ᠨᠠᠮᠤᠷ ᠤᠨ ᠤᠯᠠᠷᠢᠯ ᠳᠤ ᠠᠭᠤᠷ ᠠᠮᠢᠰᠬᠤᠯ ᠬᠦᠢᠲᠡᠷᠡᠵᠦ᠂ ᠤᠰᠤᠨ ᠤ ᠳᠤᠯᠠᠭᠠᠨ ᠳᠣᠷᠣᠭᠰᠢᠯᠠᠨ᠂ ᠬᠡᠰᠡᠭ | ᠭᠠᠵᠠᠷ ᠣᠷᠣᠨ ᠤ ᠳᠤᠯᠠᠭᠠᠨ ᠤ ᠬᠡᠮᠵᠢᠶ᠎ᠡ ᠭᠡᠨᠡᠳᠲᠡ ᠪᠠᠭᠤᠷᠠᠵᠤ᠂ ᠤᠰᠤᠨ ᠤ ᠣᠷᠴᠢᠨ ᠲᠣᠭᠤᠷᠢᠨ ᠤ ᠬᠤᠪᠢᠷᠠᠯᠲᠠ | ᠶᠡᠭᠡ ᠮᠥᠷᠲᠡᠭᠡᠨ ᠪᠤᠳᠤᠯᠢᠶᠠᠨᠲᠠᠢ ᠪᠠᠶᠢᠵᠤ᠂ ᠤᠰᠤᠨ ᠤ ᠭᠠᠷᠤᠯᠲᠠ ᠶᠢᠨ ᠠᠮᠢᠲᠠᠨ ᠤ ᠡᠪᠡᠳᠴᠢᠯᠡᠬᠦ ᠨᠣᠷᠮ᠎ᠠ ᠪᠠ | ᠦᠬᠦᠬᠦ ᠨᠣᠷᠮ᠎ᠠ ᠨᠡᠯᠢᠶᠡᠳ ᠥᠨᠳᠥᠷ ᠪᠤᠯᠳᠠᠭ᠃ ᠨᠠᠮᠤᠷ ᠤᠨ ᠤᠯᠠᠷᠢᠯ ᠤᠨ ᠤᠰᠤᠨ ᠤ ᠭᠠᠷᠤᠯᠲᠠ ᠶᠢᠨ ᠲᠡᠵᠢᠭᠡᠨ | ᠦᠷᠡᠵᠢᠭᠦᠯᠬᠦ ᠦᠢᠯᠡᠳᠪᠦᠷᠢᠯᠡᠯ ᠤᠨ ᠬᠠᠮᠢᠶᠠᠷᠤᠯᠲᠠ ᠶᠢ ᠰᠠᠶᠢᠲᠤᠷ ᠬᠢᠬᠦ ᠪᠣᠯ ᠲᠡᠵᠢᠭᠡᠨ ᠦᠷᠡᠵᠢᠭᠦᠯᠬᠦ ᠦᠢᠯᠡᠰ ᠤᠨ | ᠭᠠᠷᠤᠯᠲᠠ ᠶᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢᠨ ᠵᠠᠩᠭᠢᠯᠠᠭ᠎ᠠ ᠪᠣᠯᠣᠨ᠎ᠠ᠃ | 1. ᠢᠳᠡᠰᠢ ᠶᠢᠨ ᠬᠠᠮᠢᠶᠠᠷᠤᠯᠲᠠ᠄ ᠨᠠᠮᠤᠷ ᠤᠨ ᠡᠬᠢᠨ ᠤ ᠬᠤᠭᠤᠴᠠᠭᠠᠨ ᠳᠤ ᠠᠭᠤᠷ ᠠᠮᠢᠰᠬᠤᠯ ᠬᠦᠢᠲᠡᠷᠡᠵᠦ᠂ | ᠤᠰᠤᠨ ᠤ ᠳᠤᠯᠠᠭᠠᠨ ᠨᠢ ᠲᠡᠵᠢᠭᠡᠨ ᠦᠷᠡᠵᠢᠭᠦᠯᠬᠦ ᠵᠢᠭᠠᠰᠤᠨ ᠤ ᠲᠥᠷᠥᠯ ᠤᠨ ᠲᠦᠷᠭᠡᠨ ᠪᠤᠶᠢᠵᠢᠯᠲᠠ ᠳᠤ ᠲᠣᠬᠢᠷᠠᠨ᠎ᠠ᠂ | ᠲᠡᠵᠢᠭᠡᠬᠦ ᠳᠡᠭᠡᠨ ︽ᠳᠥᠷᠪᠡ ᠶᠢ ᠲᠣᠭᠲᠠᠭᠠᠬᠤ︾ ᠵᠠᠷᠴᠢᠮ ︵ᠴᠢᠨᠠᠷ ᠢ ᠲᠣᠭᠲᠠᠭᠠᠬᠤ᠂ ᠬᠡᠮᠵᠢᠶ᠎ᠡ ᠶᠢ ᠲᠣᠭᠲᠠᠭᠠᠬᠤ᠂ | ᠲᠣᠭᠲᠠᠭᠰᠠᠨ ᠴᠡᠭ ᠢ ᠲᠣᠭᠲᠠᠭᠠᠬᠤ᠂ ᠲᠣᠭᠲᠠᠭᠰᠠᠨ ᠴᠠᠭ ᠢ ᠲᠣᠭᠲᠠᠭᠠᠬᠤ︶ ᠶᠣᠰᠣᠭᠠᠷ ᠶᠠᠪᠤᠭᠳᠠᠭᠤᠯᠤᠨ᠎ᠠ᠃ | ᠢᠳᠡᠭᠦᠯᠬᠦ ᠤᠳᠠᠭ᠎ᠠ ᠪᠠ ᠢᠳᠡᠭᠦᠯᠬᠦ ᠬᠡᠮᠵᠢᠶ᠎ᠡ ᠶᠢ ᠴᠠᠭ ᠠᠭᠤᠷ᠂ ᠤᠰᠤᠨ ᠤ ᠳᠤᠯᠠᠭᠠᠨ᠂ ᠲᠡᠵᠢᠭᠡᠨ ᠦᠷᠡᠵᠢᠭᠦᠯᠬᠦ | ᠤᠰᠤᠨ ᠴᠣᠭᠴᠠ ᠶᠢᠨ ᠤᠰᠤᠨ ᠤ ᠴᠢᠨᠠᠷ᠂ ᠲᠡᠵᠢᠭᠡᠨ ᠦᠷᠡᠵᠢᠭᠦᠯᠬᠦ ᠵᠢᠭᠠᠰᠤᠨ ᠤ ᠲᠥᠷᠥᠯ ᠤᠨ ᠢᠳᠡᠰᠢᠯᠡᠬᠦ ᠪᠠᠶᠢᠳᠠᠯ | ᠵᠡᠷᠭᠡ ᠶᠢ ᠦᠨᠳᠦᠰᠦᠯᠡᠨ ᠴᠠᠭ ᠲᠤᠬᠠᠢ ᠳᠤᠨᠢ ᠲᠣᠬᠢᠷᠠᠭᠤᠯᠤᠯᠲᠠ ᠬᠢᠵᠦ᠂ ᠢᠳᠡᠭᠦᠯᠬᠦ ᠬᠡᠮᠵᠢᠶ᠎ᠡ ᠶᠢ ᠲᠡᠵᠢᠭᠡᠨ | ᠦᠷᠡᠵᠢᠭᠦᠯᠵᠦ ᠪᠠᠶᠢᠭ᠎ᠠ ᠵᠢᠭᠠᠰᠤᠨ ᠤ ᠲᠥᠷᠥᠯ ᠤᠨ 7︱8 ᠬᠤᠪᠢ ᠶᠢᠨ ᠴᠠᠳᠬᠤ ᠬᠡᠮᠵᠢᠶᠡᠨ ᠳᠤ ᠬᠦᠷᠦᠭᠦᠯᠪᠡᠯ | ᠵᠣᠬᠢᠨ᠎ᠠ᠃ ᠨᠠᠮᠤᠷ ᠤᠨ ᠳᠤᠮᠳᠠᠴᠢ ᠰᠡᠭᠦᠯᠴᠢ ᠪᠤᠯᠵᠤ ᠤᠰᠤᠨ ᠤ ᠳᠤᠯᠠᠭᠠᠨ ᠠᠭᠠᠵᠢᠮ ᠢᠶᠠᠷ ᠪᠠᠭᠤᠷᠠᠬᠤ ᠳᠤ | ᠵᠢᠭᠠᠰᠤᠨ ᠤ ᠢᠳᠡᠰᠢᠯᠡᠬᠦ ᠬᠡᠮᠵᠢᠶ᠎ᠡ ᠴᠦ ᠪᠠᠭᠠᠰᠳᠠᠭ ᠲᠤᠯᠠ ᠢᠳᠡᠭᠦᠯᠬᠦ ᠤᠳᠠᠭ᠎ᠠ ᠪᠠ ᠢᠳᠡᠭᠦᠯᠬᠦ ᠬᠡᠮᠵᠢᠶ᠎ᠡ ᠶᠢ | ᠪᠠᠭᠠᠰᠬᠠᠵᠤ᠂ ᠵᠢᠭᠠᠰᠤᠨ ᠤ ᠡᠪᠦᠯᠵᠢᠬᠦ ᠳᠤ ᠭᠦᠢᠴᠡᠳ ᠰᠢᠮ᠎ᠡ ᠲᠡᠵᠢᠭᠡᠯ ᠪᠠ ᠡᠨᠧᠷᠭᠢ ᠨᠥᠭᠡᠴᠡᠯᠡᠵᠦ ᠥᠭᠭᠦᠨ᠎ᠡ᠃ | 2. ᠤᠰᠤᠨ ᠤ ᠴᠢᠨᠠᠷ ᠤᠨ ᠬᠠᠮᠢᠶᠠᠷᠤᠯᠲᠠ᠄ ᠶᠡᠷᠦ ᠳᠡᠭᠡᠨ 7—10 ᠡᠳᠦᠷ ᠲᠤ ᠨᠢᠭᠡ ᠤᠳᠠᠭ᠎ᠠ ᠰᠢᠨ᠎ᠡ | ᠤᠰᠤ ᠨᠡᠮᠡᠵᠦ᠂ ᠤᠳᠠᠭ᠎ᠠ ᠪᠦᠷᠢ 20 ᠰᠠᠨᠲ᠋ᠢᠮᠧᠲᠷ ᠠᠴᠠ ᠬᠡᠲᠦᠷᠡᠭᠦᠯᠵᠦ ᠪᠣᠯᠬᠤ ᠦᠭᠡᠢ᠂ ᠵᠢᠭᠠᠰᠤᠨ ᠴᠥᠭᠦᠷᠥᠮ ᠤᠨ | ᠤᠰᠤᠨ ᠤ ᠲᠦᠪᠰᠢᠨ ᠢ ᠨᠡᠯᠢᠶᠡᠳ ᠥᠨᠳᠥᠷ ᠲᠦᠪᠰᠢᠨ ᠳᠤ ᠪᠠᠶᠢᠯᠭᠠᠵᠤ᠂ ᠵᠢᠭᠠᠰᠤᠨ ᠴᠥᠭᠦᠷᠥᠮ ᠤᠨ ᠵᠢᠭᠠᠰᠤᠨ ᠤ | ᠳᠠᠭᠠᠭᠠᠴᠠ ᠶᠢ ᠳᠡᠭᠡᠭᠰᠢᠯᠡᠭᠦᠯᠬᠦ ᠶᠢᠨ ᠬᠠᠮᠲᠤ ᠤᠰᠤᠨ ᠤ ᠳᠤᠯᠠᠭᠠᠨ ᠤ ᠬᠡᠯᠪᠡᠯᠵᠡᠯᠲᠡ ᠶᠢ ᠪᠦᠲᠦᠮᠵᠢᠲᠡᠶ | ᠤᠳᠠᠭᠠᠰᠢᠷᠠᠭᠤᠯᠤᠨ᠎ᠠ᠃ ᠰᠢᠨ᠎ᠡ ᠤᠰᠤ ᠨᠡᠮᠡᠬᠦ ᠦᠶ᠎ᠡ ᠳᠤ᠂ ᠠᠯᠢ ᠴᠢᠳᠠᠬᠤ ᠪᠠᠷ ᠤᠰᠤᠨ ᠤ ᠢᠷᠤᠭᠠᠷ ᠢ ᠬᠦᠴᠦᠲᠡᠢ | ᠬᠥᠨᠳᠡᠬᠦ ᠠᠴᠠ ᠵᠠᠶᠢᠯᠠᠰᠬᠢᠨ᠎ᠡ᠃ ᠣᠷᠣᠢ ᠤᠰᠤ ᠨᠡᠮᠡᠬᠦ ᠠᠴᠠ ᠪᠣᠯᠵᠤ ᠴᠥᠭᠦᠷᠥᠮ ᠤᠨ ᠤᠰᠤᠨ ᠳᠤ ᠬᠦᠴᠢᠯᠲᠥ᠋ᠷᠥᠭᠴᠢ | ᠳᠤᠲᠠᠬᠤ ᠠᠴᠠ ᠵᠶᠢᠯᠠᠰᠬᠢᠨᠡ᠃ ᠬᠦᠴᠢᠯᠲᠥ᠋ᠷᠥᠭᠴᠢ ᠨᠡᠮᠡᠭᠳᠡᠭᠦᠯᠬᠦ ᠮᠠᠰᠢᠨ ᠢ ᠵᠣᠬᠢᠰᠲᠠᠢ ᠬᠡᠷᠡᠭᠯᠡᠨ ᠵᠢᠭᠠᠰᠤᠨ | ᠴᠥᠭᠦᠷᠥᠮ ᠤᠨ ᠬᠦᠴᠢᠯᠲᠥ᠋ᠷᠥᠭᠴᠢ ᠠᠭᠤᠰᠬᠠᠬᠤ ᠬᠡᠮᠵᠢᠶ᠎ᠡ ᠶᠢ ᠨᠡᠮᠡᠭᠳᠡᠭᠦᠯᠦᠨ᠎ᠡ᠂ ᠶᠡᠷᠦ ᠳᠡᠭᠡᠨ ᠲᠤᠩᠭᠠᠯᠠᠭ | ᠡᠳᠦᠷ ᠤᠨ ᠦᠳᠡ ᠳᠤ᠂ ᠪᠦᠷᠬᠦᠭ ᠪᠣᠷᠣᠭᠠᠨ ᠲᠠᠢ ᠡᠳᠦᠷ ᠤᠨ ᠥᠷᠯᠥᠭᠡ᠂ ᠪᠦᠷᠬᠦᠭ ᠪᠣᠷᠣᠭᠠᠨ ᠲᠠᠢ ᠡᠳᠦᠷ ᠤᠨ | ᠰᠥᠨᠢ ᠳᠤ 2—3 ᠴᠠᠭ ᠨᠡᠭᠡᠭᠡᠨ᠎ᠡ᠃ ᠪᠦᠬᠦᠯᠢ 24 ᠴᠠᠭ ᠲᠤ ᠴᠥᠭᠦᠷᠥᠮ ᠤᠨ ᠤᠰᠤᠨ ᠳᠤ ᠠᠭᠤᠰᠬᠤ | ᠬᠦᠴᠢᠯᠲᠥ᠋ᠷᠥᠭᠴᠢ ᠶᠢ 5mg/L ᠠᠴᠠ ᠳᠡᠭᠡᠭᠰᠢ ᠪᠠᠶᠢᠯᠭᠠᠬᠤ ᠶᠢ ᠪᠠᠲᠤᠯᠠᠨ᠎ᠠ᠃ ᠤᠰᠤᠨ ᠤ ᠴᠢᠨᠠᠷ ᠢ ᠬᠢᠨᠠᠨ | ᠬᠡᠮᠵᠢᠬᠦ ᠶᠢ ᠴᠢᠩᠭᠠᠳᠬᠠᠵᠤ᠂ ᠴᠥᠭᠦᠷᠥᠮ ᠤᠨ ᠤᠰᠤᠨ ᠤ ᠬᠦᠴᠢᠯᠲᠥ᠋ᠷᠥᠭᠴᠢ ᠠᠭᠤᠰᠬᠠᠬᠤ᠂ pH ᠬᠡᠮᠵᠢᠭᠳᠡᠯ᠂ | ᠰᠢᠪᠲᠦᠷᠲᠦ ᠠᠽᠣᠲ᠂ ᠳᠤᠲᠠᠭᠤ ᠠᠽᠣᠲ ᠬᠦᠴᠢᠯ ᠤᠨ ᠳᠠᠪᠤᠰᠤ᠂ ᠲᠤᠩᠭᠠᠯᠠᠭ ᠤᠨ ᠬᠡᠮᠵᠢᠶ᠎ᠡ ᠵᠡᠷᠭᠡ ᠭᠦᠢᠴᠡᠳᠬᠡᠯ | ᠲᠤᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠰᠢᠯᠭᠠᠵᠤ᠂ ᠬᠡᠪ ᠤᠨ ᠪᠤᠰᠤ ᠪᠠᠶᠢᠳᠠᠯ ᠢ ᠣᠯᠵᠤ ᠮᠡᠳᠡᠪᠡᠯ | ᠴᠠᠭ ᠲᠤᠬᠠᠢ ᠳᠤᠨᠢ ᠤᠰᠤ ᠰᠣᠯᠢᠬᠤ᠂ ᠬᠦᠴᠢᠯᠲᠥ᠋ᠷᠥᠭᠴᠢ ᠨᠡᠮᠡᠭᠳᠡᠭᠦᠯᠬᠦ᠂ ᠠᠷᠢᠭᠤᠳᠬᠠᠬᠤ ᠵᠡᠷᠭᠡ ᠠᠷᠭᠠᠴᠠᠬᠤ ᠠᠷᠭ᠎ᠠ | ᠬᠡᠮᠵᠢᠶ᠎ᠡ ᠠᠪᠴᠤ᠂ ᠵᠢᠭᠠᠰᠤᠨ ᠴᠥᠭᠦᠷᠥᠮ ᠤᠨ ᠤᠰᠤᠨ ᠤ ᠴᠢᠨᠠᠷ ᠤᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠬᠤ | ᠬᠡᠷᠡᠭᠲᠡᠢ᠃ | 3. ᠡᠳᠦᠷ ᠲᠤᠳᠤᠮ ᠤᠨ ᠬᠠᠮᠢᠶᠠᠷᠤᠯᠲᠠ᠄ ᠡᠳᠦᠷ ᠪᠦᠷᠢ ᠦᠷᠯᠦᠭᠡ ᠡᠷᠲᠡ᠂ ᠦᠳᠡ᠂ ᠣᠷᠣᠢ ᠨᠠᠭᠤᠷ | ᠲᠣᠭᠤᠷᠢᠵᠤ᠂ ᠵᠢᠭᠠᠰᠤᠨ ᠤ ᠠᠵᠢᠯᠯᠠᠭ᠎ᠠ᠂ ᠢᠳᠡᠵᠦ ᠪᠠᠶᠢᠭ᠎ᠠ ᠪᠠᠶᠢᠳᠠᠯ ᠵᠡᠷᠭᠡ ᠪᠠᠶᠢᠳᠠᠯ ᠢ ᠠᠵᠢᠭᠯᠠᠵᠤ᠂ ᠡᠭᠦᠨ ᠢ | ᠦᠨᠳᠦᠰᠦᠯᠡᠨ ᠲᠡᠵᠢᠭᠡᠬᠦ᠂ ᠤᠰᠤᠨ ᠤ ᠴᠢᠨᠠᠷ ᠢ ᠬᠠᠮᠢᠶᠠᠷᠬᠤ ᠵᠡᠷᠭᠡ ᠠᠷᠭ᠎ᠠ ᠬᠡᠮᠵᠢᠶ᠎ᠡ ᠶᠢ ᠲᠣᠬᠢᠷᠠᠭᠤᠯᠤᠨ᠎ᠠ᠃ ᠤᠰᠤᠨ | ᠳᠣᠲᠣᠷᠠᠬᠢ ᠦᠬᠦᠭᠰᠡᠨ ᠵᠢᠭᠠᠰᠤ᠂ ᠪᠤᠵᠠᠷ ᠡᠪᠡᠰᠦ᠂ ᠬᠥᠪᠥᠮᠡᠯ ᠪᠣᠳᠠᠰ ᠵᠡᠷᠭᠡ ᠶᠢ ᠴᠠᠭ ᠲᠤᠬᠠᠢ ᠳᠤᠨᠢ ᠴᠡᠪᠡᠷᠯᠡᠨ | ᠠᠷᠢᠯᠭᠠᠵᠤ᠂ ᠤᠰᠤᠨ ᠤ ᠴᠢᠨᠠᠷ ᠮᠠᠭᠤᠳᠠᠬᠤ ᠠᠴᠠ ᠰᠡᠷᠭᠡᠶᠢᠯᠡᠬᠦ ᠬᠡᠷᠡᠭᠲᠡᠢ᠃ ᠴᠥᠭᠦᠷᠥᠮ ᠤᠨ ᠤᠰᠤᠨ ᠳᠤ | ᠬᠦᠴᠢᠯᠲᠥ᠋ᠷᠥᠭᠴᠢ ᠠᠭᠤᠰᠤᠭᠰᠠᠨ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠵᠤ᠂ ᠵᠢᠭᠠᠰᠤᠨ ᠤ ᠲᠥᠷᠥᠯ ᠤᠨ ᠤᠷᠢᠳᠤ | ᠰᠥᠨᠢ ᠠᠴᠠ ᠳᠠᠷᠠᠭ᠎ᠠ ᠡᠳᠦᠷ ᠤᠨ ᠦᠷ ᠴᠠᠶᠢᠲᠠᠯ᠎ᠠ ᠲᠣᠯᠣᠭᠠᠢ ᠪᠠᠨ ᠴᠣᠬᠤᠶᠢᠯᠭᠠᠬᠤ᠂ ᠵᠢᠭᠠᠰᠤ ᠶᠡᠭᠡ ᠬᠡᠮᠵᠢᠶ᠎ᠡ ᠪᠠᠷ | ᠦᠬᠦᠬᠦ ᠠᠴᠠ ᠰᠡᠷᠭᠡᠶᠢᠯᠡᠨ᠎ᠡ︔ ᠵᠢᠭᠠᠰᠤᠨ ᠤ ᠰᠦᠷᠦᠭ ᠨᠢ ᠲᠣᠯᠣᠭᠠᠢ ᠪᠠᠨ ᠴᠣᠬᠤᠶᠢᠯᠭᠠᠬᠤ ᠰᠢᠨᠵᠢ ᠲᠠᠢ ᠦᠶ᠎ᠡ ᠳᠤ | ᠳᠠᠷᠤᠢ ᠲᠦᠷᠭᠡᠨ ᠬᠦᠴᠢᠯᠲᠥ᠋ᠷᠥᠭᠴᠢ ᠨᠡᠮᠡᠭᠳᠡᠭᠦᠯᠬᠦ ᠮᠠᠰᠢᠨ ᠢᠶᠠᠨ ᠨᠡᠭᠡᠭᠡᠨ᠎ᠡ᠃ ᠬᠦᠴᠢᠯᠲᠥ᠋ᠷᠥᠭᠴᠢ ᠨᠡᠮᠡᠭᠳᠡᠭᠦᠯᠬᠦ | ᠮᠠᠰᠢᠨ ᠲᠣᠬᠢᠷᠠᠭᠤᠯᠤᠭᠰᠠᠨ ᠦᠭᠡᠢ ᠪᠤᠶᠤ ᠴᠠᠬᠢᠯᠭᠠᠨ ᠵᠣᠭᠰᠣᠬᠤ ᠠᠶᠤᠯ ᠲᠠᠢ ᠪᠠᠶᠢᠪᠠᠯ᠂ ᠰᠢᠨ᠎ᠡ ᠤᠰᠤ ᠨᠡᠮᠡᠬᠦ ᠪᠤᠶᠤ | ᠪᠦᠬᠦ ᠲᠠᠲᠠᠭᠠᠯ ᠳᠤ ᠬᠦᠴᠢᠯᠲᠥ᠋ᠷᠥᠭᠴᠢ ᠨᠡᠮᠡᠭᠳᠡᠭᠦᠯᠬᠦ ᠡᠳ᠋ ᠰᠠᠴᠤᠬᠤ ᠠᠷᠭ᠎ᠠ ᠪᠠᠷ ᠬᠦᠴᠢᠯᠲᠥ᠋ᠷᠥᠭᠴᠢ ᠶᠢ | ᠨᠡᠮᠡᠭᠳᠡᠭᠦᠯᠦᠨ᠎ᠡ᠃ ᠠᠯᠢ ᠴᠢᠳᠠᠬᠤ ᠪᠠᠷ ᠵᠢᠭᠠᠰᠤᠨ ᠤ ᠪᠡᠶ᠎ᠡ ᠰᠢᠷᠬᠠᠲᠤᠬᠤ ᠠᠴᠠ ᠵᠠᠶᠢᠯᠠᠰᠬᠢᠵᠦ᠂ ᠵᠢᠭᠠᠰᠤᠨ ᠤ ᠪᠡᠶ᠎ᠡ | ᠰᠢᠷᠬᠠᠲᠤᠭᠰᠠᠨ ᠪᠠᠶᠢᠪᠠᠯ ᠳᠠᠷᠤᠶᠢᠬᠠᠨ ᠠᠷᠢᠭᠤᠳᠬᠠᠬᠤ ᠠᠷᠭ᠎ᠠ ᠬᠡᠮᠵᠢᠶ᠎ᠡ ᠠᠪᠤᠨ᠎ᠠ᠃ ᠰᠥᠨᠢ ᠳᠡᠭᠡᠨ ᠬᠤᠯᠠᠭᠠᠢ ᠶᠢ | ᠰᠡᠷᠭᠡᠶᠢᠯᠡᠬᠦ ᠲᠣᠭᠤᠷᠢᠨ ᠪᠠᠶᠢᠴᠠᠭᠠᠯᠲᠠ ᠶᠢ ᠴᠢᠩᠭᠠᠳᠬᠠᠬᠤ ᠬᠡᠷᠡᠭᠲᠡᠢ᠃ | 4. ᠴᠠᠭ ᠲᠤᠨᠢ ᠲᠣᠬᠢᠷᠠᠭᠤᠯᠤᠨ ᠠᠩᠨᠠᠨ᠎ᠠ᠄ ᠵᠠᠬ᠎ᠠ ᠳᠡᠯᠭᠡᠭᠦᠷ ᠤᠨ ᠬᠤᠳᠠᠯᠳᠤᠬᠤ ᠦᠨ᠎ᠡ ᠶᠢ ᠦᠨᠳᠦᠰᠦᠯᠡᠨ᠂ | ᠴᠠᠭ ᠲᠤᠨᠢ ᠲᠣᠬᠢᠷᠠᠭᠤᠯᠤᠨ ᠵᠠᠬ᠎ᠠ ᠳᠡᠯᠭᠡᠭᠦᠷ ᠲᠤ ᠭᠠᠷᠭᠠᠬᠤ ᠪᠠᠷᠢᠮᠵᠢᠶ᠎ᠠ ᠳᠤ ᠬᠦᠷᠦᠭᠰᠡᠨ ᠲᠣᠮᠣ ᠵᠢᠭᠠᠰᠤ ᠶᠢ | ᠠᠩᠨᠠᠨ᠎ᠠ᠂ ᠢᠩᠭᠢᠪᠡᠯ ᠵᠢᠭᠠᠰᠤᠨ ᠴᠥᠭᠦᠷᠥᠮ ᠳᠠᠬᠢ ᠲᠡᠵᠢᠭᠡᠨ ᠦᠷᠡᠵᠢᠭᠦᠯᠬᠦ ᠵᠢᠭᠠᠰᠤᠨ ᠤ ᠲᠥᠷᠥᠯ ᠤᠨ ᠨᠢᠭᠲᠠᠴᠠ ᠶᠢ | ᠪᠠᠭᠤᠷᠠᠭᠤᠯᠵᠤ᠂ ᠵᠢᠭᠠᠰᠤᠨ ᠴᠥᠭᠦᠷᠥᠮ ᠤᠨ ᠵᠢᠭᠠᠰᠤᠨ ᠤ ᠳᠠᠭᠠᠭᠠᠴᠠ ᠶᠢᠨ ᠳᠠᠷᠤᠯᠲᠠ ᠶᠢ ᠪᠠᠭᠤᠷᠠᠭᠤᠯᠤᠨ᠂ | ᠦᠯᠡᠳᠡᠭᠰᠡᠨ ᠲᠡᠵᠢᠭᠡᠨ ᠦᠷᠡᠵᠢᠭᠦᠯᠬᠦ ᠵᠢᠭᠠᠰᠤᠨ ᠤ ᠲᠥᠷᠥᠯ ᠤᠨ ᠥᠰᠦᠯᠲᠡ ᠶᠢ ᠠᠬᠢᠭᠤᠯᠤᠨ᠎ᠠ︔ ᠡᠭᠦᠨ ᠤ ᠬᠠᠮᠲᠤ | ᠲᠠᠸᠠᠷ ᠤᠨ ᠵᠢᠭᠠᠰᠤᠨ ᠤ ᠵᠠᠬ᠎ᠠ ᠳᠡᠯᠭᠡᠭᠦᠷ ᠲᠤ ᠲᠥᠪᠯᠡᠷᠡᠨ ᠭᠠᠷᠬᠤ ᠣᠷᠭᠢᠯ ᠤᠨ ᠬᠤᠭᠤᠴᠠᠭ᠎ᠠ ᠠᠴᠠ ᠵᠠᠶᠢᠯᠠᠰᠬᠢᠨ᠎ᠡ᠃ | ᠠᠩᠨᠠᠬᠤ ᠠᠴᠠ ᠡᠮᠦᠨ᠎ᠡ ᠨᠢᠭᠡ ᠡᠳᠦᠷ ᠤᠨ ᠡᠮᠦᠨ᠎ᠡ᠂ ᠲᠡᠵᠢᠭᠡᠬᠦ ᠪᠠᠨ ᠵᠣᠭᠰᠣᠬᠤ ᠪᠤᠶᠤ ᠲᠡᠵᠢᠭᠡᠬᠦ ᠶᠢ ᠨᠢ ᠪᠠᠭᠠᠰᠬᠠᠨ᠎ᠠ᠂ | ᠵᠢᠭᠠᠰᠤ ᠴᠠᠳᠲᠠᠯ᠎ᠠ ᠢᠳᠡᠪᠡᠯ ᠥᠭᠡᠰᠢ ᠲᠠᠲᠠᠬᠤ᠂ ᠵᠥᠭᠡᠭᠡᠪᠦᠷᠢᠯᠡᠬᠦ ᠶᠠᠪᠤᠴᠠ ᠳᠤ ᠠᠮᠠᠷᠬᠠᠨ ᠦᠬᠦᠳᠡᠭ᠃ | ᠠᠩᠨᠠᠬᠤ ᠠᠴᠠ ᠡᠮᠦᠨ᠎ᠡ ᠨᠢᠭᠡ ᠡᠳᠦᠷ ᠤᠨ ᠳᠣᠲᠣᠷ᠎ᠠ ᠲᠡᠵᠢᠭᠡᠬᠦ ᠪᠠᠨ ᠵᠣᠭᠰᠣᠨ᠎ᠠ᠃ ᠠᠩᠨᠠᠬᠤ ᠳᠠᠭᠠᠨ ᠴᠠᠭ | ᠠᠭᠤᠷ ᠨᠢ ᠲᠤᠩᠭᠠᠯᠠᠭ ᠰᠠᠶᠢᠬᠠᠨ᠂ ᠤᠰᠤᠨ ᠤ ᠳᠤᠯᠠᠭᠠᠨ ᠨᠢ ᠲᠣᠬᠢᠷᠠᠮᠵᠢᠲᠠᠢ᠂ ᠬᠦᠴᠢᠯᠲᠥ᠋ᠷᠥᠭᠴᠢ ᠠᠭᠤᠰᠬᠤ ᠨᠢ | ᠨᠡᠯᠢᠶᠡᠳ ᠥᠨᠳᠥᠷ᠂ ᠵᠢᠭᠠᠰᠤ ᠲᠣᠯᠣᠭᠠᠢ ᠪᠠᠨ ᠴᠣᠬᠤᠶᠢᠯᠭᠠᠬᠤ ᠦᠭᠡᠢ ᠦᠷ ᠴᠠᠶᠢᠬᠤ ᠦᠶ᠎ᠡ ᠳᠤ ᠠᠩᠨᠠᠳᠠᠭ᠃ | ᠪᠦᠭᠴᠢᠮ᠎ᠡ ᠬᠠᠯᠠᠭᠤᠨ᠂ ᠣᠷᠣᠢ ᠪᠣᠯᠬᠤ ᠳᠤ ᠵᠢᠭᠠᠰᠤ ᠲᠣᠯᠣᠭᠠᠢ ᠪᠠᠨ ᠴᠣᠬᠤᠶᠢᠯᠭᠠᠬᠤ ᠦᠶ᠎ᠡ ᠳᠤ ᠥᠭᠡᠰᠢ ᠲᠠᠲᠠᠵᠤ | ᠠᠩᠨᠠᠵᠤ ᠱᠦᠭᠦᠵᠦ ᠪᠣᠯᠬᠤ ᠦᠭᠡᠢ᠃ ᠲᠣᠣᠷ ᠲᠠᠲᠠᠭᠰᠠᠨ ᠤ ᠳᠠᠷᠠᠭ᠎ᠠ ᠬᠦᠴᠢᠯᠲᠥ᠋ᠷᠥᠭᠴᠢ ᠨᠡᠮᠡᠬᠦ ᠮᠠᠰᠢᠨ ᠢ ᠴᠠᠭ | ᠲᠤᠬᠠᠢ ᠳᠤᠨᠢ ᠨᠡᠭᠡᠭᠡᠵᠦ᠂ ᠵᠣᠬᠢᠬᠤ ᠬᠡᠮᠵᠢᠶᠡᠨ ᠤ ᠰᠢᠨ᠎ᠡ ᠤᠰᠤ ᠨᠡᠮᠡᠵᠦ ᠣᠷᠣᠭᠤᠯᠤᠨ᠎ᠠ᠃ | ᠡᠳᠦᠷ ᠪᠦᠷᠢ ᠵᠢᠭᠠᠰᠤᠨ ᠴᠥᠭᠦᠷᠥᠮ ᠤᠨ ᠬᠥᠪᠡᠭᠡ ᠪᠠᠷ ᠵᠢᠭᠠᠰᠤᠨ ᠤ ᠠᠵᠢᠯᠯᠠᠭ᠎ᠠ ᠶᠢᠨ ᠪᠠᠶᠢᠳᠠᠯ᠂ ᠢᠳᠡᠵᠦ | ᠪᠠᠶᠢᠭ᠎ᠠ ᠪᠠᠶᠢᠳᠠᠯ᠂ ᠪᠡᠶ᠎ᠡ ᠶᠢᠨ ᠥᠩᠭᠡ ᠵᠡᠷᠭᠡ ᠶᠢ ᠪᠠᠶᠢᠴᠠᠭᠠᠨ᠎ᠠ᠃ ᠠᠵᠢᠭᠯᠠᠬᠤ ᠳᠤ ᠠᠮᠢᠵᠢᠷᠠᠯ ᠤᠨ ᠬᠦᠴᠦᠨ ᠢᠶᠠᠷ | ᠠᠨᠠᠢ᠂ ᠵᠠᠶᠢᠯᠠᠬᠤ ᠲᠤᠰᠬᠠᠯ ᠨᠢ ᠪᠠᠭᠤᠷᠠᠢ᠂ ᠪᠡᠶ᠎ᠡ ᠶᠢᠨ ᠥᠩᠭᠡ ᠨᠢ ᠪᠦᠳᠡᠭᠢ ᠪᠤᠶᠤ ᠬᠠᠷᠠᠯᠠᠵᠤ᠂ ᠵᠢᠭᠠᠰᠤᠨ ᠤ | ᠪᠡᠶ᠎ᠡ ᠶᠢᠨ ᠭᠠᠳᠠᠷ ᠪᠠᠶᠢᠳᠠᠯ ᠨᠢ ᠳᠤᠲᠠᠭᠤ᠂ ᠴᠠᠶᠢᠷᠠᠬᠤ᠂ ᠲᠣᠯᠣᠭᠠᠢ ᠪᠠᠨ ᠴᠣᠬᠤᠶᠢᠯᠭᠠᠬᠤ᠂ ᠰᠦᠷᠦᠭ ᠠᠴᠠ ᠪᠠᠨ | ᠰᠠᠯᠬᠤ᠂ ᠮᠠᠩᠰᠢᠭᠤᠷᠠᠨ ᠤᠨᠲᠠᠵᠤ ᠬᠥᠳᠡᠯᠬᠦ ᠦᠭᠡᠢ᠂ ᠢᠳᠡᠰᠢ ᠭᠤᠯᠣᠵᠤ ᠪᠠᠶᠢᠪᠠᠯ ᠵᠢᠭᠠᠰᠤᠨ ᠤ ᠡᠷᠡᠭᠦᠯ ᠮᠡᠨᠳᠦ ᠳᠤ | ᠠᠰᠠᠭᠤᠳᠠᠯ ᠭᠠᠷᠤᠭᠰᠠᠨ ᠪᠠᠶᠢᠵᠤ ᠮᠡᠳᠡᠨ᠎ᠡ᠃ ᠤᠯᠠᠮ ᠨᠢᠭᠡ ᠠᠯᠬᠤᠮ ᠪᠠᠶᠢᠴᠠᠭᠠᠵᠤ᠂ ᠡᠪᠡᠳᠴᠢᠨ ᠤ ᠰᠢᠯᠲᠠᠭᠠᠨ ᠢ ᠨᠢ | ᠲᠣᠭᠲᠠᠭᠠᠭᠰᠠᠨ ᠤ ᠳᠠᠷᠠᠭ᠎ᠠ ᠴᠠᠭ ᠲᠤᠬᠠᠢ ᠳᠤᠨᠢ ᠬᠠᠨᠳᠤᠯᠭᠠᠲᠤ ᠴᠢᠨᠠᠷᠲᠠᠢ ᠬᠢᠵᠠᠭᠠᠷᠯᠠᠬᠤ ᠠᠷᠭ᠎ᠠ ᠬᠡᠮᠵᠢᠶ᠎ᠡ ᠠᠪᠬᠤ | ᠴᠢᠬᠤᠯᠠᠲᠠᠢ᠃ ᠡᠮ ᠢ ᠰᠣᠩᠭᠤᠬᠤ ᠳᠠᠭᠠᠨ ︽ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠳᠤ ᠡᠮ ᠬᠡᠷᠡᠭᠯᠡᠬᠦ | ᠲᠣᠳᠣᠷᠬᠠᠢ ᠴᠠᠭᠠᠰᠤ 2022 ᠣᠨ ᠤ 1᠂ 2 ᠳ᠋ᠤᠭᠠᠷ ᠲᠣᠭᠠᠲᠤ︾ ᠶᠢ ᠦᠨᠳᠦᠰᠦᠯᠡᠬᠦ ᠬᠡᠷᠡᠭᠲᠡᠢ᠃ |