ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠪᠥᠬᠦ ᠣᠷᠣᠨ ᠤ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠪᠣᠯᠪᠠᠰᠤᠷᠠᠯ ᠤᠨ ᠠᠩᠭᠢ ᠶᠢ ᠡᠷᠬᠢᠯᠡᠪᠡ
ᠨᠡᠶᠢᠲᠡᠯᠡᠭᠰᠡᠨ ᠴᠠᠭ᠄
2024/10/31
      ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠥᠷ ᠮᠣᠩᠭᠤᠯ ᠤᠨ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠤᠰᠠᠳᠠ᠂ 10 ᠰᠠᠷ᠎ᠠ ᠶᠢᠨ 30 ᠤ ᠡᠳᠦᠷ᠂ ᠪᠥᠬᠦ ᠣᠷᠣᠨ ᠤ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠪᠣᠯᠪᠠᠰᠤᠷᠠᠯ ᠤᠨ ᠠᠩᠭᠢ ᠶᠢ ᠬᠥᠬᠡᠬᠤᠲᠠ ᠳᠤ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠵᠣᠣ ᠶᠦᠩ ᠰᠢᠶᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠪᠣᠯᠪᠠᠰᠤᠷᠠᠯ ᠠᠴᠠ ᠵᠢᠭᠠᠵᠤ ᠭᠠᠷᠭᠠᠭᠰᠠᠨ ᠢᠶᠠᠷ᠂ ᠣᠶᠢᠷ᠎ᠠ ᠶᠢᠨ ᠵᠢᠯ ᠤᠨ ᠲᠤᠷᠰᠢ᠂ ᠮᠠᠨ ᠤ ᠣᠷᠣᠨ ᠤ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠦᠢᠯᠡᠳᠦᠯᠭᠡ ᠲᠠᠰᠤᠷᠠᠯᠲᠠ ᠦᠭᠡᠢ ᠬᠠᠶᠢᠨ ᠰᠦᠪᠡᠭᠴᠢᠯᠡᠵᠦ᠂ ᠦᠢᠯᠡᠴᠢᠯᠡᠭᠡᠨ ᠤ ᠬᠦᠷᠢᠶ᠎ᠡ ᠪᠣᠯᠣᠨ ᠦᠢᠯᠡᠴᠢᠯᠡᠭᠡᠨ ᠤ ᠴᠢᠳᠠᠪᠤᠷᠢ ᠶᠢ ᠥᠷᠭᠡᠳᠬᠡᠨ ᠳᠡᠭᠡᠭᠰᠢᠯᠡᠭᠦᠯᠵᠦ᠂ ᠡᠵᠡᠩᠨᠡᠯᠲᠡ ᠶᠢᠨ ᠬᠡᠪᠴᠢᠶ᠎ᠡ ᠬᠢᠭᠡᠳ ᠡᠵᠡᠩᠨᠡᠯᠲᠡ ᠶᠢᠨ ᠦᠷ᠎ᠡ ᠠᠰᠢᠭ ᠢᠯᠡᠳᠲᠡ ᠨᠡᠮᠡᠭᠳᠡᠵᠦ᠂ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ + ᠨᠡᠶᠢᠭᠡᠮᠴᠢᠯᠡᠭᠰᠡᠨ ᠦᠢᠯᠡᠴᠢᠯᠡᠭᠡ︾ ︽ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ + ᠨᠡᠶᠢᠭᠡᠮᠴᠢᠯᠡᠭᠰᠡᠨ ᠦᠢᠯᠡᠴᠢᠯᠡᠭᠡ︾ ︽ᠨᠢᠭᠡᠳᠦᠯᠲᠡᠢ ᠳᠠᠷᠢᠵᠤ ᠬᠠᠮᠲᠤ ᠪᠠᠷ ᠪᠠᠶᠠᠵᠢᠬᠤ︾ ᠵᠡᠷᠭᠡ ᠰᠢᠨ᠎ᠡ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠬᠢᠭᠡᠳ ᠰᠢᠨ᠎ᠡ ᠦᠢᠯᠡᠴᠢᠯᠡᠭᠡᠨ ᠤ ᠵᠠᠭᠪᠤᠷ ᠢ ᠭᠠᠵᠠᠷ ᠪᠣᠯᠭᠠᠨ ᠳᠤ ᠳᠡᠯᠭᠡᠷᠡᠭᠦᠯᠵᠦ᠂ ᠭᠠᠵᠠᠷ ᠰᠢᠷᠣᠢ᠂ ᠬᠥᠳᠡᠯᠮᠦᠷᠢ ᠬᠦᠴᠦᠨ᠂ ᠪᠡᠯᠡ ᠮᠥᠩᠭᠦ᠂ ᠮᠡᠷᠭᠡᠵᠢᠯ ᠵᠡᠷᠭᠡ ᠬᠦᠴᠦᠨ ᠵᠦᠢᠯ ᠢ ᠪᠦᠲᠦᠮᠵᠢᠲᠡᠶ ᠪᠠᠷ ᠡᠮᠬᠢᠯᠡᠨ ᠨᠡᠶᠢᠯᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠪᠦᠷᠬᠦᠴᠡ ᠶᠢᠨ ᠨᠣᠷᠮ᠎ᠠ ᠪᠠ ᠲᠤᠯᠭᠠᠭᠤᠷᠢᠯᠠᠬᠤ ᠦᠢᠯᠡᠳᠦᠯ ᠢ ᠲᠠᠰᠤᠷᠠᠯᠲᠠ ᠦᠭᠡᠢ ᠴᠢᠩᠭᠠᠳᠬᠠᠵᠤ᠂ ᠰᠠᠶᠢᠨ ᠦᠷ᠎ᠡ ᠪᠦᠲᠦᠮᠵᠢ ᠣᠯᠪᠠ᠃ ᠣᠳᠣᠬᠠᠨ ᠳᠤ᠂ ᠪᠥᠬᠦ ᠣᠷᠣᠨ ᠤ ᠡᠯ᠎ᠡ ᠲᠥᠷᠥᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠭᠤᠣᠯ ᠴᠣᠭᠴᠠ 1.9 ᠲᠦᠮᠡ ᠳᠤ ᠬᠦᠷᠴᠦ᠂ ᠦᠢᠯᠡᠴᠢᠯᠡᠭᠡᠨ ᠤ ᠵᠢᠵᠢᠭ ᠲᠠᠷᠢᠶᠠᠴᠢᠨ ᠡᠷᠦᠬᠡ 91.8 ᠲᠦᠮᠡᠨ ᠡᠷᠦᠬᠡ ᠳᠤ ᠬᠦᠷᠴᠦ᠂ ᠦᠢᠯᠡᠴᠢᠯᠡᠭᠡᠨ ᠤ ᠶᠡᠷᠦᠩᠬᠡᠢ ᠲᠠᠯᠠᠪᠠᠶ 3500 ᠲᠦᠮᠡᠨ ᠮᠦ ᠳᠤ ᠬᠥᠷᠪᠡ᠃      ᠡᠯ᠎ᠡ ᠭᠠᠵᠠᠷ ᠤᠨ ᠬᠢᠨ ᠦᠢᠯᠡᠴᠢᠯᠡᠭᠡᠨ ᠤ ᠳᠤᠲᠠᠭᠤᠳᠠᠯ ᠢ ᠨᠥᠬᠦᠪᠦᠷᠢᠯᠡᠬᠦ᠂ ᠦᠢᠯᠡᠴᠢᠯᠡᠭᠡᠨ ᠤ ᠭᠤᠣᠯ ᠴᠣᠭᠴᠠ ᠶᠢ ᠪᠤᠵᠠᠭᠠᠶᠢᠷᠠᠭᠤᠯᠬᠤ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ᠂ ᠡᠳ᠋ ᠤᠨ ᠵᠠᠰᠠᠭ ᠤᠨ ᠲᠦᠷᠦᠯ ᠵᠦᠢᠯ ᠤᠨ ᠬᠡᠷᠡᠭᠵᠢᠭᠦᠯᠦᠯᠲᠡ ᠶᠢ ᠵᠢᠷᠤᠮᠵᠢᠭᠤᠯᠬᠤ ᠵᠡᠷᠭᠡ ᠳᠦᠷᠪᠡᠨ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠳᠥᠭᠦᠮ ᠳᠥᠲᠡ ᠥᠨᠳᠥᠷ ᠪᠦᠲᠦᠮᠵᠢᠲᠡᠢ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠢ ᠲᠠᠰᠤᠷᠠᠯᠲᠠ ᠦᠭᠡᠢ ᠪᠦᠷᠢᠨᠰᠢᠭᠦᠯᠵᠦ᠂ ᠥᠪᠥᠷ ᠮᠣᠩᠭᠤᠯ ᠤᠨ ᠮᠠᠯ ᠠᠵᠤ ᠠᠬᠤᠢ ᠲᠠᠷᠢᠶᠠᠯᠠᠩ ᠤᠨ ᠣᠳᠣᠬᠢᠴᠢᠯᠠᠯᠲᠠ ᠶᠢᠨ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠪᠣᠯᠪᠠᠰᠤᠷᠠᠯ ᠠᠴᠠ ᠴᠢᠬᠤᠯᠠᠴᠢᠯᠠᠪᠠ᠃      ᠪᠣᠯᠪᠠᠰᠤᠷᠠᠯ ᠳᠤ᠂ ᠪᠦᠬᠦ ᠣᠷᠣᠨ ᠠᠴᠠ ᠢᠷᠡᠭᠰᠡᠨ 40 ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠲᠥᠯᠥᠭᠡᠯᠡᠭᠴᠢ ᠪᠠ 60 ᠵᠠᠬ᠎ᠠ ᠳᠡᠯᠭᠡᠭᠦᠷ ᠤᠨ ᠦᠢᠯᠡᠴᠢᠯᠡᠭᠡᠨ ᠤ ᠭᠤᠣᠯ ᠴᠣᠭᠴᠠ ᠶᠢᠨ ᠲᠥᠯᠥᠭᠡᠯᠡᠭᠴᠢ ᠦᠢᠯᠡᠴᠢᠯᠡᠭᠡᠨ ᠤ ᠴᠢᠳᠠᠪᠤᠷᠢ᠂ ᠲᠦᠷᠦᠯ ᠵᠦᠢᠯ ᠤᠨ ᠬᠡᠷᠡᠭᠵᠢᠭᠦᠯᠦᠯᠲᠡ᠂ ᠦᠢᠯᠡᠴᠢᠯᠡᠭᠡᠨ ᠤ ᠦᠷ᠎ᠡ ᠠᠰᠢᠭ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠳᠠᠶᠢᠴᠢᠯᠠᠬᠤ ᠵᠡᠷᠭᠡ ᠲᠠᠯ᠎ᠠ ᠶᠢᠨ ᠲᠣᠭᠤᠷᠢᠨ ᠳᠤ ᠲᠤᠬᠠᠢ ᠶᠢᠨ ᠲᠠᠯᠠᠪᠠᠢ ᠶᠢᠨ ᠬᠠᠷᠢᠭᠤ ᠮᠡᠳᠡᠭᠦᠯᠦᠯᠲᠡ ᠬᠢᠵᠡᠢ᠃ ᠲᠤᠷᠰᠢᠯᠭ᠎ᠠ ᠪᠠᠨ ᠬᠤᠪᠢᠶᠠᠯᠴᠠᠬᠤ ᠪᠠᠷ ᠳᠠᠮᠵᠢᠭᠤᠯᠤᠨ᠂ ᠪᠥᠬᠦ ᠣᠷᠣᠨ ᠤ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯᠲᠠᠳ ᠲᠤ ᠨᠡᠪᠲᠡᠷᠡᠯᠴᠡᠬᠦ ᠬᠥᠭᠦᠷᠭᠡ ᠲᠠᠯᠪᠢᠵᠤ᠂ ᠪᠥᠬᠦ ᠣᠷᠣᠨ ᠤ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ᠂ ᠬᠡᠪᠴᠢᠶ᠎ᠡ ᠶᠢ ᠥᠷᠭᠡᠳᠬᠡᠬᠦ᠂ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠪᠠ᠃      ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠬᠠᠮᠢᠶ᠎ᠠ ᠪᠦᠬᠦᠢ ᠭᠠᠵᠠᠷ ᠠᠯᠪᠠᠨ ᠭᠡᠷ ︵ᠨᠢᠭᠡᠴᠡ︶ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃ ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ᠂ ᠲᠤᠬᠠᠶᠢᠯᠠᠭᠰᠠᠨ ᠠᠵᠢᠯ ᠤᠨ ᠺᠠᠳ᠋ᠷ ᠵᠢᠴᠢ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠭᠤᠣᠯ ᠴᠣᠭᠴᠠ ᠪᠣᠯᠣᠨ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠵᠡᠷᠭᠡ 150 ᠭᠠᠷᠤᠢ ᠬᠥᠮᠥᠨ ᠪᠣᠯᠪᠠᠰᠤᠷᠠᠯ ᠳᠤ ᠣᠷᠣᠯᠴᠠᠪᠠ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号