10 ᠰᠠᠷ᠎ᠠ ᠶᠢᠨ 26 ᠤ ᠡᠳᠦᠷ ᠠᠴᠠ 28 ᠤ ᠡᠳᠦᠷ ᠪᠣᠯᠲᠠᠯ᠎ᠠ ︽ᠪᠣᠬᠢᠷᠳᠣᠯ ᠦᠭᠡᠢ ᠪᠦᠲᠦᠭᠡᠭᠳᠡᠬᠦᠨ ᠢ | ᠪᠤᠭᠤᠮᠲᠠ ᠠᠴᠠ ᠭᠠᠷᠭᠠᠭᠰᠠᠨ ᠨᠢ ᠬᠠᠩᠵᠧᠦ ᠳᠠᠬᠢ ᠪᠣᠯᠵᠤᠭ᠎ᠠ︾ ᠠᠩᠬᠠᠳᠤᠭᠠᠷ ᠬᠤᠭᠤᠴᠠᠭᠠᠨ ᠤ ᠥᠪᠥᠷ | ᠮᠣᠩᠭᠤᠯ ᠤᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨ᠎ᠡ ᠶᠢ ᠡᠭᠦᠳᠬᠦ ᠬᠥᠭᠵᠢᠯᠲᠡ ᠶᠢᠨ ᠶᠡᠭᠡ | ᠬᠤᠷᠠᠯ᠂ ᠠᠷᠪᠠᠨ ᠨᠢᠭᠡᠳᠦᠭᠡᠷ ᠬᠤᠭᠤᠴᠠᠭᠠᠨ ᠤ ᠥᠪᠥᠷ ᠮᠣᠩᠭᠤᠯ ᠤᠨ ᠪᠣᠬᠢᠷᠲᠤᠯ ᠦᠭᠡᠢ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠦᠵᠡᠰᠬᠦᠯᠡᠩ᠂ ᠳᠥᠷᠪᠡᠳᠦᠭᠡᠷ ᠬᠤᠭᠤᠴᠠᠭᠠᠨ ᠤ ᠪᠡᠭᠡᠵᠢᠩ ᠥᠪᠥᠷ | ᠮᠣᠩᠭᠤᠯ ᠤᠨ ᠬᠡᠷᠡᠭᠯᠡᠭᠡᠨ ᠤ ᠬᠠᠪᠰᠤᠷᠤᠨ ᠲᠡᠳᠬᠦᠬᠦ ᠲᠥᠪᠯᠡᠷᠡᠭᠦᠯᠦᠨ ᠴᠤᠭᠯᠠᠭᠤᠯᠬᠤ ᠲᠠᠨᠢᠯᠴᠠᠭᠤᠯᠭ᠎ᠠ ᠶᠢᠨ ᠬᠤᠷᠠᠯ | ᠵᠧᠵᠢᠶᠠᠩ ᠮᠤᠵᠢ ᠶᠢᠨ ᠬᠠᠩᠵᠧᠦ ᠬᠤᠲᠠ ᠳᠤ ᠶᠠᠪᠤᠭᠳᠠᠪᠠ᠃ ᠣᠷᠳᠣᠰ ᠬᠤᠲᠠ ᠶᠢᠨ ︽ᠳᠤᠯᠠᠭᠠᠨ ᠬᠤᠲᠠ ᠶᠢᠨ | ᠦᠨᠦᠷ ᠠᠮᠲᠠ︾ 22 ᠠᠵᠤ ᠠᠬᠤᠶᠢᠯᠠᠯ᠂ 100 ᠭᠠᠷᠤᠢ ᠲᠥᠷᠥᠯ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠬᠠᠩᠵᠧᠦ ᠳᠤ ᠢᠯᠡᠷᠡᠵᠦ᠂ ᠥᠷᠭᠡᠨ ᠣᠯᠠᠨ ᠲᠦᠮᠡᠨ᠂ ᠬᠤᠳᠠᠯᠳᠤᠭᠠᠴᠢᠨ ᠪᠠ ᠬᠦᠨᠳᠦᠲᠦ | ᠵᠣᠴᠢᠳ ᠤᠨ ᠰᠠᠶᠢᠨ ᠦᠨᠡᠯᠡᠯᠲᠡ ᠶᠢ ᠣᠯᠵᠠᠢ᠃ | | | | ᠲᠣᠰ ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠨᠢ ︽ᠳᠤᠯᠠᠭᠠᠨ ᠬᠤᠲᠠ ᠶᠢᠨ ᠦᠨᠦᠷ ᠠᠮᠲᠠ︾ ᠨᠠᠷᠠᠲᠤ | ᠲᠡᠮᠳᠡᠭᠲᠦ ᠶᠢᠨ ᠨᠥᠯᠥᠭᠡᠯᠡᠬᠦ ᠬᠦᠴᠦᠨ ᠪᠠ ᠠᠯᠳᠠᠷᠰᠢᠯ ᠢ ᠲᠠᠰᠤᠷᠠᠯᠲᠠ ᠦᠭᠡᠢ ᠥᠷᠭᠡᠳᠬᠡᠵᠦ᠂ ︽ᠳᠤᠯᠠᠭᠠᠨ | ᠬᠤᠲᠠ ᠶᠢᠨ ᠦᠨᠦᠷ ᠠᠮᠲᠠ︾ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭᠲᠦ ᠶᠢᠨ | ᠪᠠᠶᠢᠭᠤᠯᠤᠯᠲᠠ ᠪᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠰᠢ ᠭᠠᠷᠭᠠᠬᠤ ᠶᠢ ᠲᠦᠯᠬᠢᠨ | ᠠᠬᠢᠭᠤᠯᠵᠤ᠂ ᠨᠠᠩ ᠥᠷᠭᠡᠨ ᠳᠡᠯᠭᠡᠷ ᠭᠥᠯᠢᠶᠡᠨ ᠠᠪᠤᠭᠴᠢᠳ ᠲᠤ ᠡᠨᠡ ᠬᠦ ᠥᠪᠡᠷᠮᠢᠴᠡ ᠣᠨᠴᠠᠯᠢᠭ ᠲᠠᠢ ᠠᠮᠲᠠᠲᠤ | ᠢᠳᠡᠭᠡᠨ ᠤ ᠲᠡᠮᠳᠡᠭ ᠢ ᠣᠶᠢᠯᠠᠭᠠᠭᠤᠯᠵᠤ᠂ ᠳᠤᠯᠠᠭᠠᠨ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠤᠨ᠂ ᠮᠠᠯᠴᠢᠨ ᠲᠠᠷᠢᠶᠠᠴᠢᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ | ᠳᠠᠶᠢᠴᠢᠯᠠᠬᠤ ᠶᠢᠨ ᠲᠥᠯᠥᠭᠡ ᠶᠤᠮ᠃ | | | | | | | | 3 ᠡᠳᠦᠷ ᠤᠨ ᠠᠵᠢᠯᠯᠠᠭ᠎ᠠ ᠳᠤ᠂ ᠣᠷᠳᠣᠰ ᠤᠨ ᠦᠵᠡᠭᠦᠯᠭᠡ ᠶᠢᠨ ᠲᠣᠭᠤᠷᠢᠭ ᠲᠤ ᠬᠥᠮᠥᠰ ᠤᠨ ᠤᠷᠤᠰᠬᠠᠯ | ᠳᠦᠭᠦᠷᠴᠦ᠂ ᠠᠮᠲᠠᠲᠤ ᠬᠦᠢᠯᠡᠰᠦᠨ ᠴᠥᠮ᠎ᠡ ᠶᠢᠨ ᠰᠢᠭᠦᠳᠡᠷᠢ᠂ ᠪᠣᠬᠢᠷᠲᠤᠯ ᠦᠭᠡᠢ᠂ ᠪᠠᠶᠢᠭᠠᠯᠢᠯᠢᠭ᠂ ᠴᠢᠨᠠᠷ ᠰᠠᠶᠢᠲᠠᠢ | ᠦᠬᠡᠷ ᠬᠤᠨᠢᠨ ᠮᠢᠬ᠎ᠠ᠂ ᠰᠦ ᠶᠢᠨ ᠦᠨᠦᠷ ᠬᠠᠩᠬᠤᠯᠤᠭᠰᠠᠨ ᠴᠠᠭᠠᠨ ᠢᠳᠡᠭᠡ ᠵᠡᠷᠭᠡ ︽ᠳᠤᠯᠠᠭᠠᠨ ᠬᠤᠳᠠ ᠶᠢᠨ | ᠦᠨᠦᠷ ᠠᠮᠲᠠ︾ ᠣᠨᠴᠠᠯᠢᠭᠲᠤ ᠴᠢᠨᠠᠷ ᠰᠠᠶᠢᠲᠠᠢ ᠪᠦᠲᠦᠭᠡᠭᠳᠡᠬᠦᠨ ᠨᠢ ᠮᠠᠰᠢ ᠤᠯᠠᠨ ᠬᠤᠳᠠᠯᠳᠤᠭᠠᠴᠢᠨ ᠪᠣᠯᠣᠨ | ᠲᠤᠬᠠᠢ ᠶᠢᠨ ᠭᠠᠵᠠᠷ ᠤᠨ ᠬᠤᠳᠠ ᠶᠢᠨ ᠠᠷᠠᠳ ᠤᠨ ᠠᠩᠬᠠᠷᠤᠯ ᠢ ᠲᠠᠲᠠᠵᠠᠢ᠃ | | | | | | 10 ᠰᠠᠷ᠎ᠠ ᠶᠢᠨ 28 ᠤ ᠡᠳᠦᠷ ᠤᠨ ᠦᠳᠡ ᠶᠢᠨ ᠡᠮᠦᠨ᠎ᠡ᠂ ᠣᠷᠳᠣᠰ ᠬᠤᠲᠠ ᠶᠢᠨ ᠬᠠᠮ ᠵᠠᠭᠤᠴᠢᠯᠠᠭᠤᠷ ᠤᠨ | ᠲᠥᠪ ᠤᠨ ᠵᠠᠮ ᠬᠠᠷᠢᠯᠴᠠᠭ᠎ᠠ ᠷᠠᠳᠢᠣ᠋ ᠨᠡᠪᠲᠡᠷᠡᠭᠦᠯᠭᠡ ᠶᠢᠨ ᠠᠯᠪᠠᠨ ᠤ ᠳᠢᠭ ᠲᠤᠭ ᠤᠨ ᠲᠠᠩᠰᠠᠨ ᠨᠣᠮᠧᠷ ᠤᠨ | ︽ᠣᠷᠳᠣᠰ ᠲᠤ︾ ᠪᠣᠯᠤᠩ ᠳᠤ ︽ᠳᠤᠯᠠᠭᠠᠨ ᠬᠤᠲᠠ ᠶᠢᠨ ᠦᠨᠦᠷ ᠠᠮᠲᠠ︾ ᠪᠣᠬᠢᠷᠲᠤᠯ ᠦᠭᠡᠢ ᠴᠢᠨᠠᠷ ᠰᠠᠶᠢᠲᠠᠢ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠰᠢᠭᠤᠳ ᠨᠡᠪᠲᠡᠷᠡᠭᠦᠯᠪᠡ᠂ ᠣᠷᠳᠣᠰ ᠬᠤᠲᠠ ᠠᠴᠠ | ᠢᠷᠡᠭᠰᠡᠨ ᠴᠢᠨᠠᠷ ᠰᠠᠶᠢᠲᠠᠢ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ ᠨᠢ ᠲᠣᠰ ᠤᠳᠠᠭᠠᠨ ᠤ ᠰᠢᠭᠤᠳ | ᠨᠡᠪᠲᠡᠷᠡᠭᠦᠯᠭᠡ ᠳᠤ ᠣᠷᠣᠯᠴᠠᠵᠤ᠂ ᠰᠢᠭᠤᠳ ᠨᠡᠪᠲᠡᠷᠡᠭᠦᠯᠭᠡ ᠳᠤ ᠠᠷᠠᠯᠵᠢᠶ᠎ᠠ ᠪᠦᠲᠦᠭᠰᠡᠨ ᠵᠣᠭᠤᠰ ᠤᠨ ᠲᠤᠭ᠎ᠠ ᠨᠢ | 30398.38 ᠲᠥᠭᠦᠷᠢᠭ ᠲᠤ ᠬᠦᠷᠴᠡᠢ᠃ | | | | | | 10 ᠰᠠᠷ᠎ᠠ ᠶᠢᠨ 28 ᠤ ᠦᠳᠡ ᠶᠢᠨ ᠬᠤᠶᠢᠨ᠎ᠠ᠂ ᠪᠠᠰᠠ ︽ᠪᠡᠭᠡᠵᠢᠩ ᠥᠪᠥᠷ ᠮᠣᠩᠭᠤᠯ ᠰᠡᠳᠬᠢᠯ ᠨᠢᠭᠡᠳᠦᠨ | ᠬᠡᠷᠡᠭᠯᠡᠭᠡ ᠬᠠᠪᠰᠤᠷᠤᠨ ᠲᠡᠳᠭᠦᠭᠦ ᠳᠤ ᠬᠦᠴᠦ ᠨᠡᠮᠡᠷᠢᠯᠡᠵᠦ᠂ ᠬᠤᠶᠠᠷ ᠭᠠᠵᠠᠷ ᠤᠨ ᠬᠢᠨ ᠭᠠᠷ ᠬᠤᠯᠪᠣᠯᠴᠠᠨ ᠳᠤᠯᠠᠭᠠᠨ | ᠬᠤᠳᠠ ᠶᠢᠨ ᠦᠨᠦᠷ ᠠᠮᠲᠠ ᠶᠢ ᠠᠮᠳᠠᠯᠠᠭᠤᠯᠤᠨᠠ︾ ᠭᠡᠬᠦ ᠣᠷᠳᠣᠰ ᠬᠤᠳᠠ ᠶᠢᠨ ᠭᠤᠣᠯ ᠰᠡᠳᠦᠪᠲᠦ ᠡᠳᠦᠷᠯᠢᠭ ᠤᠨ | ᠠᠵᠢᠯᠯᠠᠭ᠎ᠠ ᠶᠢ ᠡᠷᠭᠢᠯᠡᠵᠦ᠂ ᠲᠥᠪᠯᠡᠷᠡᠭᠦᠯᠦᠨ ᠴᠤᠭᠯᠠᠭᠤᠯᠬᠤ ᠭᠡᠷ᠎ᠡ ᠲᠣᠭᠲᠠᠬᠤ ᠭᠤᠭᠴᠤᠭ᠎ᠠ ᠳᠤ᠂ ᠣᠷᠳᠣᠰ ᠨᠢ | ᠪᠡᠭᠡᠵᠢᠩ ᠬᠤᠳᠠ᠂ ᠵᠢᠶᠠᠩᠰᠤ ᠮᠤᠵᠢ᠂ ᠵᠧᠵᠢᠶᠠᠩ ᠮᠤᠵᠢ᠂ ᠱᠠᠨᠰᠢ ᠮᠤᠵᠢ ᠶᠢᠨ ᠬᠤᠯᠪᠣᠭᠳᠠᠯ ᠪᠦᠬᠦᠢ ᠠᠵᠤ ᠠᠬᠤᠶᠢᠯᠠᠯ | ᠪᠣᠯᠣᠨ ᠨᠢᠭᠡᠴᠡ ᠯᠦᠭᠡ ᠨᠡᠶᠢᠳᠡ 12 ᠬᠤᠪᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ | ᠬᠤᠳᠠᠯᠳᠤᠨ ᠠᠪᠬᠤ ᠵᠥᠪᠯᠡᠯᠴᠡᠭᠡᠷ ᠲᠣᠭᠲᠠᠵᠤ᠂ ᠬᠤᠳᠠᠯᠳᠤᠨ ᠠᠪᠤᠭᠰᠠᠨ ᠶᠡᠷᠦᠩᠬᠡᠢ ᠬᠡᠮᠵᠢᠶ᠎ᠡ ᠨᠢ 1.76 | ᠳ᠋ᠦᠩᠰᠢᠭᠤᠷ ᠲᠥᠭᠦᠷᠢᠭ ᠲᠤ ᠬᠦᠷᠴᠦ᠂ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠪᠠᠰᠠ ︽ᠳᠤᠯᠠᠭᠠᠨ | ᠬᠤᠳᠠ ᠶᠢᠨ ᠦᠨᠦᠷ ᠠᠮᠲᠠ︾ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭᠲᠦ ᠪᠣᠯᠣᠨ | ᠣᠷᠳᠣᠰ ᠬᠤᠳᠠ ᠶᠢᠨ ᠰᠢᠯᠢᠳᠡᠭ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ ᠢ ᠲᠠᠨᠢᠯᠴᠠᠭᠤᠯᠵᠠᠢ᠃ | | | | ᠲᠠᠷᠠᠭᠠᠴᠢ ᠶᠢᠨ ᠠᠯᠬᠤᠮ ᠳᠤ᠂ ᠣᠷᠳᠣᠰ ᠬᠤᠲᠠ ᠶᠢᠨ ᠬᠢᠨ ᠪᠡᠭᠡᠵᠢᠩ ᠥᠪᠥᠷ ᠮᠣᠩᠭᠤᠯ ᠤᠨ | ᠬᠠᠮᠵᠢᠯᠴᠠᠭ᠎ᠠ ᠶᠢ ᠦᠷᠭᠦᠯᠵᠢᠯᠡᠨ ᠭᠦᠨᠵᠡᠭᠡᠢ ᠠᠬᠢᠭᠤᠯᠵᠤ᠂ ᠪᠣᠬᠢᠷᠲᠤᠯ ᠦᠭᠡᠢ ᠴᠢᠨᠠᠷ ᠰᠠᠶᠢᠲᠠᠢ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ | ︽ᠳᠤᠯᠠᠭᠠᠨ ᠬᠤᠲᠠ ᠶᠢᠨ ᠦᠨᠦᠷ ᠠᠮᠲᠠ︾ ᠣᠷᠣᠨ ᠪᠦᠰᠡ ᠶᠢᠨ ᠨᠠᠷᠠᠲᠤ ᠲᠡᠮᠳᠡᠭᠲᠦ ᠪᠠᠷ ᠲᠠᠷᠢᠶᠠᠯᠠᠩ ᠢ | ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠣᠷᠳᠣᠰ ᠬᠤᠲᠠ ᠶᠢᠨ ᠪᠣᠬᠢᠷᠲᠤᠯ | ᠦᠭᠡᠢ᠂ ᠪᠠᠶᠢᠭᠠᠯᠢᠯᠢᠭ᠂ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠶᠢᠨ ᠲᠠᠷᠢᠶᠠᠯᠠᠩ ᠤᠨ ᠪᠦᠲᠦᠭᠡᠭᠳᠡᠬᠦᠨ ᠤ | ᠠᠯᠳᠠᠷᠰᠢᠯ ᠢ ᠪᠦᠲᠦᠮᠵᠢᠲᠡᠶ ᠪᠠᠷ ᠳᠡᠭᠡᠭᠰᠢᠯᠡᠭᠦᠯᠵᠦ᠂ ᠣᠷᠳᠣᠰ ᠤᠨ ᠥᠨᠳᠦᠷᠯᠢᠭ ᠤᠨ ᠲᠠᠷᠢᠶᠠᠯᠠᠩ ᠮᠠᠯ ᠠᠵᠤ | ᠠᠬᠤᠢ ᠶᠢᠨ ᠰᠢᠯᠢᠳᠡᠭ ᠪᠦᠲᠦᠭᠡᠭᠳᠡᠬᠦᠨ ᠢ ᠤᠯᠠᠮ ᠠᠴᠠ ᠤᠯᠠᠮ ᠣᠯᠠᠨ ᠬᠡᠷᠡᠭᠯᠡᠭᠴᠢᠳ ᠤᠨ ᠲᠠᠭᠠᠰᠢᠶᠠᠯ ᠢ ᠣᠯᠬᠤ | ᠪᠣᠯᠣᠨ᠎ᠠ᠃ | | | | |