᠤᠯᠢ ᠶᠢᠨ ᠵᠠᠬᠢᠷᠤᠯ ᠤᠨ ᠮᠥᠷᠥᠶᠢᠴᠡᠭᠡᠨ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠠᠭᠰᠢ ᠶᠢᠨ ᠶᠡᠷᠦᠩᠬᠡᠶᠢᠯᠡᠭᠰᠡᠨ ᠬᠡᠪ ᠴᠢᠨᠠᠷ ᠢ ᠪᠦᠲᠦᠮᠵᠢᠲᠡᠶ ᠳᠡᠭᠡᠭᠰᠢᠯᠡᠭᠦᠯᠵᠦ᠂ ᠡᠯ᠎ᠡ ᠱᠠᠲᠤᠨ ᠤ ᠲᠠᠷᠢᠶᠠᠯᠠᠩ ᠤᠨ ᠷᠠᠳᠢᠣ᠋ ᠲᠧᠯᠸᠢᠰ ᠤᠨ ᠰᠤᠷᠭᠠᠭᠤᠯᠢ ᠶᠢᠨ ᠵᠠᠬᠢᠷᠤᠯ ᠤᠨ ᠴᠢᠳᠠᠪᠤᠷᠢ ᠬᠡᠪ ᠴᠢᠨᠠᠷ ᠢ ᠳᠡᠭᠡᠭᠰᠢᠯᠡᠭᠦᠯᠦᠨ᠂ ᠲᠠᠷᠢᠶᠠᠯᠠᠩ  ᠤᠨ ᠷᠠᠳᠢᠣ᠋ ᠲᠧᠯᠸᠢᠰ ᠤᠨ ᠰᠤᠷᠭᠠᠭᠤᠯᠢ ᠶᠢᠨ ᠰᠢᠰᠲ᠋ᠧᠮᠵᠢ ᠶᠢᠨ ᠪᠠᠭᠰᠢ ᠶᠢᠨ ᠵᠢᠭᠠᠨ ᠰᠤᠷᠭᠠᠬᠤ ᠬᠠᠯᠠᠭᠤᠨ ᠰᠡᠳᠬᠢᠯᠭᠡ ᠶᠢ ᠦᠷᠭᠦᠯᠵᠢᠯᠡᠨ ᠬᠥᠭᠵᠢᠭᠡᠵᠦ᠂ ᠲᠠᠷᠢᠶᠠᠯᠠᠩ ᠢ ᠪᠣᠶᠢᠵᠢᠭᠤᠯᠵᠤ ᠲᠠᠷᠢᠶᠠᠯᠠᠩ ᠢ ᠬᠥᠭᠵᠢᠭᠦᠯᠬᠦ ᠦᠢᠯᠡᠳᠦᠯ ᠢ ᠭᠦᠢᠴᠡᠳ ᠪᠠᠳᠠᠷᠠᠭᠤᠯᠤᠨ᠂ ᠣᠷᠣᠨ ᠨᠤᠲᠤᠭ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠪᠤᠵᠠᠭᠠᠶᠢᠷᠠᠭᠤᠯᠵᠤ᠂ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠨ᠎ᠠ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠷᠠᠳᠢᠣ᠋ ᠲᠧᠯᠸᠢᠰ ᠤᠨ ᠰᠤᠷᠭᠠᠭᠤᠯᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号