ᠰᠤᠷᠪᠤᠯᠵᠢᠯᠠᠬᠴᠢ ᠪᠠᠶᠠᠨᠨᠠᠭᠤᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠠᠴᠠ | ᠣᠶᠢᠯᠠᠭᠠᠭᠰᠠᠨ ᠢᠶᠠᠷ᠂ ᠡᠨᠡ ᠵᠢᠯ ᠤᠨ ᠥᠪᠥᠷ ᠮᠣᠩᠭᠤᠯ ᠤᠨ ᠭᠤᠣᠯᠳᠠᠯᠭ᠎ᠠ ᠲᠠᠢ ᠠᠮᠤ ᠲᠣᠰᠣᠨ ᠤ ᠲᠠᠷᠢᠮᠠᠯ ᠤᠨ | ᠥᠨᠳᠥᠷ ᠤᠨᠠᠯᠲᠠ ᠶᠢᠨ ᠤᠷᠤᠯᠳᠤᠭᠠᠨ ᠳᠤ ᠪᠠᠶᠠᠨᠨᠠᠭᠤᠷ ᠬᠤᠲᠠ ᠶᠢᠨ ᠲᠥᠮᠥᠰᠥᠨ ᠤ ᠮᠦ ᠨᠢᠭᠡᠴᠢ ᠶᠢᠨ ᠬᠠᠮᠤᠭ ᠤᠨ | ᠥᠨᠳᠥᠷ ᠤᠨᠠᠯᠲᠠ 6560.71 ᠺᠢᠯᠦᠭᠷᠠᠮ ᠳᠤ ᠬᠦᠷᠴᠦ᠂ ᠲᠠᠸᠠᠷ ᠤᠨ ᠲᠥᠮᠥᠰᠥᠨ ᠤ ᠨᠣᠷᠮ᠎ᠠ 99.71% ᠳᠤ | ᠬᠦᠷᠴᠦ᠂ ᠥᠪᠥᠷ ᠮᠣᠩᠭᠤᠯ ᠤᠨ ᠲᠥᠮᠥᠰᠥᠨ ᠤ ᠥᠨᠳᠥᠷ ᠤᠨᠠᠯᠲᠠ ᠶᠢᠨ ᠲᠡᠮᠳᠡᠭᠯᠡᠯ ᠢ ᠡᠭᠦᠳᠪᠡ᠃ | ᠲᠥᠮᠥᠰᠥᠨ ᠤ ᠥᠨᠳᠥᠷ ᠤᠨᠠᠯᠲᠠ ᠶᠢᠨ ᠲᠡᠮᠳᠡᠭᠯᠡᠯ ᠢ ᠡᠭᠦᠳᠦᠭᠰᠡᠨ ᠲᠠᠷᠢᠶ᠎ᠠ ᠨᠢ ᠳ᠋ᠧᠩᠺᠸᠦ ᠰᠢᠶᠠᠨ ᠤ | ᠱᠠᠵᠢᠨᠲᠣᠬᠤᠢ ᠰᠤᠮᠤ ᠶᠢᠨ ᠪᠠᠶᠠᠨᠪᠤᠯᠠᠭ ᠭᠠᠴᠠᠭᠠᠨ ᠳᠤ ᠪᠠᠶᠢᠷᠢᠯᠠᠵᠤ ᠪᠤᠢ᠃ ᠠᠳᠡᠬᠢ ᠬᠢᠷᠠᠭᠤ ᠦᠭᠡᠢ ᠬᠤᠭᠤᠴᠠᠭ᠎ᠠ | 136 ᠬᠤᠨᠤᠭ ᠪᠠᠶᠢᠳᠠᠭ᠃ ᠲᠤᠰ ᠬᠡᠰᠡᠭ ᠲᠠᠷᠢᠶᠠᠨ ᠭᠠᠵᠠᠷ ᠨᠢ ᠥᠨᠳᠥᠷ ᠲᠠᠯᠠᠩ ᠪᠦᠬᠦᠢ ᠤᠰᠤ ᠪᠣᠷᠳᠣᠭᠤᠷ ᠢ | ᠨᠢᠭᠡ ᠴᠣᠭᠴᠠᠵᠢᠭᠤᠯᠤᠨ ᠳᠤᠰᠤᠯᠭᠠᠨ ᠤᠰᠤᠯᠠᠬᠤ ᠭᠡᠯᠪᠡᠷᠢ ᠪᠠᠷ ᠲᠠᠷᠢᠵᠤ᠂ ᠳᠠᠷᠢᠭᠰᠠᠨ ᠴᠠᠭ ᠨᠢ 4 ᠰᠠᠷ᠎ᠠ ᠶᠢᠨ 8 ᠤ | ᠡᠳᠦᠷ ᠪᠠᠶᠢᠵᠤ᠂ ᠶᠡᠷᠦᠳᠡ ᠶᠢᠨ ᠲᠥᠮᠥᠰᠥ ᠲᠠᠷᠢᠬᠤ ᠴᠠᠭ ᠠᠴᠠ 20 ᠡᠳᠦᠷ ᠣᠷᠴᠢᠮ ᠤᠷᠢᠳᠴᠢᠯᠠᠵᠠᠢ᠃ ᠲᠤᠰ | ᠬᠡᠰᠡᠭ ᠲᠠᠷᠢᠶᠠᠨ ᠭᠠᠵᠠᠷ ᠤᠨ ᠬᠥᠷᠥᠰᠥᠨ ᠤ ᠲᠥᠷᠥᠯ ᠵᠦᠢᠯ ᠨᠢ ᠡᠯᠡᠰᠦᠷᠬᠡᠭ ᠰᠢᠷᠣᠢ ᠪᠠᠶᠢᠵᠤ᠂ ᠬᠥᠷᠥᠰᠥᠨ ᠤ | ᠰᠢᠮ᠎ᠡ ᠶᠢ ᠳᠡᠭᠡᠭᠰᠢᠯᠡᠭᠦᠯᠭᠦ ᠶᠢᠨ ᠲᠥᠯᠥᠭᠡ ᠵᠢᠯ ᠳᠤ ᠮᠦ ᠳᠤᠮᠳᠠᠴᠢ ᠪᠠᠷ 13 ᠪᠣᠰᠤᠭ᠎ᠠ ᠳᠥᠷᠪᠡᠯᠵᠢᠨ ᠮᠧᠲᠷ ᠤᠨ | ᠣᠷᠭᠠᠨᠢᠭ ᠪᠣᠷᠳᠣᠭᠤᠷ ᠣᠷᠣᠭᠤᠯᠵᠤ᠂ ᠦᠷᠭᠦᠯᠵᠢᠯᠡᠨ 2 ᠵᠢᠯ ᠣᠷᠣᠭᠤᠯᠪᠠ᠃ ᠡᠭᠦᠨ ᠤ ᠬᠠᠮᠲᠤ ᠤᠰᠤ ᠪᠣᠷᠳᠣᠭᠤᠷ ᠢ | ᠨᠠᠷᠢᠯᠢᠭ ᠣᠨᠣᠪᠴᠢᠲᠠᠢ ᠲᠣᠬᠢᠷᠠᠭᠤᠯᠤᠨ᠂ ᠭᠡᠮ ᠬᠤᠷᠣᠬᠠᠢ ᠶᠢᠨ ᠬᠥᠨᠥᠭᠡᠯ ᠢ ᠪᠣᠬᠢᠷᠳᠤᠯ ᠦᠭᠡᠢ ᠪᠠᠷ ᠰᠡᠷᠭᠡᠶᠢᠯᠡᠨ | ᠵᠠᠰᠠᠬᠤ᠂ ᠪᠦᠭᠦ ᠶᠠᠪᠤᠴᠠ ᠳᠤ ᠮᠧᠬᠠᠨᠢᠭᠴᠢᠯᠠᠭᠰᠠᠨ ᠥᠨᠳᠥᠷ ᠪᠦᠲᠦᠮᠵᠢᠲᠠᠢ ᠠᠵᠢᠯᠯᠠᠭ᠎ᠠ ᠶᠢᠨ ᠪᠠᠷᠢᠮᠵᠢᠶᠠᠵᠢᠭᠰᠠᠨ | ᠦᠢᠯᠡᠳᠪᠦᠷᠢᠯᠡᠯ ᠵᠡᠷᠭᠡ ᠮᠡᠷᠭᠡᠵᠢᠯ ᠢ ᠬᠤᠷᠠᠮᠳᠤᠭᠤᠯᠵᠤ᠂ ᠲᠥᠮᠥᠰᠥ ᠶᠢᠨ ᠴᠢᠨᠠᠷ ᠰᠠᠶᠢᠲᠠᠢ ᠥᠨᠳᠥᠷ ᠤᠨᠠᠯᠲᠠ ᠳᠤ | ᠪᠠᠲᠤ ᠪᠠᠬᠢ ᠰᠠᠭᠤᠷᠢ ᠲᠠᠯᠪᠢᠪᠠ᠃ | ᠣᠶᠢᠷ᠎ᠠ ᠶᠢᠨ ᠵᠢᠯ ᠠᠴᠠ ᠪᠠᠶᠠᠨᠨᠠᠭᠤᠷ ᠬᠤᠲᠠ ᠲᠥᠮᠥᠰᠥ ᠶᠢᠨ ᠠᠵᠤ ᠦᠢᠯᠡᠰ ᠢ ᠪᠠᠷᠢᠮᠵᠢᠶᠠᠵᠢᠭᠤᠯᠤᠨ | ᠬᠡᠪᠴᠢᠶᠡᠵᠢᠭᠦᠯᠦᠨ ᠬᠥᠭᠵᠢᠭᠦᠯᠵᠦ᠂ ᠲᠥᠮᠥᠰᠥ ᠲᠠᠷᠢᠬᠤ ᠭᠤᠣᠯ ᠴᠣᠭᠴᠠ ᠨᠢ ᠲᠠᠷᠢᠮᠠᠯ ᠤᠨ ᠲᠣᠮᠣ ᠡᠷᠦᠭᠡ᠂ ᠭᠡᠷ | ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ᠂ ᠬᠤᠷᠰᠢᠶ᠎ᠠ ᠪᠠᠷ ᠭᠤᠣᠯᠯᠠᠵᠤ᠂ 500 ᠮᠦ ᠠᠴᠠ ᠳᠡᠭᠡᠭᠰᠢ | ᠬᠡᠪᠴᠢᠶᠡᠵᠢᠭᠦᠯᠦᠨ ᠲᠥᠪᠯᠡᠷᠡᠭᠦᠯᠵᠦ ᠵᠠᠯᠭᠠᠯᠳᠤᠭᠤᠯᠤᠨ ᠳᠠᠷᠢᠬᠤ ᠪᠠᠷ ᠭᠤᠣᠯ ᠪᠤᠯᠭᠠᠵᠤ᠂ ᠪᠦᠭᠦ ᠶᠠᠪᠤᠴᠠ ᠶᠢ | ᠮᠧᠬᠠᠨᠢᠭᠴᠢᠯᠠᠭᠰᠠᠨ ᠥᠨᠳᠥᠷ ᠪᠦᠲᠦᠮᠵᠢᠲᠦ ᠦᠢᠯᠡᠳᠪᠦᠷᠢᠯᠡᠯ ᠤᠨ ᠮᠡᠷᠭᠡᠵᠢᠯ ᠢ ᠵᠢᠱᠢᠶ᠎ᠡ ᠦᠵᠡᠭᠦᠯᠦᠨ ᠳᠡᠯᠭᠡᠷᠡᠭᠦᠯᠵᠦ᠂ | ᠵᠠᠬᠢᠶᠠᠯᠠᠭ᠎ᠠ ᠶᠢᠨ ᠦᠢᠯᠡᠳᠪᠦᠷᠢᠯᠡᠯ ᠳᠤ ᠲᠦᠰᠢᠭᠯᠡᠨ᠂ ᠪᠦᠭᠦ ᠬᠤᠲᠠ ᠶᠢᠨ ᠲᠥᠮᠥᠰᠥ ᠲᠠᠷᠢᠬᠤ ᠡᠷᠦᠭᠡ ᠶᠢᠨ | ᠦᠢᠯᠡᠳᠪᠦᠷᠢᠯᠡᠯ ᠤᠨ ᠴᠢᠳᠠᠪᠬᠢ ᠪᠠᠨ ᠴᠢᠩᠭᠠᠳᠬᠠᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠪᠠ᠃ |