ᠮᠠᠯ ᠠᠵᠤ ᠠᠬᠤᠢ ᠶᠢᠨ ᠲᠤᠰᠬᠠᠢ ᠮᠡᠷᠭᠡᠵᠢᠯ ᠤᠨ ᠠᠵᠢᠯᠲᠠᠨ ᠤ ᠮᠡᠳᠡᠯᠭᠡ ᠶᠢᠨ ᠰᠢᠨᠡᠴᠢᠯᠡᠯᠲᠡ ᠶᠢ | ᠴᠢᠩᠭᠠᠳᠬᠠᠵᠤ᠂ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠦᠨ᠂ ᠲᠤᠬᠠᠶᠢᠯᠠᠭᠰᠠᠨ ᠠᠵᠢᠯ ᠤᠨ ᠬᠡᠪ | ᠪᠣᠯᠪᠠᠰᠤᠷᠠᠯ ᠢ ᠴᠢᠩᠭᠠᠷᠠᠭᠤᠯᠵᠤ᠂ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ᠂ ᠮᠠᠯ ᠵᠢᠭᠦᠷᠲᠡᠨ ᠤ ᠤᠳᠤᠮᠯᠠᠯ ᠤᠨ | ᠡᠬᠢ ᠪᠠᠶᠠᠯᠢᠭ ᠢ ᠬᠠᠮᠠᠭᠠᠯᠠᠬᠤ ᠵᠡᠷᠭᠡ ᠲᠠᠯ᠎ᠠ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠦᠢᠯᠡᠴᠢᠯᠡᠭᠡᠨ ᠤ | ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 10 ᠰᠠᠷ᠎ᠠ ᠶᠢᠨ 30 ᠤ ᠡᠳᠦᠷ᠂ ᠪᠥᠬᠦ | ᠣᠷᠣᠨ ᠤ ᠮᠠᠯ ᠠᠵᠤ ᠠᠬᠤᠢ ᠶᠢᠨ ᠲᠤᠰᠬᠠᠢ ᠮᠡᠷᠭᠡᠵᠢᠯ ᠤᠨ ᠠᠵᠢᠯᠲᠠᠨ ᠤ ᠴᠢᠳᠠᠪᠤᠷᠢ ᠶᠢ ᠳᠡᠭᠡᠭᠰᠢᠯᠡᠭᠦᠯᠬᠦ | ᠪᠣᠯᠪᠠᠰᠤᠷᠠᠯ ᠤᠨ ᠠᠩᠭᠢ ᠶᠢ ᠬᠥᠬᠡᠬᠤᠲᠠ ᠳᠤ ᠠᠮᠵᠢᠯᠲᠠ ᠲᠠᠢ ᠡᠷᠭᠢᠯᠡᠪᠡ᠃ ᠲᠣᠰ ᠤᠳᠠᠭᠠᠨ ᠤ ᠪᠣᠯᠪᠠᠰᠤᠷᠠᠯ ᠤᠨ | ᠠᠩᠭᠢ ᠳᠤ ᠪᠥᠬᠦ ᠤᠯᠤᠰ ᠤᠨ ᠮᠠᠯ ᠠᠵᠤ ᠠᠬᠤᠢ ᠶᠢᠨ ᠶᠡᠷᠦᠩᠬᠡᠢ ᠥᠷᠲᠡᠭᠡ ᠶᠢᠨ ᠮᠠᠯ ᠵᠢᠭᠦᠷᠲᠡᠨ ᠤ ᠡᠬᠢ | ᠪᠠᠶᠠᠯᠢᠭ ᠤᠨ ᠭᠠᠵᠠᠷ ᠤᠨ ᠳᠠᠷᠤᠭ᠎ᠠ ᠰᠦᠨ ᠹᠧᠢ ᠵᠧᠦ ᠶᠢ ᠤᠷᠢᠨ ᠣᠷᠣᠯᠴᠠᠭᠤᠯᠤᠭᠰᠠᠨ ᠪᠥᠭᠡᠳ ᠬᠢᠴᠢᠶᠡᠯ ᠣᠷᠣᠵᠤ᠂ | ᠪᠥᠬᠦ ᠣᠷᠣᠨ ᠤ ᠡᠯ᠎ᠡ ᠠᠶᠢᠮᠠᠭ ᠬᠤᠲᠠ᠂ ᠬᠤᠰᠢᠭᠤ ᠰᠢᠶᠠᠨ ᠤ ᠮᠠᠯ ᠠᠵᠤ ᠠᠬᠤᠢ ᠶᠢᠨ ᠲᠤᠰᠬᠠᠢ ᠮᠡᠷᠭᠡᠵᠢᠯ ᠤᠨ | ᠠᠵᠢᠯᠲᠠᠨ 80 ᠭᠠᠷᠤᠢ ᠬᠥᠮᠥᠨ ᠪᠣᠯᠪᠠᠰᠤᠷᠠᠯ ᠳᠤ ᠣᠷᠣᠯᠴᠠᠵᠠᠢ᠃ | | | | | | | | | ᠲᠣᠰ ᠤᠳᠠᠭᠠᠨ ᠤ ᠪᠣᠯᠪᠠᠰᠤᠷᠠᠯ ᠤᠨ ᠠᠩᠭᠢ ᠶᠢ ᠣᠨᠣᠯ ᠤᠨ ᠰᠤᠷᠤᠯᠴᠠᠯᠭ᠎ᠠ᠂ ᠪᠣᠳᠠᠲᠤ ᠪᠣᠯᠪᠠᠰᠤᠷᠠᠯ ᠤᠨ | ᠵᠢᠭᠠᠨ ᠰᠤᠷᠭᠠᠯᠲᠠ᠂ ᠲᠤᠰᠬᠠᠢ ᠬᠡᠷᠡᠭᠯᠡᠭᠡᠨ ᠤ ᠪᠠᠭᠠᠵᠢ ᠬᠡᠷᠡᠭᠰᠡᠯ ᠤᠨ ᠦᠵᠡᠭᠦᠯᠭᠡ ᠪᠠ ᠲᠤᠷᠰᠢᠯᠭ᠎ᠠ ᠶᠢᠨ ᠰᠣᠯᠢᠯᠴᠠᠭ᠎ᠠ | ᠵᠡᠷᠭᠡ ᠣᠯᠠᠨ ᠵᠦᠢᠯ ᠤᠨ ᠬᠡᠯᠪᠡᠷᠢ ᠪᠠᠷ ᠥᠷᠨᠢᠭᠦᠯᠪᠡ᠃ ᠨᠢᠭᠡ ᠳᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ | ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠮᠠᠯ ᠠᠵᠤ ᠠᠬᠤᠢ ᠶᠢᠨ ᠬᠠᠤᠯᠢ︾ ᠶᠢ ᠤᠬᠠᠭᠤᠯᠤᠨ | ᠲᠤᠭᠤᠰᠢᠯᠠᠭᠤᠯᠵᠤ᠂ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ ᠪᠠ ᠠᠰᠢᠭᠯᠠᠬᠤ᠂ ᠮᠠᠯ | ᠵᠢᠭᠦᠷᠲᠡᠨ ᠤ ᠦᠷ᠎ᠡ ᠶᠢᠨ ᠦᠢᠯᠡᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ᠂ ᠨᠤᠲᠤᠭ ᠪᠡᠯᠴᠢᠭᠡᠷ ᠤᠨ ᠮᠠᠯ | ᠠᠵᠤ ᠠᠬᠤᠢ ᠶᠢ ᠬᠥᠭᠵᠢᠭᠦᠯᠬᠦ ᠵᠡᠷᠭᠡ ᠵᠠᠰᠠᠪᠤᠷᠢ ᠣᠷᠣᠭᠤᠯᠤᠭᠰᠠᠨ ᠠᠭᠤᠯᠭ᠎ᠠ ᠳᠤ ᠲᠠᠶᠢᠯᠤᠮᠵᠢ ᠬᠢᠵᠦ᠂ ᠲᠤᠰᠬᠠᠢ | ᠮᠡᠷᠭᠡᠵᠢᠯ ᠤᠨ ᠠᠵᠢᠯᠲᠠᠨ ᠤ ᠬᠠᠤᠯᠢ ᠴᠠᠭᠠᠵᠠ ᠶᠢᠨ ᠤᠬᠠᠮᠰᠠᠷ ᠢ ᠦᠨᠡᠨᠬᠦ ᠴᠢᠩᠭᠠᠳᠬᠠᠵᠤ᠂ ᠬᠠᠤᠯᠢ ᠶᠢ ᠬᠦᠨᠳᠦᠳᠬᠡᠬᠦ | ᠬᠠᠤᠯᠢ ᠶᠢ ᠰᠤᠷᠤᠯᠴᠠᠬᠤ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ | ᠪᠣᠯᠭᠠᠵᠠᠢ᠃ ᠬᠤᠶᠠᠷ ᠲᠤ᠂ ᠤᠳᠤ ᠦᠶ᠎ᠡ ᠶᠢᠨ ᠦᠷ᠎ᠡ ᠶᠢᠨ ᠦᠢᠯᠡᠰ ᠢ ᠳᠡᠭᠡᠭᠰᠢᠯᠡᠭᠦᠯᠬᠦ᠂ ᠥᠪᠡᠷᠲᠡᠭᠡᠨ ᠵᠠᠰᠠᠬᠤ | ᠣᠷᠣᠨ ᠤ ᠦᠷ᠎ᠡ ᠶᠢᠨ ᠦᠢᠯᠡᠰ ᠢ ᠬᠥᠭᠵᠢᠭᠦᠯᠬᠦ᠂ ᠰᠠᠶᠢᠨ ᠦᠷ᠎ᠡ ᠶᠢᠨ ᠨᠥᠬᠦᠪᠦᠷᠢ᠂ ᠰᠠᠭᠤᠷᠢ ᠡᠬᠡ ᠮᠠᠯ ᠤᠨ | ᠰᠦᠷᠦᠭᠵᠢᠯ ᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠵᠡᠷᠭᠡ ᠮᠠᠯ ᠵᠢᠭᠦᠷᠲᠡᠨ ᠤ ᠦᠷ᠎ᠡ ᠶᠢᠨ ᠦᠢᠯᠡᠰ ᠪᠣᠯᠣᠨ | ᠮᠠᠯ ᠠᠵᠤ ᠠᠬᠤᠢ ᠶᠢᠨ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ ᠶᠢ ᠤᠬᠠᠭᠤᠯᠤᠨ ᠲᠤᠭᠤᠰᠢᠯᠠᠭᠤᠯᠬᠤ ᠶᠢᠨ ᠬᠠᠮᠲᠤ | ᠦᠨᠳᠦᠰᠦᠨ ᠱᠠᠲᠤᠨ ᠤ ᠮᠠᠯ ᠠᠵᠤ ᠠᠬᠤᠢ ᠶᠢᠨ ᠮᠡᠷᠭᠡᠵᠢᠯ ᠤᠨ ᠠᠵᠢᠯᠲᠠᠳ ᠢ ᠱᠠᠯᠠᠪᠳᠠᠭᠤᠯᠤᠨ ᠥᠷᠭᠡᠨ ᠤᠯᠠᠨ | ᠮᠠᠯᠴᠢᠨ ᠲᠠᠷᠢᠶᠠᠴᠢᠨ ᠳᠤ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ ᠶᠢ ᠢᠳᠡᠪᠬᠢᠲᠡᠢ ᠲᠠᠶᠢᠯᠪᠤᠷᠢ ᠬᠢᠯᠭᠡᠵᠡᠢ᠃ | ᠭᠤᠷᠪᠠ ᠳᠤ᠂ ᠦᠷ᠎ᠡ ᠶᠢᠨ ᠮᠠᠯ ᠵᠢᠭᠦᠷᠲᠡᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠭᠤᠣᠯᠳᠠᠯᠭ᠎ᠠ᠂ ᠮᠠᠯ | ᠵᠢᠭᠦᠷᠲᠡᠨ ᠤ ᠦᠷ᠎ᠡ ᠶᠢᠨ ᠬᠠᠮᠠᠭᠠᠯᠠᠯᠲᠠ ᠶᠢᠨ ᠲᠠᠯᠠᠪᠠᠢ᠂ ᠭᠤᠣᠯ ᠪᠣᠯᠬᠤ ᠦᠷ᠎ᠡ ᠪᠣᠶᠢᠵᠢᠭᠤᠯᠬᠤ ᠲᠠᠯᠠᠪᠠᠢ ᠶᠢ | ᠭᠤᠶᠤᠴᠢᠯᠠᠨ ᠮᠡᠳᠡᠭᠦᠯᠬᠦ ᠠᠯᠬᠤᠮ ᠳᠠᠷᠠᠭ᠎ᠠ ᠪᠣᠯᠣᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠨᠠᠷᠢᠨ ᠲᠠᠶᠢᠯᠪᠤᠷᠢᠯᠠᠵᠤ᠂ | ᠡᠯ᠎ᠡ ᠠᠶᠢᠮᠠᠭ ᠬᠤᠳᠠ᠂ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠦᠷ᠎ᠡ | ᠪᠣᠶᠢᠵᠢᠭᠤᠯᠬᠤ ᠪᠠ ᠲᠡᠵᠢᠭᠡᠨ ᠦᠷᠡᠵᠢᠭᠦᠯᠬᠦ ᠠᠵᠤ ᠠᠬᠤᠶᠢᠯᠠᠯ ᠳᠤ ᠨᠡᠩ ᠰᠠᠶᠢᠨ ᠦᠢᠯᠡᠴᠢᠯᠡᠬᠦ ᠶᠢ ᠱᠠᠭᠠᠷᠳᠠᠪᠠ᠃ | ᠳᠥᠷᠪᠡ ᠳᠤ᠂ ᠠᠯᠠᠰᠢᠨ ᠬᠤᠨᠢ᠂ ᠠᠳᠤᠭᠤ ᠵᠡᠷᠭᠡ ᠳᠠᠪᠠᠭᠤᠯᠢᠭ ᠣᠨᠴᠠᠯᠢᠭᠲᠤ ᠮᠠᠯ ᠤᠨ ᠡᠭᠦᠯᠳᠡᠷ ᠢ ᠦᠷᠡᠵᠢᠭᠦᠯᠬᠦ | ᠮᠡᠷᠭᠡᠵᠢᠯ ᠳᠤ ᠲᠤᠬᠠᠢ ᠶᠢᠨ ᠲᠠᠯᠠᠪᠠᠢ ᠶᠢᠨ ᠪᠣᠳᠠᠲᠤ ᠪᠣᠯᠪᠠᠰᠤᠷᠠᠯ ᠤᠨ ᠦᠵᠡᠭᠦᠯᠭᠡ ᠬᠢᠵᠦ᠂ ᠦᠨᠳᠦᠰᠦᠨ ᠱᠠᠲᠤᠨ ᠤ | ᠮᠠᠯ ᠠᠵᠤ ᠠᠬᠤᠢ ᠶᠢᠨ ᠲᠤᠰᠬᠠᠢ ᠮᠡᠷᠭᠡᠵᠢᠯ ᠤᠨ ᠠᠵᠢᠯᠲᠠᠳ ᠲᠤ ᠰᠢᠨᠵᠢᠯᠡᠬᠦ ᠤᠬᠠᠭᠠᠨᠴᠢ᠂ ᠬᠡᠷᠡᠭᠯᠡᠭᠡᠨ ᠤ᠂ ᠠᠮᠤᠷ | ᠲᠦᠪᠰᠢᠨ ᠪᠣᠳᠠᠲᠤ ᠪᠣᠯᠪᠠᠰᠤᠷᠠᠯ ᠤᠨ ᠮᠡᠷᠭᠡᠵᠢᠯ ᠢ ᠡᠵᠡᠮᠰᠢᠭᠦᠯᠬᠦ ᠶᠢᠨ ᠤᠯᠠᠮ ᠠᠴᠠ ᠥᠷᠭᠡᠨ ᠤᠯᠠᠨ ᠮᠠᠯᠴᠢᠨ | ᠲᠠᠷᠢᠶᠠᠴᠢᠨ ᠳᠤ ᠬᠡᠷᠡᠭᠯᠡᠭᠡᠨ ᠤ ᠮᠡᠷᠭᠡᠵᠢᠯ ᠢ ᠨᠡᠩ ᠰᠠᠶᠢᠲᠤᠷ ᠳᠡᠯᠭᠡᠷᠡᠭᠦᠯᠵᠡᠢ᠃ | | | | |