ᠮᠠᠨ ᠤ ᠣᠷᠣᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠮᠠᠯ ᠤᠨ ᠠᠰᠢᠭ ᠰᠢᠮ᠎ᠡ ᠲᠠᠷᠢᠶᠠᠯᠠᠩ  ᠤᠨ ᠪᠦᠲᠦᠭᠡᠭᠳᠡᠬᠦᠨ ᠤ ᠠᠵᠤ ᠦᠢᠯᠡᠰ ᠤᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2024/10/30
      ᠮᠠᠨ ᠤ ᠣᠷᠣᠨ ᠮᠠᠯ ᠠᠵᠤ ᠠᠬᠤᠢ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ  ᠶᠢ ᠡᠭᠦᠳᠬᠦ ᠲᠠᠯ᠎ᠠ ᠪᠠᠷ ᠰᠢᠪᠲᠤᠯᠤᠯᠲᠠ ᠭᠠᠷᠭᠠᠨ᠂ ᠬᠥᠭᠵᠢᠯᠲᠡ ᠶᠢᠨ ᠰᠠᠨᠠᠭᠠᠴᠢᠯᠠᠭᠠᠲᠤ ᠡᠷᠬᠡ ᠶᠢ ᠡᠵᠡᠮᠳᠡᠵᠦ᠂ ᠮᠠᠯ  ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠠᠵᠤ ᠦᠢᠯᠡᠰ ᠤᠨ ᠰᠢᠨ᠎ᠡ ᠶᠢ ᠡᠭᠦᠳᠬᠦ ᠬᠥᠭᠵᠢᠯᠲᠡ ᠶᠢ ᠪᠦᠭᠦ ᠬᠦᠴᠦᠨ ᠢᠶᠠᠷ ᠢᠶᠠᠨ ᠠᠬᠢᠭᠤᠯᠵᠤ ᠪᠠᠶᠢᠨ᠎ᠠ᠃      ᠮᠠᠨ ᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢᠯᠡᠳᠲᠡ ᠣᠯᠠᠰᠢᠷᠠᠵᠤ᠂ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠤᠯᠤᠰ ᠤᠨ ᠡᠪᠡᠰᠦᠨ ᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠮᠠᠷᠠᠲᠤ ᠶᠢᠨ ᠮᠠᠯ ᠠᠵᠤ ᠠᠬᠤᠢ ᠲᠠᠷᠢᠶᠠᠯᠠᠩ ᠤᠨ ᠮᠡᠷᠭᠡᠵᠢᠯ ᠤᠨ ᠰᠢᠨ᠎ᠡ  ᠶᠢ ᠡᠭᠦᠳᠬᠦ ᠲᠥᠪ ᠵᠡᠷᠭᠡ ᠭᠤᠣᠯᠳᠠᠯᠭ᠎ᠠ ᠲᠠᠢ ᠰᠤᠳᠤᠯᠤᠨ ᠨᠡᠭᠡᠭᠡᠬᠦ ᠲᠦᠷᠦᠯ ᠵᠦᠢᠯ ᠨᠢ ᠤᠯᠤᠰ ᠤᠨ ᠳᠡᠮᠵᠢᠯᠭᠡ ᠶᠢ ᠣᠯᠪᠠ᠃ ᠪᠤᠭᠤᠳᠠᠢ᠂ ᠮᠢᠬᠠᠨ ᠤ ᠬᠤᠨᠢ᠂ ᠨᠡᠷᠡᠨ ᠬᠤᠸᠠᠷ᠂ ᠡᠷᠳᠡᠨᠢ ᠰᠢᠰᠢ᠂ ᠲᠠᠷᠢᠶᠠᠯᠠᠩ ᠤᠨ ᠥᠨᠳᠥᠷ ᠦᠷ᠎ᠡ ᠪᠦᠲᠦᠮᠵᠢᠲᠡᠢ ᠪᠠᠷ ᠤᠰᠤ ᠬᠡᠷᠡᠭᠯᠡᠬᠦ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠬᠥᠷᠥᠰᠥ ᠰᠢᠷᠣᠢ ᠶᠢᠨ ᠬᠦᠴᠦ ᠰᠢᠮ᠎ᠡ ᠶᠢ ᠳᠡᠭᠡᠭᠰᠢᠯᠡᠭᠦᠯᠭᠦ ᠵᠡᠷᠭᠡ 6 ᠮᠡᠷᠭᠡᠵᠢᠯ ᠤᠨ ᠰᠢᠨ᠎ᠡ ᠶᠢ ᠡᠭᠦᠳᠬᠦ ᠲᠥᠪ ᠪᠣᠯᠣᠨ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠪᠠᠶᠠᠨᠨᠠᠭᠤᠷ ᠤᠨ ᠰᠤᠳᠤᠯᠭᠠᠨ ᠤ ᠬᠦᠷᠢᠶᠡᠯᠡᠩ ᠢᠶᠠᠷ ᠭᠤᠣᠯᠳᠠᠯᠭ᠎ᠠ ᠪᠤᠯᠭᠠᠬᠰᠠᠨ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠭᠦ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠮᠠᠯ ᠠᠵᠤ ᠠᠬᠤᠢ ᠲᠠᠷᠢᠶᠠᠯᠠᠩ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠪᠠᠲᠤ ᠪᠠᠬᠢ ᠲᠠᠪᠴᠠᠩ ᠤᠨ ᠲᠤᠯᠭᠠᠭᠤᠷᠢᠯᠠᠯ ᠬᠠᠩᠭᠠᠪᠠ᠃ ᠦᠷ᠎ᠡ ᠶᠢᠨ ᠦᠢᠯᠡᠰ ᠢ ᠬᠦᠴᠦᠯᠡᠨ ᠬᠥᠭᠵᠢᠭᠦᠯᠵᠦ᠂ 11 ᠥᠪᠡᠷᠮᠢᠴᠡ ᠣᠨᠴᠠᠯᠢᠭ ᠲᠠᠢ ᠳᠠᠪᠠᠭᠤᠯᠢᠭᠲᠤ ᠳᠦᠷᠰᠦ ᠶᠢᠨ ᠦᠷ᠎ᠡ ᠪᠣᠶᠢᠵᠢᠭᠤᠯᠬᠤ ᠬᠠᠮᠲᠤᠷᠠᠨ ᠪᠣᠭᠤᠮᠲᠠ ᠰᠢᠪᠲᠤᠯᠬᠤ ᠠᠵᠢᠯ ᠥᠷᠨᠢᠭᠦᠯᠬᠦ ᠶᠢᠨ ᠬᠠᠮᠲᠤ ᠳᠠᠪᠠᠭᠤᠯᠢᠭᠲᠤ ᠠᠵᠤ ᠦᠢᠯᠡᠰ ᠤᠨ ᠲᠣᠭᠤᠷᠢᠨ ᠳᠤ 15 ᠵᠦᠢᠯ ᠤᠨ ᠴᠢᠬᠤᠯᠠ ᠶᠡᠭᠡ ᠵᠢᠱᠢᠶ᠎ᠡ ᠦᠵᠡᠭᠦᠯᠭᠦ ᠢᠨᠵᠧᠨᠧᠷᠢᠩ ᠢ ᠬᠡᠷᠡᠭᠵᠢᠭᠦᠯᠵᠦ᠂ 146 ᠭᠤᠣᠯ ᠪᠤᠯᠬᠤ ᠲᠠᠷᠢᠮᠠᠯ ᠤᠨ ᠰᠢᠨ᠎ᠡ ᠡᠭᠦᠯᠳᠡᠷ ᠢ ᠬᠢᠨᠠᠨ ᠲᠣᠭᠲᠠᠭᠠᠵᠤ ᠪᠠᠲᠤᠯᠠᠪᠠ᠃ ᠡᠭᠦᠨ ᠠᠴᠠ ᠭᠠᠳᠠᠨ᠎ᠠ ᠥᠪᠡᠷᠲᠡᠭᠡᠨ ᠵᠠᠰᠠᠬᠤ ᠣᠷᠣᠨ ᠤ ᠮᠢᠺᠷᠣᠪ ᠤᠨ ᠦᠷ᠎ᠡ ᠡᠳ᠋ ᠤᠨ ᠡᠬᠢ ᠪᠠᠶᠠᠯᠢᠭ ᠤᠨ ᠬᠥᠮᠥᠷᠭᠡ ᠨᠢ ᠤᠯᠤᠰ ᠤᠨ ᠬᠥᠮᠥᠷᠭᠡ ᠪᠠᠷ ᠲᠣᠭᠲᠠᠭᠠᠭᠳᠠᠨ᠂ ᠤᠯᠤᠰ ᠤᠨ ᠲᠠᠰ ᠤᠨ ᠦᠷ᠎ᠡ ᠪᠣᠶᠢᠵᠢᠭᠤᠯᠬᠤ ᠭᠤᠣᠯ ᠲᠠᠯᠠᠪᠠᠶ ᠰᠢᠨ᠎ᠡ ᠪᠠᠷ 3 ᠨᠡᠮᠡᠭᠳᠡᠵᠦ᠂ ᠶᠡᠷᠦᠩᠬᠡᠢ ᠲᠤᠭ᠎ᠠ ᠨᠢ 23 ᠪᠣᠯᠵᠤ᠂ ᠦᠷ᠎ᠡ ᠶᠢᠨ ᠦᠢᠯᠡᠰ ᠤᠨ ᠦᠷᠭᠦᠯᠵᠢᠯᠡᠬᠦ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠵᠠᠢ᠃      ᠮᠠᠨ ᠤ ᠣᠷᠣᠨ ᠲᠠᠷᠢᠶᠠᠯᠠᠩ ᠤᠨ ᠮᠡᠷᠭᠡᠵᠢᠯ ᠢ ᠪᠦᠭᠦ ᠲᠠᠯ᠎ᠠ ᠪᠠᠷ ᠳᠡᠯᠭᠡᠷᠡᠭᠦᠯᠦᠨ 15 ᠴᠢᠬᠤᠯᠠ ᠶᠡᠭᠡ ᠮᠡᠷᠭᠡᠵᠢᠯ ᠢ ᠬᠠᠮᠵᠢᠯᠴᠠᠨ ᠳᠡᠯᠭᠡᠷᠡᠭᠦᠯᠬᠦ ᠪᠦᠯᠭᠦᠮ ᠨᠡᠶᠢᠲᠡ ᠪᠣᠯᠣᠨ 15 ᠣᠲᠣ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠤᠨ ᠮᠡᠷᠭᠡᠵᠢᠯ ᠤᠨ ᠰᠢᠰᠲ᠋ᠧᠮ ᠢ ᠪᠠᠶᠢᠭᠤᠯᠵᠤ᠂ 102 ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠵᠢᠵᠢᠭ ᠬᠦᠷᠢᠶᠡᠯᠡᠩ ᠤᠨ ᠪᠠᠶᠢᠭᠤᠯᠤᠯᠲᠠ ᠶᠢ ᠳᠡᠮᠵᠢᠪᠡ᠃ ᠪᠦᠭᠦ ᠤᠯᠤᠰ ᠲᠤ ᠲᠦᠷᠦᠭᠦᠯᠡᠨ ︽ᠥᠪᠥᠷ ᠮᠣᠩᠭᠤᠯ ᠤᠨ ᠮᠠᠯ ᠠᠵᠤ ᠠᠬᠤᠢ ᠲᠠᠷᠢᠶᠠᠯᠠᠩ ᠤᠨ ᠰᠢᠨ᠎ᠡ ᠶᠢ ᠡᠭᠦᠳᠬᠦ︾ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ 110 ᠦᠢᠯᠡᠴᠢᠯᠡᠭᠡᠨ ᠤ ᠵᠠᠭᠪᠤᠷ ᠢ ᠡᠭᠦᠳᠴᠦ᠂ ︽ᠬᠤᠸᠠ ᠰᠢ ᠦᠬᠡᠷ︾ ᠤᠨ ᠡᠭᠦᠯᠳᠡᠷ᠂ ︽ᠡᠷᠳᠡᠨᠢ ᠰᠢᠰᠢ ᠶᠢ ᠨᠢᠭᠲᠠ ᠲᠠᠷᠢᠵᠤ ᠨᠠᠷᠢᠯᠢᠭ ᠣᠨᠣᠴᠠᠲᠠᠢ ᠪᠠᠷ ᠲᠣᠬᠢᠷᠠᠭᠤᠯᠤᠨ ᠡᠵᠡᠮᠳᠡᠬᠦ︾ ᠮᠡᠷᠭᠡᠵᠢᠯ ᠢ ᠤᠯᠤᠰ ᠤᠨ ᠭᠤᠣᠯ ᠲᠠᠨᠢᠯᠴᠠᠭᠤᠯᠭ᠎ᠠ ᠶᠢᠨ ᠭᠠᠷᠴᠠᠭ ᠲᠤ ᠣᠷᠣᠭᠤᠯᠵᠤ᠂ ᠮᠠᠯ ᠠᠵᠤ ᠠᠬᠤᠢ ᠲᠠᠷᠢᠶᠠᠯᠠᠩ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠢ ᠳᠡᠯᠭᠡᠷᠡᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠪᠠ᠃ ᠪᠠᠰᠠ 2024 ᠣᠨ ᠤ ᠪᠠᠴᠢᠮ ᠱᠠᠭᠠᠷᠳᠠᠭᠳᠠᠵᠤ ᠪᠦᠬᠦᠢ ᠳᠡᠭᠡᠳᠦ ᠲᠠᠰ ᠤᠨ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢᠨ ᠭᠠᠷᠴᠠᠭ ᠢ ᠨᠡᠶᠢᠲᠡᠯᠡᠨ 28 ᠳᠡᠭᠡᠳᠦ ᠲᠠᠰ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ 21 ᠠᠺᠠᠳᠧᠮᠢᠴᠢ ᠲᠠᠢ ᠬᠡᠯᠡᠯᠴᠡᠭᠡᠷ ᠲᠣᠭᠲᠠᠨ᠂ ︽ᠨᠢᠭᠡ ᠬᠡᠯᠬᠢᠶ᠎ᠡ ᠨᠢᠭᠡ ᠠᠺᠠᠳᠧᠮᠢᠴᠢ ᠨᠢᠭᠡ ᠪᠦᠯᠭᠦᠮ︾ ᠤᠨ ᠬᠠᠮᠵᠢᠯᠴᠠᠬᠤ ᠵᠠᠭᠪᠤᠷ ᠢ ᠪᠠᠶᠢᠭᠤᠯᠵᠤ᠂ ᠮᠠᠯ ᠠᠵᠤ ᠠᠬᠤᠢ ᠲᠠᠷᠢᠶᠠᠯᠠᠩ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠴᠢᠳᠠᠪᠤᠷᠢᠲᠠᠨ ᠢ ᠬᠥᠮᠥᠵᠢᠭᠦᠯᠬᠦ ᠳᠤ ᠬᠦᠴᠦᠲᠡᠢ ᠪᠠᠲᠤᠯᠠᠭ᠎ᠠ ᠬᠠᠩᠭᠠᠪᠠ᠃
 
ᠢᠷᠡᠯᠲᠡ᠄ ᠳᠤᠮᠳᠠᠲᠦ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号