ᠳᠠᠪᠠᠭᠤᠯᠢᠭ ᠣᠨᠴᠠᠯᠢᠭᠲᠤ ᠠᠵᠤ ᠦᠢᠯᠡᠰ ᠤᠨ ︽ᠰᠢᠨ᠎ᠡ ᠨᠡᠷ᠎ᠡ ᠶᠢᠨ ᠬᠠᠭᠤᠳᠠᠰᠤ︾ ᠶᠢ ᠭᠡᠷᠡᠯᠳᠦᠬᠦᠯᠵᠦ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢᠨ ᠪᠥᠭᠡᠮᠨᠡᠷᠡᠯ ᠤᠨ ︽ᠰᠢᠨ᠎ᠡ ᠵᠢᠳᠬᠦᠯ    ᠴᠢᠷᠮᠠᠶᠢᠯᠭ᠎ᠠ︾ ᠶᠢ ᠳᠡᠯᠭᠡᠨ ᠦᠵᠡᠭᠦᠯᠦᠨ᠎ᠡ
ᠨᠡᠶᠢᠲᠡᠯᠡᠭᠰᠡᠨ ᠴᠠᠭ᠄
2024/11/15
      ᠣᠶᠢᠷ᠎ᠠ ᠶᠢᠨ ᠵᠢᠯ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ᠂ ᠡᠳ᠋ ᠤᠨ ᠵᠠᠰᠠᠭ ᠤᠨ ᠰᠠᠯᠠᠭ᠎ᠠ ᠮᠥᠴᠢᠷ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠬᠥᠳᠡᠭᠡ ᠲᠣᠰᠬᠤᠨ ᠤ ᠶᠠᠮᠤᠨ᠂ ᠡᠳ᠋ ᠤᠨ ᠵᠠᠰᠠᠭ ᠤᠨ ᠶᠠᠮᠤᠨ ᠤ ᠤᠯᠤᠰ ᠤᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠥᠭᠡᠮᠨᠡᠷᠡᠯ ᠤᠨ ᠪᠦᠲᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠠᠷᠭ᠎ᠠ ᠰᠦᠪᠡᠭᠴᠢᠯᠡᠬᠦ ᠪᠠ ᠠᠳᠬᠤᠬᠤ ᠶᠢ ᠵᠡᠷᠭᠡᠪᠡᠷ ᠠᠳᠬᠤᠬᠤ ᠶᠢ ᠢᠮᠠᠭᠲᠠ ᠪᠠᠷᠢᠮᠲᠠᠯᠠᠵᠤ᠂ ︽ᠲᠥᠯᠦᠪᠵᠢᠭᠦᠯᠭᠡ ᠪᠠᠷ ᠬᠥᠭᠵᠢᠯᠲᠡ  ᠶᠢ ᠬᠥᠲᠥᠯᠥᠨ ᠳᠠᠭᠠᠭᠤᠯᠬᠤ᠂ ᠲᠥᠷᠥᠯ ᠵᠦᠢᠯ ᠤᠨ ᠨᠥᠭᠡᠴᠡᠯᠡᠬᠦ ᠲᠣᠭᠲᠠᠴᠠ  ᠶᠢ ᠪᠠᠶᠢᠭᠤᠯᠬᠤ᠂ ᠳᠦᠷᠢᠮ ᠤᠨ ᠬᠠᠮᠢᠶᠠᠷᠤᠯᠲᠠ  ᠶᠢᠨ ᠰᠢᠰᠲ᠋ᠧᠮ  ᠢ ᠲᠡᠭᠦᠯᠳᠡᠷᠵᠢᠭᠦᠯᠬᠦ᠂ ᠠᠵᠢᠯ ᠤᠨ ᠪᠦᠲᠦᠮᠵᠢ  ᠶᠢ ᠬᠢᠨᠠᠨ ᠬᠡᠮᠵᠢᠵᠦ ᠦᠨᠡᠯᠡᠨ ᠵᠢᠱᠢᠬᠦ  ᠶᠢ ᠥᠷᠨᠢᠭᠦᠯᠬᠦ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠵᠢᠯᠣᠭᠤᠳᠤᠯᠭ᠎ᠠ  ᠶᠢ ᠴᠢᠩᠭᠠᠳᠬᠠᠬᠤ᠂ ᠡᠳ᠋ ᠤᠨ ᠵᠠᠰᠠᠭ ᠤᠨ ᠤᠷᠮᠠᠰᠢᠭᠤᠯᠬᠤ ᠲᠣᠭᠲᠠᠴᠠ  ᠶᠢ ᠪᠠᠶᠢᠭᠤᠯᠬᠤ︾ ᠵᠢᠷᠭᠤᠭᠠᠨ ᠵᠦᠢᠯ ᠤᠨ ᠵᠠᠩᠭᠢᠯᠠᠭ᠎ᠠ  ᠶᠢᠨ ᠠᠷᠭ᠎ᠠ ᠬᠡᠮᠵᠢᠶ᠎ᠡ  ᠶᠢ ᠠᠪᠬᠤ ᠪᠠᠷ ᠳᠠᠮᠵᠢᠭᠤᠯᠤᠨ᠂ ︽ᠨᠢᠭᠡ ᠬᠤᠶᠠᠷ ᠭᠤᠷᠪᠠ ᠳᠥᠷᠪᠡ︾ ᠶᠢᠨ ᠠᠵᠢᠯ ᠤᠨ ᠵᠠᠭᠪᠤᠷ ᠤᠨ ᠰᠢᠨ᠎ᠡ ᠶᠢ ᠡᠭᠦᠳᠴᠦ᠂ ᠠᠵᠤ ᠦᠢᠯᠡᠰ ᠤᠨ ᠪᠥᠭᠡᠮᠨᠡᠷᠡᠯ  ᠤᠨ ᠪᠦᠲᠦᠭᠡᠨ ᠪᠠᠶᠢᠭᠤᠯᠤᠯᠲᠠ ᠶᠢᠨ ᠪᠥᠬᠦ ᠶᠠᠪᠤᠴᠠ ᠶᠢᠨ ᠬᠠᠮᠢᠶᠠᠷᠤᠯᠲᠠ ᠶᠢ ᠪᠡᠶᠡᠯᠡᠭᠦᠯᠵᠦ᠂ ᠤᠯᠤᠰ ᠤᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠥᠭᠡᠮᠨᠡᠷᠡᠯ ᠤᠨ ᠴᠢᠨᠠᠷ ᠰᠠᠶᠢᠲᠠᠢ ᠬᠥᠭᠵᠢᠯᠲᠡ ᠶᠢ ᠪᠦᠲᠦᠮᠵᠢᠲᠡᠶ ᠠᠬᠢᠭᠤᠯᠪᠠ᠃
1.png
      ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠰᠢᠨ᠎ᠡ ᠰᠢᠪᠲᠤᠯᠤᠯᠲᠠ ᠲᠠᠢ ᠪᠣᠯᠪᠠ᠃ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠥᠭᠡᠮᠨᠡᠷᠡᠯ ᠤᠨ ᠪᠦᠲᠦᠭᠡᠨ ᠪᠠᠶᠢᠭᠤᠯᠤᠯᠲᠠ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠬᠥᠲᠥᠯᠦᠨ ᠳᠠᠭᠠᠭᠤᠯᠵᠠᠢ᠃ ᠡᠯ᠎ᠡ ᠠᠵᠤ ᠦᠢᠯᠡᠰ ᠤᠨ ᠪᠥᠭᠡᠮᠨᠡᠷᠡᠯ  ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠵᠤ ᠦᠢᠯᠡᠰ ᠤᠨ ᠦᠷᠭᠦᠯᠵᠢᠯᠡᠨ ᠬᠥᠭᠵᠢᠬᠦ ᠰᠠᠭᠤᠷᠢ ᠪᠣᠯᠭᠠᠵᠤ᠂ ᠣᠷᠣᠭᠤᠯᠤᠯᠲᠠ ᠶᠢᠨ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ᠂ ᠳᠡᠯᠭᠡᠷᠡᠭᠦᠯᠬᠦ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ᠴᠢᠳᠠᠪᠤᠷᠢᠲᠠᠨ᠂ ᠭᠠᠵᠠᠷ ᠰᠢᠷᠣᠢ᠂ ᠬᠥᠷᠥᠩᠭᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠮᠡᠳᠡᠭᠡ ᠵᠠᠩᠭᠢ ᠵᠡᠷᠭᠡ ᠣᠲᠣ ᠦᠶ᠎ᠡ ᠶᠢᠨ ᠬᠦᠴᠦᠨ ᠵᠦᠢᠯ ᠤᠨ ᠠᠵᠤ ᠦᠢᠯᠡᠰ ᠤᠨ ᠪᠥᠭᠡᠮᠨᠡᠷᠡᠯ ᠳᠤ ᠲᠥᠪᠯᠡᠷᠡᠬᠦ ᠶᠢ ᠠᠬᠢᠭᠤᠯᠵᠤ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠠᠭᠤᠰᠤᠯᠴᠠᠨ ᠬᠥᠭᠵᠢᠬᠦ ᠬᠠᠨᠳᠤᠰᠢ ᠶᠢ ᠠᠯᠬᠤᠮ ᠠᠯᠬᠤᠮ ᠢᠶᠠᠷ ᠪᠣᠶ ᠪᠣᠯᠭᠠᠵᠤ᠂ ᠣᠯᠠᠩᠬᠢ ᠠᠵᠤ ᠦᠢᠯᠡᠰ ᠤᠨ ᠪᠥᠭᠡᠮᠨᠡᠷᠡᠯ ᠤᠨ ᠭᠤᠣᠯ ᠣᠷᠣᠨ ᠨᠢ ᠨᠢᠭᠡᠨᠲᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠱᠢᠶ᠎ᠡ ᠦᠵᠡᠭᠦᠯᠬᠦ ᠲᠠᠯᠠᠪᠠᠶ ᠪᠠ ᠦᠷ᠎ᠡ ᠪᠦᠲᠦᠭᠡᠯ ᠢ ᠬᠤᠪᠢᠷᠠᠭᠤᠯᠬᠤ ᠰᠠᠭᠤᠷᠢᠨ ᠭᠠᠵᠠᠷ ᠪᠣᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠰᠠᠭᠤᠷᠢ ᠲᠠᠯᠪᠢᠵᠤ ᠥᠭᠪᠡ᠃ ᠵᠢᠱᠢᠶᠡᠯᠡᠪᠡᠯ᠂ ᠲᠠᠯ᠎ᠠ ᠨᠤᠲᠤᠭ ᠤᠨ ᠠᠯᠠᠰᠢᠨ ᠬᠤᠨᠢᠨ ᠤ ᠠᠵᠤ ᠦᠢᠯᠡᠰ ᠤᠨ ᠰᠦᠷᠦᠭᠵᠢᠯ ᠳᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠳᠡᠭᠡᠳᠦ ᠰᠤᠷᠭᠠᠭᠤᠯᠢ᠂ ᠠᠵᠤ ᠠᠬᠤᠶᠢᠯᠠᠯ ᠵᠡᠷᠭᠡ ᠡᠯ᠎ᠡ ᠲᠥᠷᠥᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ︽ᠲᠦᠷᠦᠭᠦᠯᠡᠨ ᠭᠦᠢᠴᠡᠳᠬᠡᠬᠦ ᠨᠢᠭᠡᠴᠡ + ᠲᠡᠷᠢᠭᠦᠨ ᠰᠠᠭᠤᠳᠠᠯ ᠤᠨ ᠲᠤᠰᠬᠠᠢ ᠮᠡᠷᠭᠡᠵᠢᠯᠲᠡᠨ + ᠰᠢᠨ᠎ᠡ ᠶᠢ ᠡᠭᠦᠳᠬᠦ ᠪᠦᠯᠬᠦᠮ + ᠳᠠᠪᠠᠭᠤᠯᠢᠭ ᠠᠵᠤ ᠠᠬᠤᠶᠢᠯᠠᠯ︾ ᠤᠨ ᠡᠭᠦᠯᠳᠡᠷ ᠪᠣᠶᠢᠵᠢᠭᠤᠯᠬᠤ ᠰᠢᠰᠲ᠋ᠧᠮᠵᠢ ᠶᠢ ᠪᠠᠶᠢᠭᠤᠯᠵᠠᠢ᠃ ᠥᠪᠥᠷ ᠮᠣᠩᠭᠤᠯ ᠤᠨ ᠶᠡᠭᠡ ᠰᠤᠷᠭᠠᠭᠤᠯᠢ ︽ᠤᠯᠤᠰ ᠤᠨ ᠬᠤᠨᠢᠨ ᠤ ᠤᠳᠤᠮᠰᠢᠯ ᠤᠨ ᠦᠨᠡᠯᠡᠯᠲᠡ ᠶᠢᠨ ᠲᠥᠪ︾ ᠢ ᠪᠠᠶᠢᠭᠤᠯᠬᠤ ᠪᠡᠯᠡᠳᠬᠡᠯ ᠨᠢᠭᠡᠴᠡ ᠪᠠᠷ ᠠᠮᠵᠢᠯᠲᠠ ᠲᠠᠢ ᠵᠥᠪᠰᠢᠶᠡᠷᠡᠭᠳᠡᠵᠦ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠤᠯᠤᠰ ᠤᠨ ᠬᠤᠨᠢᠨ ᠤ ᠤᠳᠤᠮᠰᠢᠯ ᠤᠨ ᠦᠨᠡᠯᠡᠯᠲᠡ ᠶᠢᠨ ᠲᠥᠪ ᠪᠣᠯᠤᠭᠰᠠᠨ ᠪᠥᠭᠡᠳ ᠪᠥᠬᠦ ᠤᠯᠤᠰ ᠤᠨ ᠴᠣᠷ ᠤᠨ ᠭᠠᠭᠴᠠ ᠬᠤᠨᠢᠨ ᠤ ᠤᠳᠤᠮᠰᠢᠯ ᠤᠨ ᠦᠨᠡᠯᠡᠯᠲᠡ ᠶᠢᠨ ᠲᠥᠪ ᠪᠣᠯᠤᠭᠰᠠᠨ ᠪᠠᠶᠢᠨ᠎ᠠ᠃ ᠪᠥᠬᠦ ᠣᠷᠣᠨ ᠤ ᠠᠯᠠᠰᠢᠨ ᠬᠤᠨᠢᠨ ᠤ ᠰᠠᠶᠢᠨ ᠡᠭᠦᠯᠳᠡᠷ ᠤᠨ ᠨᠣᠷᠮ᠎ᠠ ᠶᠢ 95%  ᠠᠴᠠ ᠳᠡᠭᠡᠭᠰᠢ ᠳᠤ ᠲᠣᠭᠲᠠᠪᠤᠷᠢᠵᠢᠭᠤᠯᠵᠤ᠂ ᠳᠤᠮᠳᠠᠴᠢ ᠲᠠᠯᠠᠪᠠᠶ ᠨᠢᠭᠡᠴᠢ ᠶᠢᠨ ᠭᠠᠷᠤᠯᠲᠠ ᠶᠢ 16.7 ᠺᠢᠯᠣᠭ᠍ᠷᠠᠮ ᠳᠤ ᠬᠦᠷᠦᠭᠦᠯᠵᠦ᠂ ᠪᠥᠬᠦ ᠤᠯᠤᠰ ᠤᠨ ᠳᠤᠮᠳᠠᠴᠢ ᠬᠢᠷᠢ ᠬᠡᠮᠵᠢᠶ᠎ᠡ ᠠᠴᠠ 7% ᠪᠠᠷ ᠥᠨᠳᠥᠷ ᠪᠣᠯᠭᠠᠵᠠᠢ᠃
2.png
      ᠠᠵᠤ ᠦᠢᠯᠡᠰ ᠤᠨ ᠨᠡᠶᠢᠯᠡᠯ ᠰᠢᠨ᠎ᠡ ᠥᠷᠭᠡᠵᠢᠯᠲᠡ ᠲᠠᠢ ᠪᠣᠯᠪᠠ᠃ ᠠᠵᠤ ᠦᠢᠯᠡᠰ ᠤᠨ ᠪᠥᠭᠡᠮᠨᠡᠷᠡᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠠᠪᠤᠴᠠ ᠳᠤ᠂ ᠭᠤᠣᠯᠯᠠᠬᠤ ᠠᠵᠤ ᠦᠢᠯᠡᠰ ᠤᠨ ᠪᠡᠯᠡᠳᠬᠡᠮᠵᠢᠵᠢᠬᠦ᠂ ᠣᠶᠤᠨᠴᠢᠯᠠᠬᠤ᠂ ᠠᠮᠢ ᠠᠬᠤᠶᠢᠵᠢᠬᠤ ᠬᠢᠷᠢ ᠲᠦᠪᠰᠢᠨ ᠤ ᠳᠡᠭᠡᠭᠰᠢᠯᠡᠬᠦ ᠶᠢ ᠳᠠᠭᠠᠯᠳᠤᠨ᠂ ᠲᠠᠷᠢᠶᠠᠯᠠᠩ ᠮᠠᠯ ᠠᠵᠤ ᠠᠬᠤᠢ ᠶᠢᠨ ᠣᠯᠠᠨ ᠡᠰᠢᠲᠦ ᠥᠷᠲᠡᠭ ᠢ ᠠᠭᠤᠳᠠᠯᠤᠨ ᠢᠯᠡᠷᠡᠭᠦᠯᠵᠦ᠂ ᠵᠠᠷᠢᠮ ᠪᠥᠭᠡᠮᠨᠡᠷᠡᠯ ᠨᠢ ᠠᠵᠤ ᠦᠢᠯᠡᠰ ᠢ ᠬᠥᠭᠵᠢᠭᠦᠯᠬᠦ᠂ ᠬᠥᠳᠡᠭᠡ ᠲᠣᠰᠬᠤᠨ ᠢ ᠭᠤᠶᠣᠵᠢᠭᠤᠯᠬᠤ᠂ ᠠᠮᠢ ᠠᠬᠤᠢ ᠶᠢ ᠰᠢᠯᠢᠳᠡᠭᠵᠢᠭᠦᠯᠬᠦ ᠪᠠᠷ ᠬᠠᠷᠠᠯᠲᠠ ᠪᠣᠯᠭᠠᠨ᠂ ᠠᠵᠤ ᠦᠢᠯᠡᠰ ᠤᠨ ᠬᠥᠭᠵᠢᠯᠲᠡ ᠶᠢ ᠠᠶᠢᠯ ᠲᠣᠰᠬᠤᠨ ᠤ ᠣᠷᠣᠨ ᠵᠠᠢ ᠶᠢᠨ ᠪᠠᠶᠢᠷᠢᠰᠢᠯ᠂ ᠰᠠᠭᠤᠷᠢ ᠲᠥᠬᠦᠭᠡᠷᠦᠮᠵᠢ ᠶᠢ ᠢᠵᠢ ᠪᠦᠷᠢᠳᠦᠭᠦᠯᠬᠦ᠂ ᠤᠯᠠᠨ ᠨᠡᠶᠢᠲᠡ ᠶᠢᠨ ᠦᠢᠯᠡᠴᠢᠯᠡᠭᠡ ᠶᠢ ᠲᠣᠬᠢᠷᠠᠭᠤᠯᠬᠤ᠂ ᠦᠵᠡᠰᠬᠦᠯᠡᠩᠲᠦ ᠰᠠᠶᠢᠬᠠᠨ ᠰᠢᠨ᠎ᠡ ᠲᠣᠰᠬᠤᠨ ᠤ ᠪᠦᠲᠦᠭᠡᠨ ᠪᠠᠶᠢᠭᠤᠯᠤᠯᠲᠠ ᠲᠠᠢ ᠵᠡᠷᠭᠡ ᠪᠠᠷ ᠲᠥᠯᠥᠪᠵᠢᠭᠦᠯᠵᠦ᠂ ᠰᠡᠯᠡᠭᠦᠴᠡᠨ ᠵᠤᠭᠠᠴᠠᠬᠤ᠂ ᠠᠷᠠᠳ ᠤᠨ ᠵᠠᠩ ᠦᠢᠯᠡ ᠶᠢ ᠣᠷᠭᠠᠨᠢᠭ ᠢᠶᠠᠷ ᠤᠶᠠᠯᠳᠤᠭᠤᠯᠵᠤ᠂ ᠰᠡᠯᠡᠭᠦᠴᠡᠯ ᠤᠨ ᠲᠠᠷᠢᠶᠠᠯᠠᠩ ᠲᠡᠶᠢᠰᠢ ᠠᠯᠬᠤᠮ ᠠᠯᠬᠤᠮ ᠢᠶᠠᠷ ᠥᠷᠭᠡᠳᠬᠡᠵᠦ᠂ ᠦᠢᠯᠡᠳᠪᠦᠷᠢᠯᠡᠬᠦ᠂ ᠳᠡᠯᠭᠡᠨ ᠦᠵᠡᠭᠦᠯᠬᠦ᠂ ᠪᠣᠷᠣᠯᠠᠭᠤᠯᠬᠤ᠂ ᠵᠤᠭᠠᠴᠠᠬᠤ᠂ ᠵᠤᠭ᠎ᠠ ᠴᠡᠩᠭᠡᠯ᠂ ᠰᠡᠯᠡᠭᠦᠴᠡᠯ ᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠢ ᠠᠵᠤ ᠦᠢᠯᠡᠰ ᠤᠨ ᠪᠦᠯᠦᠭᠯᠡᠯ ᠪᠣᠯᠭᠠᠨ ᠪᠠᠶᠢᠭᠤᠯᠵᠠᠢ᠃ ᠵᠢᠱᠢᠶᠡᠯᠡᠪᠡᠯ᠂ ᠪᠣᠷᠣᠳᠣᠬᠤᠢ ᠶᠢᠨ ᠨᠡᠷᠡᠨ ᠬᠤᠸᠠᠷ ᠤᠨ ᠠᠵᠤ ᠦᠢᠯᠡᠰ ᠤᠨ ᠪᠦᠯᠦᠭᠯᠡᠯ᠂ ᠲᠥᠷᠥᠯ ᠵᠦᠢᠯ ᠤᠨ ᠲᠣᠭᠤᠷᠢᠭ ᠢ ︽ᠳᠥᠷᠪᠡᠨ ᠬᠦᠷᠢᠶᠡᠯᠡᠩ ︵ᠰᠠᠭᠤᠷᠢᠨ ᠭᠠᠵᠠᠷ︶᠂ ᠨᠢᠭᠡ ᠲᠥᠪ︾ ᠤᠨ ᠶᠡᠷᠦᠩᠬᠡᠢ ᠪᠠᠶᠢᠷᠢᠯᠠᠭᠤᠯᠤᠯᠲᠠ ᠶᠣᠰᠣᠭᠠᠷ᠂ ᠡᠯ᠎ᠡ ᠬᠦᠷᠢᠶᠡᠯᠡᠩ ᠲᠣᠭᠤᠷᠢᠭ ︵ᠰᠠᠭᠤᠷᠢᠨ ᠭᠠᠵᠠᠷ︶᠂ ᠡᠯ᠎ᠡ ᠭᠤᠭᠴᠤᠭ᠎ᠠ ᠶᠢ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠨᠡᠷᠡᠨ ᠬᠤᠸᠠᠷ ᠤᠨ ᠲᠥᠷᠥᠯ ᠵᠦᠢᠯ ᠢ ᠰᠤᠳᠤᠯᠤᠨ ᠨᠡᠭᠡᠭᠡᠬᠦ᠂ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ᠂ ᠰᠠᠭᠤᠷᠢᠨ ᠭᠠᠵᠠᠷ ᠲᠤ ᠳᠠᠷᠢᠬᠤ᠂ ᠦᠢᠯᠡᠳᠪᠦᠷᠢᠯᠡᠵᠦ ᠡᠳ᠋ᠰᠢᠭᠦᠯᠬᠦ᠂ ᠲᠥᠪᠯᠡᠷᠡᠭᠦᠯᠵᠦ ᠲᠠᠷᠬᠠᠭᠠᠬᠤ ᠠᠷᠠᠯᠵᠢᠶ᠎ᠠ᠂ ᠲᠠᠷᠢᠶᠠᠯᠠᠩ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ ᠵᠡᠷᠭᠡ ᠶᠢ ᠨᠢᠭᠡ ᠴᠣᠭᠴᠠᠵᠢᠭᠤᠯᠤᠭᠰᠠᠨ ᠪᠥᠬᠦ ᠤᠯᠤᠰ ᠤᠨ ᠨᠡᠷᠡᠨ ᠬᠤᠸᠠᠷ ᠤᠨ ᠠᠵᠤ ᠦᠢᠯᠡᠰ ᠤᠨ ︽ᠨᠢᠰᠬᠡᠯ ᠤᠨ ᠰᠠᠭᠤᠷᠢ ᠣᠩᠭᠤᠴᠠ︾ ᠶᠢ ᠪᠣᠶ ᠪᠣᠯᠭᠠᠵᠤ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠣᠷᠣᠨ ᠪᠦᠰᠡᠵᠢᠭᠦᠯᠬᠦ᠂ ᠰᠠᠭᠤᠷᠢᠨ ᠭᠠᠵᠠᠷ ᠢ ᠬᠡᠪᠴᠢᠶᠡᠵᠢᠭᠦᠯᠬᠦ᠂ ᠦᠢᠯᠡᠳᠪᠦᠷᠢᠯᠡᠯ ᠢ ᠪᠠᠷᠢᠮᠵᠢᠶᠠᠵᠢᠭᠤᠯᠬᠤ᠂ ᠡᠳ᠋ᠰᠢᠭᠦᠯᠬᠦ ᠶᠢ ᠡᠷᠴᠢᠮᠵᠢᠭᠦᠯᠬᠦ᠂ ᠦᠢᠯᠡᠳᠬᠦᠨ ᠢ ᠪᠣᠬᠢᠷᠲᠤᠯ ᠦᠭᠡᠢ ᠪᠣᠯᠭᠠᠬᠤ᠂ ᠡᠵᠡᠩᠨᠡᠨ ᠪᠣᠷᠣᠯᠠᠭᠤᠯᠬᠤ ᠶᠢ ᠨᠠᠷᠠᠲᠤ ᠲᠡᠮᠳᠡᠭᠵᠢᠭᠦᠯᠬᠦ᠂ ᠡᠵᠡᠩᠨᠡᠯᠲᠡ ᠶᠢ ᠠᠵᠤ ᠦᠶᠢᠯᠡᠰᠵᠢᠭᠦᠯᠬᠦ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠪᠠᠶᠢᠷᠢᠰᠢᠯ ᠢ ᠪᠣᠶ ᠪᠣᠯᠭᠠᠵᠠᠢ᠃
3.png
      ᠪᠣᠬᠢᠷᠲᠤᠯ ᠦᠭᠡᠢ ᠬᠥᠭᠵᠢᠯᠲᠡ ᠰᠢᠨ᠎ᠡ ᠲᠠᠪᠰᠢᠯᠳᠠ ᠲᠠᠢ ᠪᠣᠯᠪᠠ᠃ ᠡᠯ᠎ᠡ ᠭᠠᠵᠠᠷ ᠤᠨ ᠬᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠪᠠᠲᠤ ᠬᠦᠴᠦᠨ ᠢ ᠢᠮᠠᠭᠲᠠ ᠪᠠᠷᠢᠮᠲᠠᠯᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠤᠰᠤ ᠠᠷᠪᠢᠯᠠᠬᠤ᠂ ᠪᠣᠷᠳᠣᠭᠤᠷ ᠪᠠ ᠡᠮ ᠢ ᠪᠠᠭᠠᠰᠬᠠᠬᠤ ᠪᠠ ᠡᠰᠢ ᠰᠦᠷᠡᠯ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠲᠠᠯ᠎ᠠ ᠪᠠᠷ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠬᠠᠮᠢᠶ᠎ᠠ ᠪᠦᠬᠦᠢ ᠭᠦᠢᠴᠡᠳᠬᠡᠯ ᠲᠤᠭ᠎ᠠ ᠶᠢ ᠴᠥᠮ ᠤᠯᠤᠰ ᠪᠠ ᠥᠪᠡᠷᠲᠡᠭᠡᠨ ᠵᠠᠰᠠᠬᠤ ᠣᠷᠣᠨ ᠤ ᠪᠠᠷᠢᠮᠵᠢᠶ᠎ᠠ ᠳᠤ ᠬᠦᠷᠦᠭᠦᠯᠵᠦ᠂ ᠠᠮᠢ ᠠᠬᠤᠢ᠂ ᠠᠵᠤ ᠠᠬᠤᠢ᠂ ᠨᠡᠶᠢᠭᠡᠮ ᠤᠨ ︽ᠭᠤᠷᠪᠠᠨ ᠦᠷ᠎ᠡ ᠠᠰᠢᠭ ᠢ ᠨᠢᠭᠡᠳᠬᠡᠬᠦ︾ ᠲᠠᠯ᠎ᠠ ᠪᠠᠷ ᠲᠠᠰᠤᠷᠠᠯᠲᠠ ᠦᠭᠡᠢ ᠬᠦᠴᠦᠯᠡᠵᠦ᠂ ᠪᠣᠬᠢᠷᠲᠤᠯ ᠦᠭᠡᠢ ᠪᠠ ᠬᠥᠭᠵᠢᠯᠲᠡ ᠶᠢᠨ ᠬᠤᠣᠰ ᠠᠮᠵᠢᠯᠲᠠ ᠶᠢ ᠪᠡᠶᠡᠯᠡᠭᠦᠯᠵᠡᠢ᠃ ᠵᠢᠱᠢᠶᠡᠯᠡᠪᠡᠯ᠂ ᠶᠡᠭᠡ ᠬᠢᠩᠭᠠᠨ ᠳᠠᠪᠠᠭ᠎ᠠ ᠶᠢᠨ ᠰᠢᠷ᠎ᠠ ᠪᠤᠷᠴᠠᠭ ᠤᠨ ᠠᠵᠤ ᠦᠢᠯᠡᠰ ᠤᠨ ᠪᠥᠭᠡᠮᠨᠡᠷᠡᠯ 250.6 ᠲᠦᠮᠡᠨ ᠮᠦ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠳᠠᠶᠢᠴᠢᠯᠠᠨ ᠪᠠᠶᠢᠭᠤᠯᠵᠤ᠂ ᠪᠦᠲᠦᠭᠡᠨ ᠪᠠᠶᠢᠭᠤᠯᠤᠯᠲᠠ ᠶᠢᠨ ᠣᠷᠣᠨ ᠨᠢ ︽ᠲᠥᠷᠥᠯ ᠵᠦᠢᠯ ᠢ ᠨᠢᠭᠡᠳᠬᠡᠬᠦ᠂ ᠪᠠᠷᠢᠮᠵᠢᠶ᠎ᠠ ᠶᠢ ᠨᠢᠭᠡᠳᠬᠡᠬᠦ᠂ ᠨᠢᠭᠡᠳᠦᠯᠲᠡᠢ ᠬᠠᠮᠢᠶᠠᠷᠬᠤ᠂ ᠨᠢᠭᠡᠳᠦᠯᠲᠡᠢ ᠬᠤᠷᠢᠶᠠᠨ ᠬᠠᠳᠠᠭᠠᠯᠠᠬᠤ︾ ᠵᠠᠭᠪᠤᠷ ᠢᠶᠠᠷ ᠳᠠᠮᠵᠢᠭᠤᠯᠤᠨ ᠦᠢᠯᠡᠳᠪᠦᠷᠢᠯᠡᠯ ᠢ ᠵᠣᠬᠢᠶᠠᠨ ᠪᠠᠶᠢᠭᠤᠯᠵᠤ᠂ ᠴᠢᠨᠠᠷ ᠰᠠᠶᠢᠲᠠᠢ ᠲᠤᠰᠬᠠᠢ ᠬᠡᠷᠡᠭᠯᠡᠭᠡᠨ ᠤ ᠲᠥᠷᠥᠯ ᠵᠦᠢᠯ ᠢ ᠳᠡᠯᠭᠡᠷᠡᠭᠦᠯᠦᠨ᠂ ᠣᠷᠭᠠᠨᠢᠭ ᠪᠣᠷᠳᠣᠭᠤᠷ ᠨᠡᠮᠡᠵᠦ ᠣᠷᠣᠭᠤᠯᠬᠤ᠂ ᠨᠠᠷᠢᠯᠢᠭ ᠳᠠᠷᠢᠬᠤ᠂ ᠨᠠᠶᠢᠷᠠᠯᠭ᠎ᠠ ᠲᠠᠢ ᠪᠣᠷᠳᠣᠭᠤᠷ ᠣᠷᠣᠭᠤᠯᠬᠤ᠂ ᠪᠣᠬᠢᠷᠲᠤᠯ ᠦᠭᠡᠢ ᠰᠡᠷᠭᠡᠶᠢᠯᠡᠨ ᠡᠵᠡᠮᠳᠡᠬᠦ᠂ ᠭᠦᠨ ᠰᠤᠯᠠᠷᠠᠭᠤᠯᠵᠤ ᠭᠦᠨ ᠬᠠᠭᠠᠯᠪᠤᠷᠢᠯᠠᠬᠤ᠂ ᠪᠥᠬᠦ ᠶᠠᠪᠤᠴᠠ ᠶᠢ ᠮᠠᠰᠢᠨᠴᠢᠯᠠᠬᠤ ᠵᠡᠷᠭᠡ ᠮᠡᠷᠭᠡᠵᠢᠯ ᠢ ᠳᠡᠯᠭᠡᠷᠡᠭᠦᠯᠵᠦ᠂ ᠤᠰᠤ ᠬᠡᠷᠡᠭᠯᠡᠬᠦ ᠪᠦᠷᠬᠦᠪᠴᠢ ᠶᠢ ᠬᠤᠶᠠᠷ ᠢ ᠡᠵᠡᠮᠳᠡᠬᠦ᠂ ᠬᠢᠮᠢ ᠶᠢᠨ ᠪᠣᠷᠳᠣᠭᠤᠷ ᠲᠠᠷᠢᠶᠠᠨ ᠡᠮ ᠢ ᠬᠤᠶᠠᠷ ᠢ ᠪᠠᠭᠠᠰᠬᠠᠬᠤ᠂ ᠶᠠᠰᠤ ᠴᠢᠨᠠᠷ ᠦᠷ᠎ᠡ ᠠᠰᠢᠭ ᠢ ᠬᠤᠶᠠᠷ ᠢ ᠳᠡᠭᠡᠭᠰᠢᠯᠡᠭᠦᠯᠬᠦ ᠶᠢ ᠪᠡᠶᠡᠯᠡᠭᠦᠯᠵᠡᠢ᠃
4.png
      ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠲᠠᠯ᠎ᠠ ᠪᠠᠷ ᠰᠢᠨ᠎ᠡ ᠬᠡᠪ ᠵᠠᠭᠪᠤᠷ ᠲᠠᠢ ᠪᠣᠯᠵᠠᠢ᠃ ᠠᠵᠤ ᠦᠢᠯᠡᠰ ᠤᠨ ᠪᠥᠭᠡᠮᠨᠡᠷᠡᠯ ᠤᠨ ᠪᠦᠲᠦᠭᠡᠨ ᠪᠠᠶᠢᠭᠤᠯᠤᠯᠲᠠ ᠶᠢᠨ ᠵᠣᠷᠢᠯᠲᠠ ᠪᠣᠯ ᠳᠠᠷᠤᠢ ᠠᠵᠤ ᠦᠢᠯᠡᠰ ᠢ ᠪᠤᠵᠠᠭᠠᠶᠢᠷᠠᠭᠤᠯᠤᠨ᠂ ᠮᠠᠯᠴᠢᠨ ᠲᠠᠷᠢᠶᠠᠴᠢᠳ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠬᠦ ᠶᠠᠪᠤᠳᠠᠯ ᠪᠣᠯᠣᠨ᠎ᠠ᠃ ᠡᠯ᠎ᠡ ᠭᠠᠵᠠᠷ ᠤᠨ ᠬᠢᠨ ᠡᠨᠡ ᠬᠦ ᠵᠣᠷᠢᠯᠲᠠ ᠶᠢᠨ ᠲᠣᠭᠤᠷᠢᠨ ᠳᠤ᠂ ᠣᠷᠣᠯᠭ᠎ᠠ ᠪᠠᠨ ᠨᠡᠮᠡᠭᠳᠡᠭᠦᠯᠬᠦ ᠰᠢᠨ᠎ᠡ ᠠᠷᠭ᠎ᠠ ᠵᠠᠮ ᠢ ᠬᠦᠴᠦᠯᠡᠨ ᠨᠡᠭᠡᠭᠡᠵᠦ᠂ ᠲᠠᠷᠢᠶᠠᠯᠠᠩ ᠢ ᠳᠠᠶᠢᠴᠢᠯᠠᠬᠤ ᠰᠢᠨ᠎ᠡ ᠲᠣᠭᠲᠠᠴᠠ ᠶᠢᠨ ᠰᠢᠨ᠎ᠡ ᠶᠢ ᠡᠭᠦᠳᠴᠦ᠂ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠪᠠ ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠪᠣᠶᠢᠵᠢᠭᠤᠯᠬᠤ ᠶᠢ ᠴᠢᠩᠭᠠᠳᠬᠠᠨ᠂ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠶᠢ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠪᠠ ᠲᠥᠷᠥ ᠶᠢᠨ ᠪᠣᠳᠣᠯᠭ᠎ᠠ ᠶᠢᠨ ᠳᠡᠮᠵᠢᠯᠭᠡ ᠣᠯᠬᠤ ᠶᠢᠨ ᠴᠢᠬᠤᠯᠠ ᠯᠠᠪᠯᠠᠯᠲᠠ ᠶᠢᠨ ᠭᠦᠢᠴᠡᠳᠬᠡᠯ ᠲᠤᠭ᠎ᠠ ᠪᠣᠯᠭᠠᠵᠤ᠂ ᠡᠵᠡᠩᠨᠡᠯᠲᠡ ᠶᠢᠨ ᠭᠤᠣᠯ ᠴᠣᠭᠴᠠ ᠶᠢ ᠬᠥᠲᠥᠯᠥᠨ ᠵᠢᠯᠤᠭᠤᠳᠴᠤ ᠪᠠᠶᠢᠭᠠᠳ ᠬᠤᠯᠪᠣᠯᠳᠤᠭᠰᠠᠨ ᠬᠠᠷᠢᠴᠠᠭ᠎ᠠ ᠪᠠᠶᠢᠭᠤᠯᠵᠤ᠂ ᠠᠵᠤ ᠦᠢᠯᠡᠰ ᠤᠨ ᠪᠦᠯᠦᠭᠵᠢᠯ ᠤᠨ ᠵᠣᠬᠢᠶᠠᠨ ᠪᠠᠶᠢᠭᠤᠯᠤᠯᠴᠠᠭᠰᠠᠨ ᠬᠡᠮᠵᠢᠶ᠎ᠡ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠂ ᠮᠠᠯᠴᠢᠨ ᠲᠠᠷᠢᠶᠠᠴᠢᠨ ᠤ ᠣᠷᠣᠯᠭ᠎ᠠ ᠶᠢ ᠢᠯᠡᠳᠲᠡ ᠳᠡᠭᠡᠭᠰᠢᠯᠡᠭᠦᠯᠵᠡᠢ᠃ ᠵᠢᠱᠢᠶᠡᠯᠡᠪᠡᠯ᠂ ᠬᠤᠷᠴᠢᠨ ᠠᠯᠠᠰᠢᠨ ᠦᠬᠡᠷ ᠤᠨ ᠠᠵᠤ ᠦᠢᠯᠡᠰ ᠤᠨ ᠪᠥᠭᠡᠮᠨᠡᠷᠡᠯ ᠳᠤ᠂ ᠬᠥᠲᠥᠴᠢ ᠠᠵᠤ ᠠᠬᠤᠶᠢᠯᠠᠯ + ᠬᠤᠷᠰᠢᠶ᠎ᠠ + ᠲᠡᠵᠢᠭᠡᠨ ᠦᠷᠡᠵᠢᠭᠦᠯᠬᠦ ᠡᠷᠦᠬᠡ + ᠮᠠᠯᠵᠢᠬᠤ ᠲᠠᠷᠢᠶᠠᠯᠠᠬᠤ ᠡᠷᠦᠬᠡ ᠶᠢᠨ ︽1+3︾ ᠶᠢᠨ ᠵᠠᠭᠪᠤᠷ ᠢ ᠶᠡᠭᠡ ᠪᠠᠷ ᠳᠡᠯᠭᠡᠷᠡᠭᠦᠯᠵᠦ᠂ ᠵᠠᠰᠠᠭ ᠤᠨᠣᠷᠳᠣᠨ  ᠠᠴᠠ ᠬᠥᠲᠥᠯᠥᠨ ᠵᠢᠯᠤᠭᠤᠳᠬᠤ᠂ ᠲᠥᠷᠥ ᠶᠢᠨ ᠪᠣᠳᠣᠯᠭ᠎ᠠ ᠪᠠᠷ ᠳᠡᠮᠵᠢᠬᠦ᠂ ᠬᠥᠲᠥᠴᠢ ᠳᠠᠭᠠᠭᠤᠯᠬᠤ᠂ ᠲᠥᠷᠥᠯ ᠵᠦᠢᠯ ᠢᠶᠠᠷ ᠬᠥᠳᠡᠯᠭᠡᠭᠦᠷ ᠪᠣᠯᠭᠠᠬᠤ᠂ ᠲᠣᠮᠣ ᠡᠷᠦᠬᠡ ᠪᠠᠷ ᠵᠢᠱᠢᠶ᠎ᠡ ᠦᠵᠡᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠤᠯᠭᠠᠭᠤᠷᠢᠯᠠᠬᠤ ᠪᠠᠷ ᠳᠠᠮᠵᠢᠭᠤᠯᠤᠨ᠂ ᠠᠯᠠᠰᠢᠨ ᠦᠬᠡᠷ ᠤᠨ ᠠᠵᠤ ᠦᠢᠯᠡᠰ ᠤᠨ ᠡᠭᠦᠯᠳᠡᠷ ᠣᠷᠣᠭᠤᠯᠬᠤ᠂ ᠳᠦᠷᠢᠮ ᠲᠣᠭᠲᠠᠭᠠᠯ ᠢ ᠥᠷᠭᠡᠳᠬᠡᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠵᠦ᠂ ᠲᠠᠷᠢᠶᠠᠴᠢᠳ ᠤᠨ ᠣᠷᠣᠯᠭ᠎ᠠ ᠶᠢ  ᠨᠡᠮᠡᠭᠳᠡᠭᠦᠯᠵᠡᠢ᠃ ᠲᠦᠴᠢᠦᠸᠠᠨ ᠰᠢᠶᠠᠨ ᠠᠵᠤ ᠦᠢᠯᠡᠰ ᠤᠨ ᠪᠥᠭᠡᠮᠨᠡᠷᠡᠯ ᠤᠨ ᠲᠦᠷᠦᠯ ᠵᠦᠢᠯ ᠳᠤ ᠲᠦᠰᠢᠭᠯᠡᠨ᠂ ᠮᠠᠯᠴᠢᠨ ᠲᠠᠷᠢᠶᠠᠴᠢᠨ ᠡᠷᠦᠬᠡ ᠯᠦᠭᠡ ᠶᠢᠨ ᠠᠰᠢᠭ ᠲᠤᠰᠠ ᠶᠢᠨ ᠬᠤᠯᠪᠣᠭᠠᠯᠠᠯ ᠪᠣᠯᠣᠨ ᠪᠠᠲᠤᠯᠠᠪᠤᠷᠢ ᠶᠢᠨ ᠲᠣᠭᠲᠠᠴᠠ ᠶᠢ ᠪᠠᠶᠢᠭᠤᠯᠵᠤ᠂ ᠲᠦᠷᠦᠯ ᠵᠦᠢᠯ ᠢ ᠬᠡᠷᠡᠭᠵᠢᠭᠦᠯᠬᠦ ᠪᠠᠷ ᠳᠠᠮᠵᠢᠨ᠂ 35000 ᠮᠠᠯᠴᠢᠨ ᠲᠠᠷᠢᠶᠠᠴᠢᠨ ᠡᠷᠦᠬᠡ᠂ 10.2 ᠲᠦᠮᠡᠨ ᠬᠥᠮᠥᠨ ᠢ ᠰᠢᠭᠤᠳ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠵᠦ᠂ 5.8 ᠲᠦᠮᠡᠨ ᠮᠠᠯᠴᠢᠨ ᠲᠠᠷᠢᠶᠠᠴᠢᠨ ᠡᠷᠦᠬᠡ᠂ 18 ᠲᠦᠮᠡᠨ ᠮᠠᠯᠴᠢᠨ ᠲᠠᠷᠢᠶᠠᠴᠢᠨ ᠢ ᠳᠠᠮ ᠢᠶᠠᠷ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠵᠡᠢ᠃
5.png
      ᠲᠠᠷᠠᠭᠠᠴᠢ ᠶᠢᠨ ᠠᠯᠬᠤᠮ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ᠂ ᠡᠳ᠋ ᠤᠨ ᠵᠠᠰᠠᠭ ᠤᠨ ᠰᠠᠯᠠᠭ᠎ᠠ ᠮᠥᠴᠢᠷ ᠴᠢᠨᠠᠷ ᠰᠠᠶᠢᠲᠠᠢ ᠠᠵᠤ ᠦᠢᠯᠡᠰ ᠤᠨ ᠪᠥᠭᠡᠮᠨᠡᠷᠡᠯ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠢᠶᠠᠨ ᠡᠬᠢᠯᠡᠭᠦᠯᠵᠦ᠂ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠭᠰᠠᠨ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠤᠯᠤᠰ ᠤᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠥᠭᠡᠮᠨᠡᠷᠡᠯ ᠤᠨ ᠴᠢᠨᠠᠷ ᠴᠢᠨᠰᠠᠭ᠎ᠠ ᠦᠷ᠎ᠡ ᠠᠰᠢᠭ ᠢ ᠳᠡᠭᠡᠭᠰᠢᠯᠡᠭᠦᠯᠬᠦ ᠪᠠᠷ ᠰᠢᠨ᠎ᠡ ᠬᠠᠷᠠᠯᠲᠠ ᠪᠣᠯᠭᠠᠵᠤ᠂ ᠤᠯᠤᠰ ᠤᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠥᠭᠡᠮᠨᠡᠷᠡᠯ ᠤᠨ ᠪᠦᠲᠦᠭᠡᠨ ᠪᠠᠶᠢᠭᠤᠯᠤᠯᠲᠠ ᠶᠢᠨ ᠨᠠᠩ ᠶᠡᠭᠡ ᠦᠷ᠎ᠡ ᠪᠦᠲᠦᠮᠵᠢ ᠣᠯᠬᠤ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠤᠨ᠎ᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号