ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠮᠠᠯ ᠤᠨ ᠡᠭᠦᠯᠳᠡᠷ ᠢ ᠬᠢᠨᠠᠨ ᠲᠣᠭᠲᠠᠭᠠᠬᠤ ᠵᠥᠪᠯᠡᠯ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠷ᠎ᠠ ᠪᠤᠷᠴᠠᠭ ᠤᠨ ᠡᠭᠦᠯᠳᠡᠷ ᠢ ᠬᠢᠨᠠᠨ ᠲᠣᠭᠲᠠᠭᠠᠬᠤ ᠪᠠᠷᠢᠮᠵᠢᠶ᠎ᠠ ︵2024 ᠣᠨ ᠳᠤ ᠵᠠᠰᠠᠪᠤᠷᠢ ᠤᠷᠤᠭᠤᠯᠤᠭᠰᠠᠨ︶︾ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/11/14
ᠥᠪᠡᠷᠲᠡᠭᠡᠨ ᠵᠠᠰᠠᠬᠤ ᠣᠷᠣᠨ ᠤ ᠲᠠᠷᠢᠮᠠᠯ ᠤᠨ ᠡᠭᠦᠯᠳᠡᠷ ᠢ ᠬᠢᠨᠠᠨ ᠲᠣᠭᠲᠠᠭᠠᠬᠤ ᠵᠥᠪᠯᠡᠯ ᠤᠨ ᠡᠯ᠎ᠡ ᠲᠤᠰᠬᠠᠢ ᠮᠡᠷᠭᠡᠵᠢᠯ ᠤᠨ ᠵᠥᠪᠯᠡᠯ ᠳᠤ᠄      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠷ᠎ᠡ ᠶᠢᠨ ᠬᠠᠤᠯᠢ︾ ᠵᠢᠴᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ︽ᠭᠤᠣᠯ ᠪᠣᠯᠬᠤ ᠲᠠᠷᠢᠮᠠᠯ ᠤᠨ ᠡᠭᠦᠯᠳᠡᠷ ᠢ ᠬᠢᠨᠠᠨ ᠲᠣᠭᠲᠠᠭᠠᠬᠤ ᠠᠷᠭ᠎ᠠ︾ ᠶᠢ ᠦᠨᠳᠦᠰᠦᠯᠡᠵᠦ᠂ ︽ᠤᠯᠤᠰ ᠤᠨ ᠲᠠᠰ ᠤᠨ ᠰᠢᠷ᠎ᠠ ᠪᠤᠷᠴᠠᠭ ᠤᠨ ᠡᠭᠦᠯᠳᠡᠷ ᠢ ᠬᠢᠨᠠᠨ ᠲᠣᠭᠲᠠᠭᠠᠬᠤ ᠪᠠᠷᠢᠮᠵᠢᠶ᠎ᠠ ︵2023 ᠣᠨ  ᠳᠤ ᠵᠠᠰᠠᠪᠤᠷᠢ ᠤᠷᠤᠭᠤᠯᠤᠭᠰᠠᠨ︶︾ ᠪᠠᠷ ᠯᠠᠪᠯᠠᠯᠲᠠ ᠪᠣᠯᠭᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠮᠠᠯ ᠤᠨ ᠡᠭᠦᠯᠳᠡᠷ ᠢ ᠬᠢᠨᠠᠨ ᠲᠣᠭᠲᠠᠭᠠᠬᠤ ᠵᠥᠪᠯᠡᠯ ᠠᠴᠠ ᠮᠠᠨ ᠤ ᠣᠷᠣᠨ ᠤ ᠰᠢᠷ᠎ᠠ ᠪᠤᠷᠴᠠᠭ ᠤᠨ ᠡᠭᠦᠯᠳᠡᠷ ᠢ ᠬᠢᠨᠠᠨ ᠲᠣᠭᠲᠠᠭᠠᠬᠤ ᠪᠠᠷᠢᠮᠵᠢᠶ᠎ᠠ ᠳᠤ ᠵᠠᠰᠠᠪᠤᠷᠢ ᠣᠷᠣᠭᠤᠯᠵᠤ᠂ ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠷ᠎ᠠ ᠪᠤᠷᠴᠠᠭ ᠤᠨ ᠡᠭᠦᠯᠳᠡᠷ ᠢ ᠬᠢᠨᠠᠨ ᠲᠣᠭᠲᠠᠭᠠᠬᠤ ᠪᠠᠷᠢᠮᠵᠢᠶ᠎ᠠ ︵2024 ᠣᠨ  ᠳᠤ ᠵᠠᠰᠠᠪᠤᠷᠢ ᠤᠷᠤᠭᠤᠯᠤᠭᠰᠠᠨ︶︾ ᠶᠢ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠵᠢᠷᠤᠮᠯᠠᠨ ᠬᠡᠷᠡᠭᠵᠢᠭᠦᠯᠲᠦᠭᠡᠢ᠃ ᠲᠣᠰ ᠪᠠᠷᠢᠮᠵᠢᠶ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃      ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠷ᠎ᠠ ᠪᠤᠷᠴᠠᠭ ᠤᠨ ᠡᠭᠦᠯᠳᠡᠷ ᠢ ᠬᠢᠨᠠᠨ ᠲᠣᠭᠲᠠᠭᠠᠬᠤ ᠪᠠᠷᠢᠮᠵᠢᠶ᠎ᠠ ︵2024 ᠣᠨ  ᠳᠤ ᠵᠠᠰᠠᠪᠤᠷᠢ ᠤᠷᠤᠭᠤᠯᠤᠭᠰᠠᠨ︶                                        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ                                      ᠲᠠᠷᠢᠮᠠᠯ ᠤᠨ ᠡᠭᠦᠯᠳᠡᠷ ᠢ ᠬᠢᠨᠠᠨ ᠲᠣᠭᠲᠠᠭᠠᠬᠤ ᠵᠥᠪᠯᠡᠯ                                               2024 ᠣᠨ ᠤ 11 ᠰᠠᠷ᠎ᠠ ᠶᠢᠨ 12 ᠤ ᠡᠳᠦᠷ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号