ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤᠨ ᠬᠢᠨ ︽ᠢᠳᠡᠰᠢᠨ ᠨᠣᠭᠤᠭ᠎ᠠ︾ ᠶᠢᠨ ᠢᠳᠡᠭᠡᠨ ᠤ ᠬᠠᠮᠢᠶᠠᠷᠤᠯᠲᠠ ᠶᠢᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠵᠢᠴᠢ ᠪᠥᠬᠦ ᠣᠷᠣᠨ ᠤ ︽ᠢᠳᠡᠰᠢᠨ ᠨᠣᠭᠤᠭ᠎ᠠ︾ ᠶᠢᠨ ᠠᠵᠢᠯ ᠤᠨ ᠸᠢᠳᠢᠤ᠋ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/11/15
      11 ᠰᠠᠷ᠎ᠠ ᠶᠢᠨ 15 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ  ᠤᠨ  ᠬᠢᠨ ︽ᠢᠳᠡᠰᠢᠨ ᠨᠣᠭᠤᠭ᠎ᠠ︾ ᠶᠢᠨ ᠢᠳᠡᠭᠡᠨ ᠤ ᠬᠠᠮᠢᠶᠠᠷᠤᠯᠲᠠ ᠶᠢᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠵᠢᠴᠢ ᠪᠥᠬᠦ ᠣᠷᠣᠨ ᠤ ︽ᠢᠳᠡᠰᠢᠨ ᠨᠣᠭᠤᠭ᠎ᠠ︾ ᠶᠢᠨ ᠠᠵᠢᠯ ᠤᠨ ᠸᠢᠳᠢᠤ᠋ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠪᠥᠬᠦ ᠤᠯᠤᠰ ᠤᠨ ︽ᠢᠳᠡᠰᠢᠨ ᠨᠣᠭᠤᠭ᠎ᠠ︾ ᠶᠢᠨ ᠠᠵᠢᠯ ᠤᠨ ᠬᠤᠷᠠᠯ ᠵᠢᠴᠢ ᠬᠤᠲᠠ ᠶᠢᠨ ᠣᠲᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠰᠣᠯᠢᠯᠴᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ᠂ ᠡᠨᠡ ᠵᠢᠯ ᠠᠴᠠ ᠨᠠᠭᠠᠰᠢᠬᠢ ︽ᠢᠳᠡᠰᠢᠨ ᠨᠣᠭᠤᠭ᠎ᠠ︾ ᠶᠢᠨ ᠠᠵᠢᠯ ᠢ ᠳ᠋ᠦᠩᠨᠡᠵᠦ᠂ ᠣᠷᠣᠰᠢᠵᠤ ᠪᠠᠶᠢᠭ᠎ᠠ ᠠᠰᠠᠭᠤᠳᠠᠯ ᠢ ᠰᠤᠳᠤᠯᠤᠨ ᠵᠠᠳᠠᠯᠵᠤ᠂ ᠲᠠᠷᠠᠭᠠᠴᠢ ᠶᠢᠨ ᠱᠠᠲᠤᠨ ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠶᠡᠷᠦᠩᠬᠡᠢ ᠲᠠᠷᠢᠶᠠᠯᠠᠩ ᠤᠨ ᠮᠡᠷᠭᠡᠵᠢᠯᠲᠡᠨ ᠢᠷᠠᠭᠤ ᠬᠤᠷᠠᠯ ᠡᠷᠭᠢᠯᠡᠵᠦ᠂ ᠲᠢᠩᠬᠢᠮ ᠤᠨ ᠳᠡᠳ᠋ ᠳᠠᠷᠤᠭ᠎ᠠ ᠬᠠᠢ ᠱᠠᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠥᠬᠡᠬᠤᠲᠠ᠂ ᠤᠯᠠᠭᠠᠨᠬᠠᠳᠠ ᠬᠤᠲᠠ᠂ ᠤᠯᠠᠭᠠᠨᠴᠠᠪ ᠬᠤᠲᠠ᠂ ᠪᠠᠶᠠᠨᠨᠠᠭᠤᠷ ᠬᠤᠲᠠ ᠵᠢᠴᠢ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠰᠣᠯᠢᠯᠴᠠᠭᠠᠨ ᠤ ᠶᠠᠷᠢᠶ᠎ᠠ ᠲᠠᠯᠪᠢᠪᠠ᠃ 
1.jpg
       ᠬᠤᠷᠠᠯ ᠠᠴᠠ ᠵᠢᠭᠠᠵᠤ ᠭᠠᠷᠭᠠᠭᠰᠠᠨ ᠨᠢ᠂ ︽ᠢᠳᠡᠰᠢᠨ ᠨᠣᠭᠤᠭ᠎ᠠ︾ ᠪᠣᠯ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠮᠢᠬ᠎ᠠ ᠥᠨᠳᠡᠭᠡ ᠰᠦ ᠵᠢᠭᠠᠰᠤ ᠵᠢᠮᠢᠰ ᠨᠣᠭᠤᠭ᠎ᠠ ᠵᠡᠷᠭᠡ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠬᠤ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠂ ᠲᠡᠷᠡ ᠨᠢ ᠠᠷᠠᠳ ᠤᠯᠠᠨ ᠤ ᠦᠨᠳᠦᠰᠦᠨ ᠠᠮᠢᠳᠤᠷᠠᠯ ᠪᠠ ᠨᠡᠶᠢᠭᠡᠮ ᠤᠨ ᠲᠣᠭᠲᠠᠭᠤᠨ ᠪᠠᠶᠢᠳᠠᠯ ᠲᠠᠢ ᠰᠢᠭᠤᠳ ᠬᠤᠯᠪᠣᠭᠳᠠᠵᠤ᠂ ᠨᠠᠮ ᠤᠨ ᠲᠥᠪ ᠬᠤᠷᠢᠶ᠎ᠠ᠂ ᠳᠦᠷᠦ ᠶᠢᠨ ᠶᠠᠪᠤᠳᠠᠯ ᠤᠨ ᠬᠤᠷᠢᠶᠠᠨ ᠤ ᠲᠤᠶᠢᠯ ᠢᠶᠠᠷ ᠠᠩᠬᠠᠷᠴᠤ ᠪᠠᠶᠢᠭ᠎ᠠ ᠴᠢᠬᠤᠯᠠ ᠶᠡᠭᠡ ᠤᠯᠤᠰ ᠳᠦᠷᠦ ᠶᠢᠨ ᠡᠭᠦᠷᠭᠡ ᠮᠥᠨ᠂ ᠠᠵᠤ ᠠᠬᠤᠢ ᠶᠢᠨ ᠲᠣᠭᠲᠠᠭᠤᠨ ᠢᠶᠠᠷ ᠠᠵᠢᠯᠯᠠᠬᠤ ᠶᠢᠨ ᠴᠢᠬᠤᠯᠠ ᠰᠠᠭᠤᠷᠢ ᠮᠥᠨ᠃ ᠣᠶᠢᠷ᠎ᠠ ᠶᠢᠨ ᠵᠢᠯ ᠳᠤ᠂ ᠡᠯ᠎ᠡ ᠠᠶᠢᠮᠠᠭ ᠬᠤᠲᠠ ᠶᠢᠨ  ᠬᠢᠨ ︽ᠢᠳᠡᠰᠢᠨ ᠨᠣᠭᠤᠭ᠎ᠠ︾ ᠶᠢ ᠪᠠᠲᠤᠯᠠᠬᠤ  ᠨᠢ ᠳᠠᠷᠤᠢ ᠠᠷᠠᠳ ᠤᠨ ᠠᠮᠢᠳᠤᠷᠠᠯ ᠢ ᠪᠠᠲᠤᠯᠠᠬᠤ ᠠᠵᠢᠯ ᠤᠨ ᠰᠡᠳᠬᠢᠴᠡ ᠶᠣᠰᠣᠭᠠᠷ᠂ ᠦᠢᠯᠡᠳᠪᠦᠷᠢᠯᠡᠯ ᠬᠠᠩᠭᠠᠯᠭ᠎ᠠ᠂ ᠶᠠᠰᠤ ᠴᠢᠨᠠᠷ ᠤᠨ ᠠᠮᠤᠷ ᠲᠦᠪᠰᠢᠨ᠂ ᠵᠠᠬ᠎ᠠ ᠳᠡᠯᠭᠡᠭᠦᠷ ᠤᠨ ᠭᠦᠢᠯᠭᠡᠭᠡ᠂ ᠲᠣᠬᠢᠷᠠᠭᠤᠯᠤᠯ ᠡᠵᠡᠮᠳᠡᠯ ᠤᠨ ᠪᠠᠲᠤᠯᠠᠭ᠎ᠠ ᠵᠡᠷᠭᠡ ᠳᠦᠷᠪᠡᠨ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠠᠵᠢᠯ ᠤᠨ ᠲᠣᠭᠲᠠᠴᠠ ᠶᠢ ᠳᠠᠰᠤᠷᠠᠯᠳᠠ ᠦᠭᠡᠢ ᠪᠦᠷᠢᠨᠰᠢᠭᠦᠯᠵᠦ᠂ ᠦᠢᠯᠡᠳᠪᠦᠷᠢᠯᠡᠯ ᠬᠠᠩᠭᠠᠯᠭ᠎ᠠ ᠶᠢᠨ ᠴᠢᠳᠠᠪᠤᠷᠢ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠭᠦᠢᠯᠭᠡᠭᠡᠨ ᠤ ᠰᠢᠰᠲ᠋ᠧᠮ ᠢ ᠳᠠᠰᠤᠷᠠᠯᠳᠠ ᠦᠭᠡᠢ ᠲᠡᠭᠦᠯᠳᠡᠷᠵᠢᠭᠦᠯᠵᠦ᠂ ᠲᠣᠬᠢᠷᠠᠭᠤᠯᠤᠯ ᠡᠵᠡᠮᠳᠡᠯ ᠤᠨ ᠪᠠᠲᠤᠯᠠᠭ᠎ᠠ ᠶᠢᠨ ᠴᠢᠳᠠᠪᠤᠷᠢ ᠶᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠪᠦᠬᠦ ᠣᠷᠣᠨ ᠤ ︽ᠢᠳᠡᠰᠢᠨ ᠨᠣᠭᠤᠭ᠎ᠠ︾  ᠶᠢᠨ ᠪᠦᠲᠦᠭᠡᠭᠳᠡᠬᠦᠨ ᠤ ᠬᠠᠩᠭᠠᠯᠭ᠎ᠠ ᠶᠢ ᠪᠦᠲᠦᠮᠵᠢᠲᠡᠢ ᠪᠠᠲᠤᠯᠠᠪᠠ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ ᠠᠮᠤᠷ ᠲᠦᠪᠰᠢᠨ ᠤ ᠲᠣᠭᠲᠠᠭᠤᠨ ᠬᠠᠩᠭᠠᠯᠭ᠎ᠠ ᠶᠢ ᠪᠠᠲᠤᠯᠠᠬᠤ  ᠨᠢ ᠨᠢᠭᠡ ᠵᠦᠢᠯ ᠤᠨ ᠰᠢᠰᠲ᠋ᠧᠮᠲᠦ ᠢᠨᠵᠧᠨᠧᠷᠢᠩ ᠮᠥᠨ᠂ ᠡᠯ᠎ᠡ ᠠᠶᠢᠮᠠᠭ ᠬᠤᠲᠠ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠨᠢᠭᠡᠴᠡ ᠬᠠᠮᠵᠢᠯᠴᠠᠨ ᠬᠦᠴᠦᠯᠡᠵᠦ᠂ ︽ᠶᠡᠷᠦᠩᠬᠡᠢ ᠬᠡᠮᠵᠢᠶ᠎ᠡ ᠶᠢ ᠪᠠᠲᠤᠯᠠᠬᠤ᠂ ᠭᠦᠢᠯᠭᠡᠭᠡᠨ ᠢ ᠰᠢᠯᠤᠭᠤᠳᠬᠠᠬᠤ᠂ ᠦᠨ᠎ᠡ ᠬᠠᠩᠰᠢ ᠶᠢ ᠲᠣᠭᠲᠠᠪᠤᠷᠢᠵᠢᠭᠤᠯᠬᠤ᠂ ᠬᠢᠵᠠᠭᠠᠷ ᠱᠤᠭᠤᠮ ᠢ ᠰᠠᠬᠢᠬᠤ︾ ᠪᠠᠷ ᠭᠤᠣᠯᠳᠠᠯᠭ᠎ᠠ ᠪᠣᠯᠭᠠᠨ᠂ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠬᠠᠩᠭᠠᠯᠭ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ ᠭᠦᠢᠯᠭᠡᠭᠡᠨ ᠢ ᠪᠥᠬᠦ ᠬᠦᠴᠦᠨ ᠢᠶᠠᠷ ᠢᠶᠠᠨ ᠪᠠᠲᠤᠯᠠᠨ᠂ ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠢ ᠬᠢᠨᠠᠨ ᠬᠡᠮᠵᠢᠬᠦ ᠪᠠ ᠲᠣᠬᠢᠷᠠᠭᠤᠯᠤᠨ ᠡᠵᠡᠮᠳᠡᠬᠦ ᠶᠢ ᠴᠢᠩᠭᠠᠳᠬᠠᠵᠤ᠂ ᠭᠠᠮᠰᠢᠭ ᠢ ᠠᠷᠭᠠᠴᠠᠭᠠᠬᠤ ᠪᠠ ᠡᠳ᠋ ᠪᠣᠳᠠᠰ ᠤᠨ ᠨᠥᠭᠡᠴᠡᠯᠡᠯᠲᠡ ᠶᠢ ᠰᠠᠶᠢᠲᠤᠷ ᠬᠢᠵᠦ᠂ ︽ᠢᠳᠡᠰᠢᠨ ᠨᠣᠭᠤᠭ᠎ᠠ︾ ᠶᠢᠨ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠬᠢᠨᠠᠬᠤ ᠶᠢ ᠰᠠᠶᠢᠲᠤᠷ ᠠᠳᠬᠤᠵᠤ᠂ ︽ᠢᠳᠡᠰᠢᠨ ᠨᠣᠭᠤᠭ᠎ᠠ︾ ᠶᠢ ᠭᠦᠢᠴᠡᠳ ᠰᠠᠪᠠᠯᠠᠵᠤ᠂ ᠯᠠᠪᠳᠠᠭᠤᠨ ᠠᠳᠬᠤᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠪᠡ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠠᠶᠢᠮᠠᠭ ᠬᠤᠲᠠ ᠨᠤᠭᠤᠳ ︽ᠢᠳᠡᠰᠢᠨ ᠨᠣᠭᠤᠭ᠎ᠠ︾ ᠶᠢᠨ ᠠᠵᠢᠯ ᠤᠨ ᠭᠤᠣᠯᠳᠠᠯᠭ᠎ᠠ ᠲᠠᠢ ᠡᠭᠦᠷᠭᠡ ᠶᠢ ᠴᠢᠩᠭ᠎ᠠ ᠠᠳᠬᠤᠵᠤ᠂ ᠦᠢᠯᠡᠳᠪᠦᠷᠢᠯᠡᠯ ᠤᠨ ᠬᠠᠩᠭᠠᠯᠭ᠎ᠠ ᠶᠢ ᠪᠠᠲᠤᠯᠠᠬᠤ᠂ ᠵᠠᠬ᠎ᠠ ᠳᠡᠯᠭᠡᠭᠦᠷ ᠤᠨ ᠭᠦᠢᠯᠭᠡᠭᠡ᠂ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ᠂ ᠲᠣᠬᠢᠷᠠᠭᠤᠯᠤᠯ ᠡᠵᠡᠮᠳᠡᠯ ᠤᠨ ᠪᠠᠲᠤᠯᠠᠭ᠎ᠠ ᠵᠡᠷᠭᠡ ᠳᠥᠷᠪᠡᠨ ᠲᠠᠯ᠎ᠠ ᠪᠠᠷ ᠦᠷᠭᠦᠯᠵᠢᠯᠡᠨ ᠬᠦᠴᠦᠯᠡᠵᠦ᠂ ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ ᠬᠠᠩᠭᠠᠯᠭ᠎ᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ︽ᠢᠳᠡᠰᠢᠨ ᠨᠣᠭᠤᠭ᠎ᠠ︾ ᠶᠢ ᠭᠦᠢᠴᠡᠳ ᠰᠠᠪᠠᠯᠠᠵᠤ᠂ ᠯᠠᠪᠳᠠᠭᠤᠨ ᠠᠳᠬᠤᠬᠤ ᠶᠢ ᠪᠠᠲᠤᠯᠠᠬᠤ ᠬᠡᠷᠡᠭᠲᠡᠢ᠃ ᠬᠤᠲᠠ ᠶᠢᠨ ᠳᠠᠷᠤᠭ᠎ᠠ ᠶᠢᠨ ︽ᠢᠳᠡᠰᠢᠨ ᠨᠣᠭᠤᠭ᠎ᠠ︾ ᠶᠢᠨ ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠬᠢᠨᠠᠬᠤ ᠪᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠰᠢᠯᠭᠠᠨ ᠬᠢᠨᠠᠵᠤ ᠬᠠᠷᠢᠭᠤ ᠲᠤᠰᠬᠠᠬᠤ ᠠᠰᠠᠭᠤᠳᠠᠯ ᠤᠨ ᠲᠣᠭᠤᠷᠢᠨ ᠳᠤ ᠴᠢᠭᠯᠡᠭᠦᠯᠬᠦ ᠴᠢᠨᠠᠷᠲᠠᠢ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠨᠠᠶᠢᠳᠠᠪᠤᠷᠢᠵᠢᠭᠤᠯᠬᠤ ᠶᠢ ᠦᠨᠡᠨᠬᠦ ᠰᠠᠶᠢᠲᠤᠷ ᠠᠳᠬᠤᠬᠤ ᠬᠡᠷᠡᠭᠲᠡᠢ᠃ ᠰᠢᠯᠭᠠᠨ ᠬᠢᠨᠠᠬᠤ ᠨᠠᠷᠢᠨ ᠳᠦᠷᠢᠮ ᠢ ᠪᠠᠷᠢᠮᠵᠢᠶᠠᠯᠠᠨ ᠬᠠᠷᠭᠤᠭᠤᠯᠵᠤ᠂ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠦᠨᠳᠦᠰᠦᠯᠡᠨ᠂ ᠡᠯ᠎ᠡ ᠵᠦᠢᠯ ᠤᠨ ᠡᠭᠦᠷᠭᠡ ᠶᠢ ᠵᠦᠢᠯ ᠳᠠᠷᠠᠭᠠᠯᠠᠨ ᠨᠠᠶᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠰᠢᠯᠭᠠᠨ ᠬᠢᠨᠠᠭᠰᠠᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠡᠨᠡ ᠡᠪᠦᠯ ᠢᠷᠡᠬᠦ ᠬᠠᠪᠤᠷ ᠤᠨ ᠬᠤᠷᠢᠶᠠᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠠᠵᠢᠯ ᠢ ᠰᠠᠶᠢᠲᠤᠷ ᠠᠳᠬᠤᠵᠤ ᠂ ᠡᠷᠲᠡ ᠠᠴᠠ ᠲᠥᠯᠥᠪᠯᠡᠵᠦ᠂ ᠡᠷᠲᠡ ᠠᠴᠠ ᠲᠥᠰᠥᠯ ᠲᠣᠭᠲᠠᠭᠠᠵᠤ᠂ ᠡᠨᠡ ᠡᠪᠦᠯ ᠢᠷᠡᠬᠦ ᠬᠠᠪᠤᠷ ᠢᠯᠠᠩᠭᠤᠶ᠎ᠠ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠳᠠᠬᠢ ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ ᠬᠠᠩᠭᠠᠯᠭ᠎ᠠ ᠭᠦᠢᠴᠡᠳ᠂ ᠦᠨ᠎ᠡ ᠬᠠᠩᠰᠢ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠵᠤ᠂ ᠤᠯᠠᠨ ᠲᠦᠮᠡᠨ ᠤ ᠪᠠᠶᠠᠷ ᠤᠨ ᠡᠳᠦᠷ ᠤᠨ ᠬᠤᠭᠤᠴᠠᠭᠠᠨ ᠳᠠᠬᠢ ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ ᠬᠡᠷᠡᠭᠴᠡᠭᠡ ᠶᠢ ᠬᠠᠩᠭᠠᠵᠤ᠂ ᠠᠷᠠᠳ ᠤᠯᠠᠨ ᠢ ︽ᠠᠶᠠᠭᠠᠨ ᠳᠣᠲᠣᠷ᠎ᠠ ᠮᠢᠬ᠎ᠠ ᠳᠤᠲᠠᠬᠤ ᠦᠭᠡᠢ᠂ ᠫᠢᠯᠠ ᠳᠣᠲᠣᠷ᠎ᠠ ᠨᠣᠭᠤᠭ᠎ᠠ ᠳᠤᠲᠠᠬᠤ ᠦᠭᠡᠢ︾ ᠪᠣᠯᠭᠠᠵᠤ᠂ ᠪᠠᠶᠠᠷ ᠪᠠᠶᠠᠰᠬᠤᠯᠠᠩ ᠲᠠᠢ ᠥᠯᠵᠡᠢ ᠪᠡᠯᠭᠡ ᠲᠠᠢ ᠪᠠᠶᠠᠷ ᠤᠨ ᠡᠳᠦᠷ ᠢ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠪᠡ᠃
2.jpg
       ᠥᠪᠡᠷᠲᠡᠭᠡᠨ ᠵᠠᠰᠠᠬᠤ ᠣᠷᠣᠨ ᠤ ︽ᠢᠳᠡᠰᠢᠨ ᠨᠣᠭᠤᠭ᠎ᠠ︾ ᠶᠢᠨ ᠢᠳᠡᠭᠡᠨ ᠤ ᠬᠠᠮᠢᠶᠠᠷᠤᠯᠲᠠ ᠶᠢᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠪᠦᠷᠢᠯᠳᠦᠭᠦᠨ ᠨᠢᠭᠡᠴᠡ᠂ ᠬᠥᠬᠡᠬᠤᠲᠠ ᠶᠢᠨ ᠬᠤᠯᠪᠣᠭᠳᠠᠯ ᠪᠦᠬᠦᠢ ᠨᠢᠭᠡᠴᠡ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠤᠯᠪᠣᠭᠳᠠᠯ ᠪᠦᠬᠦᠢ ᠭᠠᠵᠠᠷ ᠠᠯᠪᠠᠨ ᠭᠡᠷ ᠲᠣᠪᠴᠢᠶ᠎ᠠ ᠭᠤᠣᠯ ᠬᠤᠷᠠᠯ ᠤᠨ ᠲᠠᠯᠠᠪᠠᠶ ᠶᠢᠨ ᠬᠤᠷᠠᠯ ᠳᠤ ᠣᠷᠣᠯᠴᠠᠵᠤ᠂ ᠪᠥᠬᠦ ᠣᠷᠣᠨ ᠤ 11 ᠠᠶᠢᠮᠠᠭ ᠬᠤᠲᠠ ᠶᠢᠨ ᠵᠠᠬᠢᠷᠭ᠎ᠠ ︵ᠵᠠᠰᠠᠭ ᠤᠨ ᠣᠷᠳᠣᠨ︶ ᠶᠢᠨ ᠠᠯᠪᠠᠨ ᠲᠢᠩᠬᠢᠮ ᠤᠨ ᠳᠡᠳ᠋ ᠨᠠᠷᠢᠨ ᠪᠢᠴᠢᠭ ᠤᠨ ᠳᠠᠷᠤᠭ᠎ᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠤᠪᠢᠳᠠᠨ ᠬᠠᠮᠢᠶᠠᠷᠴᠤ ᠪᠦᠬᠦᠢ ᠬᠠᠷᠢᠭᠤᠴᠠᠯᠭᠠᠲᠠᠨ ᠨᠥᠬᠦᠳ ᠵᠢᠴᠢ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠠᠵᠢᠯᠲᠠᠳ ᠬᠤᠪᠢᠶᠠᠷᠢ ᠬᠤᠷᠠᠯ ᠤᠨ ᠲᠠᠯᠠᠪᠠᠶ ᠶᠢᠨ ᠬᠤᠷᠠᠯ ᠳᠤ ᠣᠷᠣᠯᠴᠠᠪᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号