11 ᠰᠠᠷ᠎ᠠ ᠶᠢᠨ 11 ᠤ ᠡᠳᠦᠷ ᠠᠴᠠ 12 ᠤᠨ ᠡᠳᠦᠷ ᠪᠣᠯᠲᠠᠯ᠎ᠠ᠂ ᠤᠯᠠᠭᠠᠨᠴᠠᠪ ᠬᠤᠲᠠ ᠶᠢᠨ ᠲᠠᠷᠢᠶᠠᠯᠠᠩ | ᠮᠠᠯ ᠠᠵᠤ ᠠᠬᠤᠢ ᠶᠢᠨ ᠲᠣᠪᠴᠢᠶ᠎ᠠ ᠶᠢᠨ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠲᠥᠪ ᠤᠨ ᠬᠢᠨ ᠴᠠᠬᠠᠷ ᠪᠠᠷᠠᠭᠤᠨ | ᠭᠠᠷᠤᠨ ᠡᠮᠦᠨᠡᠲᠦ ᠬᠤᠰᠢᠭᠤᠨ ᠤ ᠬᠤᠸᠠᠩ ᠴᠢ ᠬᠠᠢ ᠪᠠᠯᠭᠠᠰᠤᠨ ᠤ ᠤᠯᠠᠭᠠᠨᠴᠠᠪ ᠬᠤᠲᠠ ᠶᠢᠨ ᠲᠠᠷᠢᠶᠠᠯᠠᠩ ᠤᠨ | ᠮᠡᠷᠭᠡᠵᠢᠯ ᠳᠡᠯᠭᠡᠷᠡᠭᠦᠯᠬᠦ ᠲᠥᠪ ᠤᠨ ᠰᠠᠭᠤᠷᠢᠨ ᠭᠠᠵᠠᠷ ᠲᠤ ᠪᠥᠬᠦ ᠪᠦᠷᠬᠦᠪᠴᠢ ᠶᠢᠨ ᠬᠠᠵᠠᠭᠤ ᠳᠤ ᠡᠪᠦᠯ ᠤᠨ | ᠲᠠᠷᠢᠶᠠᠯᠠᠭ᠎ᠠ ᠶᠢᠨ ᠨᠠᠷᠢᠮᠤ ᠳᠠᠷᠢᠬᠤ ᠲᠤᠷᠰᠢᠯᠲᠠ ᠶᠢ ᠥᠷᠨᠢᠭᠦᠯᠪᠡ᠃ ᠡᠨᠡ ᠨᠢ ᠤᠯᠠᠭᠠᠨᠴᠠᠪ ᠬᠤᠲᠠ ᠶᠢᠨ ᠠᠩᠬᠠᠳᠤᠭᠠᠷ | ᠤᠳᠠᠭ᠎ᠠ ᠡᠪᠦᠯ ᠤᠨ ᠤᠯᠠᠷᠢᠯ ᠳᠤ ᠳᠠᠷᠢᠬᠤ ᠲᠤᠷᠰᠢᠯᠲᠠ ᠪᠣᠯᠣᠨ᠎ᠠ᠃ ᠡᠪᠦᠯ ᠳᠠᠷᠢᠬᠤ ᠨᠠᠷᠢᠮᠤ ᠪᠣᠯ ᠨᠢᠭᠡ ᠢᠵᠢ ᠨᠠᠷᠢᠮᠤ | ᠶᠢ ᠬᠠᠭᠤᠷᠠᠢ ᠪᠠᠷ ᠳᠠᠷᠢᠬᠤ ᠰᠢᠨ᠎ᠡ ᠮᠡᠷᠭᠡᠵᠢᠯ ᠪᠠᠶᠢᠵᠤ᠂ ᠬᠥᠯᠳᠡᠬᠦ ᠠᠴᠠ ᠡᠮᠦᠨ᠎ᠡ ᠪᠦᠷᠬᠦᠪᠴᠢ ᠪᠠᠷ ᠪᠦᠷᠬᠦᠨ ᠳᠠᠷᠢᠵᠤ᠂ | ᠪᠣᠷᠣᠭᠠᠨ ᠴᠠᠰᠤ ᠶᠢ ᠴᠤᠭᠯᠠᠭᠤᠯᠤᠨ ᠴᠢᠭᠢᠭ ᠢ ᠬᠠᠮᠠᠭᠠᠯᠠᠵᠤ᠂ ᠡᠷᠲᠡ ᠴᠢᠬᠢᠭᠯᠡᠵᠤ ᠦᠷᠡᠵᠢᠯ ᠤᠨ ᠬᠤᠭᠤᠴᠠᠭ᠎ᠠ ᠶᠢ | ᠤᠷᠲᠤᠳᠬᠠᠨ᠂ ᠤᠨᠠᠯᠲᠠ ᠶᠢ ᠨᠡᠮᠡᠭᠳᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠬᠦ ᠵᠣᠷᠢᠯᠭ᠎ᠠ ᠳᠤ | ᠬᠦᠷᠦᠭᠦᠯᠦᠨ᠎ᠡ᠃ | ᠤᠯᠠᠭᠠᠨᠴᠠᠪ ᠨᠢ ︽ᠠᠷᠪᠠᠨ ᠵᠢᠯ ᠤᠨ ᠶᠢᠰᠦᠨ ᠵᠢᠯ ᠨᠢ ᠭᠠᠩᠳᠠᠵᠤ᠂ ᠵᠢᠯ ᠳᠠᠷᠠᠭᠠᠯᠠᠨ ᠬᠠᠪᠤᠷ ᠭᠠᠩᠳᠠᠬᠤ︾ | ᠠᠭᠤᠷ ᠠᠮᠢᠰᠬᠤᠯ ᠤᠨ ᠣᠨᠴᠠᠯᠢᠭ ᠲᠠᠢ ᠪᠠᠶᠢᠵᠤ᠂ ᠬᠠᠭᠤᠷᠠᠢ ᠲᠠᠷᠢᠶᠠᠯᠠᠩ ᠤᠨ ᠰᠢᠨ᠎ᠡ ᠮᠡᠷᠭᠡᠵᠢᠯ ᠢ ᠰᠦᠪᠡᠭᠴᠢᠯᠡᠨ | ᠠᠰᠢᠭᠯᠠᠵᠤ ᠪᠠᠶᠢᠭᠠᠳ ᠲᠠᠷᠢᠮᠠᠯ ᠤᠨ ᠤᠰᠤᠨ ᠤ ᠠᠰᠢᠭᠯᠠᠯᠲᠠ ᠶᠢᠨ ᠨᠣᠷᠮ᠎ᠠ ᠪᠠ ᠤᠨᠠᠯᠲᠠ ᠶᠢ ᠳᠡᠭᠡᠭᠰᠢᠯᠡᠭᠦᠯᠬᠦ ᠨᠢ | ᠤᠯᠠᠭᠠᠨᠴᠠᠪ ᠬᠤᠲᠠ ᠶᠢᠨ ᠬᠠᠭᠤᠷᠠᠢ ᠲᠠᠷᠢᠶᠠᠯᠠᠩ ᠢ ᠬᠥᠭᠵᠢᠭᠦᠯᠬᠦ ᠶᠢᠨ ᠭᠤᠣᠯᠳᠠᠯᠭ᠎ᠠ ᠪᠣᠯᠣᠨ᠎ᠠ᠃ ᠲᠣᠰ ᠤᠳᠠᠭᠠᠨ ᠤ | ᠡᠪᠦᠯ ᠲᠠᠷᠢᠬᠤ ᠨᠠᠷᠢᠮᠤ ᠶᠢᠨ ᠲᠤᠷᠰᠢᠯᠲᠠ ᠶᠢᠨ ᠲᠠᠯᠠᠪᠠᠶ 1.5 ᠮᠦ ᠪᠠᠶᠢᠵᠤ᠂ ᠲᠤᠷᠰᠢᠯᠲᠠ ᠶᠢᠨ ᠡᠭᠦᠯᠳᠡᠷ ᠨᠢ ᠴᠠᠩ | ᠭᠦ᠋ 13 ᠪᠣᠯᠣᠨ᠎ᠠ᠃ ᠲᠤᠷᠰᠢᠯᠲᠠ ᠨᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ | ᠮᠡᠷᠭᠡᠵᠢᠯ ᠳᠡᠯᠭᠡᠷᠡᠭᠦᠯᠬᠦ ᠲᠥᠪ ᠤᠨ ᠠᠮᠤ ᠲᠣᠰᠣᠨ ᠤ ᠭᠠᠵᠠᠷ ᠤᠨ ᠬᠦᠴᠦᠲᠡᠢ ᠳᠡᠮᠵᠢᠯᠭᠡ ᠶᠢ ᠣᠯᠵᠤ᠂ ᠳᠡᠯᠭᠡᠷᠡᠭᠦᠯᠬᠦ | ᠰᠣᠳᠤᠯᠤᠭᠴᠢ ᠷᠦᠩ ᠰᠢᠶᠣᠣ ᠫᠢᠩ᠂ ᠳ᠋ᠤᠸᠠᠨ ᠬᠤᠶ ᠵᠡᠷᠭᠡ ᠲᠤᠰᠬᠠᠢ ᠮᠡᠷᠭᠡᠵᠢᠯᠲᠡᠨ ᠢᠷᠡᠵᠦ ᠮᠡᠷᠭᠡᠵᠢᠯ ᠤᠨ | ᠵᠢᠯᠣᠭᠤᠳᠤᠯᠭ᠎ᠠ ᠬᠢᠵᠡᠢ᠃ |