ᠲᠦᠩᠯᠢᠶᠣᠣ ᠬᠤᠳᠠ ᠪᠦᠭᠦ ᠤᠯᠤᠰ ᠤᠨ ᠠᠮᠤ ᠪᠤᠳᠠᠭᠠᠨ ᠤ ᠭᠤᠣᠯ ᠦᠢᠯᠡᠳᠪᠦᠷᠢᠯᠡᠯ ᠤᠨ ᠣᠷᠣᠨ ᠤ ᠡᠷᠳᠡᠨᠢ ᠰᠢᠰᠢ ᠶᠢᠨ ᠮᠦ ᠨᠢᠭᠡᠴᠢ ᠶᠢᠨ ᠤᠨᠠᠯᠲᠠ ᠶᠢᠨ ᠲᠡᠮᠳᠡᠭᠯᠡᠯ ᠢ ᠰᠢᠨᠡᠳᠬᠡᠯ᠎ᠡ
ᠨᠡᠶᠢᠲᠡᠯᠡᠭᠰᠡᠨ ᠴᠠᠭ᠄
2024/10/30
      10 ᠰᠠᠷ᠎ᠠ ᠶᠢᠨ 22 ᠤᠨ ᠡᠳᠦᠷ ᠲᠦᠩᠯᠢᠶᠣᠣ ᠬᠤᠲᠠ ᠳᠤ ᠶᠠᠪᠤᠭᠳᠠᠭᠰᠠᠨ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠤᠲᠠ  ᠶᠢ ᠳᠠᠭᠠᠭᠠᠴᠢᠯᠠᠬᠤ︾ ᠡᠷᠳᠡᠨᠢ ᠰᠢᠰᠢ ᠶᠢᠨ ᠮᠦ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠭᠦ ᠦᠵᠡᠭᠦᠯᠭᠡ ᠶᠢᠨ ᠶᠠᠷᠢᠯᠴᠠᠬᠤ ᠬᠤᠷᠠᠯ ᠳᠡᠭᠡᠷ᠎ᠡ 2024 ᠣᠨ ᠤ ᠲᠦᠩᠯᠢᠶᠣᠣ ᠬᠤᠲᠠ ᠶᠢᠨ ᠡᠷᠳᠡᠨᠢ ᠰᠢᠰᠢ ᠶᠢᠨ ᠮᠦ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠭᠦ ᠵᠠᠭᠤᠨ ᠲᠦᠮᠡᠨ ᠮᠦ ᠶᠢᠨ ᠭᠤᠣᠯ ᠣᠷᠣᠨ ᠳᠤ ᠤᠨᠠᠯᠲᠠ ᠶᠢ ᠬᠡᠮᠵᠢᠵᠦ ᠬᠢᠨᠠᠨ ᠲᠣᠭᠲᠠᠭᠠᠯᠲᠠ ᠬᠢᠭᠰᠡᠨ ᠦᠷ᠎ᠡ ᠳ᠋ᠦᠩ ᠢ ᠨᠡᠶᠢᠲᠡᠯᠡᠪᠡ᠃ ᠡᠭᠦᠨ ᠳᠤ ᠲᠦᠩᠯᠢᠶᠣᠣ ᠬᠤᠳᠠ ᠪᠦᠭᠦ ᠤᠯᠤᠰ ᠤᠨ ᠠᠮᠤ ᠪᠤᠳᠠᠭᠠᠨ ᠤ ᠭᠤᠣᠯ ᠦᠢᠯᠡᠳᠪᠦᠷᠢᠯᠡᠯ ᠤᠨ ᠣᠷᠣᠨ ᠤ ᠲᠦᠮᠡᠨ ᠮᠦ᠂ ᠠᠷᠪᠠᠨ ᠲᠦᠮᠡᠨ ᠮᠦ᠂ ᠵᠠᠭᠤᠨ ᠲᠦᠮᠡᠨ ᠮᠦ ᠶᠢᠨ ᠮᠦ ᠨᠢᠭᠡᠴᠢ ᠶᠢᠨ ᠤᠨᠠᠯᠲᠠ ᠶᠢᠨ ᠲᠡᠮᠳᠡᠭᠯᠡᠯ ᠢ ᠲᠣᠰ ᠲᠣᠰ ᠰᠢᠨᠡᠳᠬᠡᠪᠡ᠃      ᠬᠤᠷᠠᠯ ᠠᠴᠠ ᠣᠶᠢᠯᠠᠭᠠᠭᠰᠠᠨ ᠢᠶᠠᠷ᠂ ᠡᠨᠡ ᠵᠢᠯ ᠲᠦᠩᠯᠢᠶᠣᠣ ᠬᠤᠳᠠ ᠶᠢᠨ ᠡᠷᠳᠡᠨᠢ ᠰᠢᠰᠢ ᠶᠢᠨ ᠮᠦ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠭᠦ ᠵᠠᠭᠤᠨ ᠲᠦᠮᠡᠨ ᠮᠦ ᠶᠢᠨ ᠭᠤᠣᠯ ᠣᠷᠣᠨ ᠤ ᠲᠦᠮᠡᠨ ᠮᠦ ᠶᠢᠨ ᠬᠡᠰᠡᠭ ᠤᠨ ᠮᠦ ᠨᠢᠭᠡᠴᠢ ᠶᠢᠨ ᠤᠨᠠᠯᠲᠠ 1247.22 ᠺᠢᠯᠥᠭᠷᠠᠮ᠂ ᠠᠷᠪᠠᠨ ᠲᠦᠮᠡᠨ ᠮᠦ ᠶᠢᠨ ᠲᠣᠨ ᠤ ᠤᠨᠠᠯᠳᠠ ᠶᠢᠨ ᠲᠠᠷᠢᠶᠠᠨ ᠤ ᠮᠦ ᠨᠢᠭᠡᠴᠢ ᠶᠢᠨ ᠤᠨᠠᠯᠲᠠ 1042.1 ᠺᠢᠯᠥᠭᠷᠠᠮ᠂ ᠵᠠᠭᠤᠨ ᠲᠦᠮᠡᠨ ᠮᠦ ᠶᠢᠨ ᠭᠤᠣᠯ ᠣᠷᠣᠨ ᠤ ᠮᠦ ᠨᠢᠭᠡᠴᠢ ᠶᠢᠨ ᠤᠨᠠᠯᠲᠠ 945.29 ᠺᠢᠯᠥᠭᠷᠠᠮ ᠳᠤ ᠬᠦᠷᠴᠡᠢ᠃      ᠣᠳᠣᠬᠠᠨ ᠳᠤ ᠲᠦᠩᠯᠢᠶᠣᠣ ᠬᠤᠲᠠ ᠶᠢᠨ ᠡᠷᠳᠡᠨᠢ ᠰᠢᠰᠢ ᠶᠢ ᠨᠢᠭᠲᠠ ᠳᠠᠷᠢᠵᠤ ᠡᠯᠪᠡᠭ ᠬᠤᠷᠢᠶᠠᠬᠤ ᠨᠠᠷᠢᠯᠢᠭ ᠣᠨᠣᠴᠠᠲᠠᠢ ᠲᠣᠬᠢᠷᠠᠭᠤᠯᠤᠨ ᠡᠵᠡᠮᠳᠡᠬᠦ ᠮᠡᠷᠭᠡᠵᠢᠯ ᠤᠨ ᠵᠠᠭᠪᠤᠷ ᠢ ᠨᠠᠶᠢᠳᠠᠪᠤᠷᠢᠵᠢᠭᠤᠯᠤᠭᠰᠠᠨ ᠲᠠᠯᠠᠪᠠᠶ 602 ᠲᠦᠮᠡᠨ ᠮᠦ ᠳᠤ ᠬᠦᠷᠴᠦ᠂ ᠪᠦᠭᠦ ᠬᠤᠲᠠ ᠶᠢᠨ ᠡᠷᠳᠡᠨᠢ ᠰᠢᠰᠢ ᠶᠢᠨ ᠲᠠᠯᠠᠪᠠᠶ ᠶᠢᠨ 1/3 ᠶᠢ ᠡᠵᠡᠯᠡᠨ᠂ ᠨᠢᠳᠤᠨᠤᠨ ᠤ ᠬᠢ ᠠᠴᠠ 364 ᠲᠦᠮᠡᠨ ᠮᠦ ᠨᠡᠮᠡᠭᠳᠡᠵᠡᠢ᠃ ᠡᠨᠡ ᠵᠢᠯ 313 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠦᠲᠦᠭᠡᠨ ᠪᠠᠶᠢᠭᠤᠯᠵᠤ᠂ ᠨᠡᠶᠢᠭᠡᠮᠴᠢᠯᠡᠭᠰᠡᠨ ᠦᠢᠯᠡᠴᠢᠯᠡᠭᠡᠨ ᠤ ᠲᠠᠯᠠᠪᠠᠶ 858 ᠲᠦᠮᠡᠨ ᠮᠦ ᠳᠤ ᠭᠦᠷᠪᠡ᠃ 2026 ᠣᠨ ᠪᠤᠯᠬᠤ ᠳᠤ ᠲᠤᠰ ᠬᠤᠲᠠ ᠥᠨᠳᠥᠷ ᠦᠷ᠎ᠡ ᠠᠰᠢᠭᠲᠤ ᠤᠰᠤ ᠠᠷᠪᠢᠯᠠᠬᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 1500 ᠲᠦᠮᠡᠨ ᠮᠦ ᠪᠦᠲᠦᠭᠡᠨ ᠪᠠᠶᠢᠭᠤᠯᠵᠤ᠂ ᠨᠡᠶᠢᠭᠡᠮᠴᠢᠯᠡᠭᠰᠡᠨ ᠦᠢᠯᠡᠴᠢᠯᠡᠭᠡ ᠪᠠ ᠮᠦ ᠨᠢᠭᠡᠴᠢ ᠶᠢᠨ ᠤᠨᠠᠯᠲᠠ ᠶᠢ ᠨᠡᠮᠡᠭᠳᠡᠭᠦᠯᠬᠦ ᠶᠢ ᠵᠡᠷᠭᠡ ᠪᠠᠷ ᠠᠬᠢᠭᠤᠯᠤᠨ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ 20 ᠳ᠋ᠦᠩᠰᠢᠭᠤᠷ ᠵᠢᠩ ᠠᠴᠠ ᠳᠡᠭᠡᠭᠰᠢ ᠨᠡᠮᠡᠭᠳᠡᠭᠦᠯᠬᠦ ᠪᠠᠷ ᠲᠥᠯᠥᠪᠯᠡᠵᠦ ᠪᠠᠶᠢᠨ᠎ᠠ᠃      ᠲᠦᠩᠯᠢᠶᠣᠣ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠶᠢᠨ ᠲᠠᠷᠢᠮᠠᠯ ᠤᠨ ᠦᠢᠯᠡᠰ ᠤᠨ ᠰᠠᠯᠠᠭᠠᠨ ᠤ ᠳᠠᠷᠤᠭ᠎ᠠ ᠶᠢᠨ ᠹᠧᠩ ᠵᠧᠨ᠄ ︽ᠪᠢᠳᠡ ᠮᠢᠩᠭᠠᠨ ᠲᠦᠮᠡᠨ ᠮᠦ  ᠶᠢᠨ ᠤᠰᠤ ᠠᠷᠪᠢᠯᠠᠬᠤ ᠥᠨᠳᠥᠷ ᠤᠨᠠᠯᠲᠠᠲᠤ ᠣᠲᠣ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠭᠦ ᠣᠷᠣᠨ ᠤ ᠪᠦᠲᠦᠭᠡᠨ ᠪᠠᠶᠢᠭᠤᠯᠤᠯᠲᠠ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠬᠢᠭᠡᠳ ᠨᠡᠶᠢᠭᠡᠮᠴᠢᠯᠡᠭᠰᠡᠨ ᠦᠢᠯᠡᠴᠢᠯᠡᠭᠡ ᠶᠢ ᠳᠡᠯᠭᠡᠷᠡᠭᠦᠯᠬᠦ ᠭᠤᠷᠪᠠ ᠶᠢ ᠨᠢᠭᠡ ᠴᠣᠭᠴᠠᠵᠢᠭᠤᠯᠵᠤ᠂ ᠮᠦ ᠨᠢᠭᠡᠴᠢ ᠶᠢᠨ ᠤᠨᠠᠯᠲᠠ ᠶᠢ ᠨᠡᠮᠡᠭᠳᠡᠭᠦᠯᠬᠦ ᠠᠬᠢᠴᠠ ᠶᠢ ᠥᠷᠭᠦᠯᠵᠢᠯᠠᠨ ᠲᠦᠷᠭᠡᠳᠬᠡᠵᠦ᠂ ᠬᠡᠪᠴᠢᠶ᠎ᠡ ᠶᠢ ᠨᠡᠩ ᠥᠷᠭᠡᠳᠬᠡᠨ᠂ ᠮᠡᠷᠭᠡᠵᠢᠯ ᠤᠨ ᠬᠡᠷᠡᠭᠯᠡᠯᠲᠡ ᠶᠢ ᠨᠠᠩ ᠳᠡᠯᠭᠡᠷᠡᠭᠦᠯᠦᠨ ᠪᠣᠳᠠᠲᠠᠶᠢᠵᠢᠭᠤᠯᠤᠨ᠎ᠠ︾ ᠭᠡᠵᠦ ᠶᠠᠷᠢᠵᠤ ᠪᠠᠶᠢᠯ᠎ᠠ᠃      ᠡᠨᠡ ᠤᠳᠠᠭ᠎ᠠ ᠶᠢᠨ ᠬᠡᠮᠵᠢᠯᠲᠡ ᠶᠢᠨ ᠠᠵᠢᠯ ᠳᠤ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠯᠢᠶᠣᠤᠨᠢᠩ ᠮᠤᠵᠢ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠾᠧᠨᠠᠨ ᠤ ᠲᠠᠷᠢᠶᠠᠯᠠᠩ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠢ ᠳᠡᠯᠭᠡᠷᠡᠭᠦᠯᠬᠦ ᠲᠥᠪ ᠵᠡᠷᠭᠡ ᠣᠷᠣᠨ ᠤ ᠳᠣᠲᠣᠨ᠎ᠠ ᠭᠠᠳᠠᠨᠠᠬᠢ ᠪᠠᠶᠢᠭᠤᠯᠭ᠎ᠠ ᠨᠢᠭᠡᠴᠢ ᠶᠢᠨ ᠡᠷᠳᠡᠨᠢ ᠰᠢᠰᠢ ᠶᠢᠨ ᠠᠵᠢᠯ ᠲᠥᠷᠥᠯ ᠤᠨ 23 ᠲᠤᠰᠬᠠᠢ ᠮᠡᠷᠭᠡᠵᠢᠯᠲᠡᠨ ᠢᠶᠠᠷ ᠪᠦᠷᠢᠯᠳᠦᠭᠰᠡᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠷᠤᠯᠴᠠᠬᠰᠠᠨ ᠪᠠᠶᠢᠨ᠎ᠠ᠃
 
ᠢᠷᠡᠯᠲᠡ᠄ ᠳᠤᠮᠳᠠᠲᠦ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号