ᠲᠠᠷᠢᠶ᠎ᠠ ᠲᠥᠮᠥᠰᠥ ᠪᠠᠨ ᠬᠤᠷᠢᠶᠠᠬᠤ ᠠᠵᠢᠯ ᠰᠢᠪᠲᠤᠷᠠᠭᠠᠨ ᠳᠠᠭᠠᠨ ᠣᠷᠣᠬᠤ ᠶᠢ ᠳᠠᠭᠠᠯᠳᠤᠨ ᠠᠮᠤ ᠪᠤᠳᠠᠭᠠᠨ | ᠤ ᠦᠢᠯᠡᠳᠪᠦᠷᠢᠯᠡᠯ ᠤᠨ ᠡᠮᠦᠨ᠎ᠡ ᠹᠷᠤᠨᠲ ᠠᠴᠠ ᠪᠠᠶᠠᠷ ᠤᠨ ᠴᠢᠮᠡᠭᠡ ᠳᠠᠮᠵᠢᠭᠳᠠᠵᠤ᠂ ᠮᠠᠨ ᠤ ᠣᠷᠣᠨ ᠤ ᠡᠷᠳᠡᠨᠢ | ᠰᠢᠰᠢ᠂ ᠰᠢᠷ᠎ᠠ ᠪᠤᠷᠴᠠᠭ᠂ ᠪᠤᠭᠤᠳᠠᠢ᠂ ᠤᠰᠤᠨ ᠲᠤᠲᠤᠷᠭ᠎ᠠ᠂ ᠨᠠᠷᠢᠮᠤ᠂ ᠲᠥᠮᠥᠰᠥ᠂ ᠨᠡᠷᠡᠨ ᠬᠤᠸᠠᠷ ᠵᠡᠷᠭᠡ ᠠᠮᠤ ᠲᠤᠰᠤᠨ | ᠤ 7 ᠲᠦᠷᠦᠯ ᠤᠨ ᠭᠤᠣᠯ ᠲᠠᠷᠢᠮᠠᠯ ᠤᠨ ᠮᠦ ᠨᠢᠭᠡᠴᠢ ᠶᠢᠨ ᠤᠨᠠᠯᠲᠠ ᠴᠥᠮ ᠰᠢᠨ᠎ᠡ ᠲᠡᠮᠳᠡᠭᠯᠡᠯ ᠢ ᠡᠭᠦᠳᠴᠡᠢ᠃ | ᠡᠨᠡ ᠵᠢᠯ ᠮᠠᠨ ᠤ ᠣᠷᠣᠨ ︽ᠲᠠᠯᠠᠪᠠᠶ ᠶᠢ ᠲᠣᠭᠲᠠᠪᠤᠷᠢᠵᠢᠭᠤᠯᠵᠤ᠂ ᠮᠦ ᠨᠢᠭᠡᠴᠢ ᠶᠢᠨ ᠤᠨᠠᠯᠲᠠ ᠶᠢ | ᠳᠡᠭᠡᠭᠰᠢᠯᠡᠭᠦᠯᠭᠦ︾ ᠲᠦᠷᠦ ᠶᠢᠨ ᠪᠣᠳᠣᠯᠭ᠎ᠠ ᠳᠤ ᠰᠠᠭᠤᠷᠢᠯᠠᠨ᠂ ᠠᠮᠤ ᠲᠣᠰᠣᠨ ᠤ ᠭᠤᠣᠯ ᠲᠠᠷᠢᠮᠠᠯ ᠤᠨ ᠮᠦ ᠨᠢᠭᠡᠴᠢ | ᠶᠢᠨ ᠤᠨᠠᠯᠲᠠ ᠶᠢ ᠳᠡᠭᠡᠭᠰᠢᠯᠡᠭᠦᠯᠭᠦ ᠶᠢ ᠲᠠᠷᠢᠶᠠᠯᠠᠩ ᠦᠢᠯᠡᠳᠪᠦᠷᠢᠯᠡᠯ ᠤᠨ ᠲᠡᠷᠢᠭᠦᠨ ᠴᠢᠬᠤᠯᠠ ᠢᠨᠵᠧᠨᠧᠷᠢᠩ | ᠪᠣᠯᠭᠠᠨ ᠠᠬᠢᠭᠤᠯᠪᠠ᠃ ᠮᠦ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠭᠦ ᠵᠢᠱᠢᠶ᠎ᠡ ᠦᠵᠡᠭᠦᠯᠭᠦ ᠲᠣᠭᠤᠷᠢᠭ ᠢ ᠨᠡᠶᠢᠲᠡ | 1040 ᠲᠦᠮᠡᠨ ᠮᠦ ᠪᠠᠶᠢᠭᠤᠯᠵᠤ᠂ ᠡᠷᠳᠡᠨᠢ ᠰᠢᠰᠢ ᠪᠠ ᠰᠢᠷ᠎ᠠ ᠪᠤᠷᠴᠠᠭ ᠤᠨ ᠮᠦ ᠨᠢᠭᠡᠴᠢ ᠶᠢᠨ ᠤᠨᠠᠯᠲᠠ ᠶᠢ | ᠳᠡᠭᠡᠭᠰᠢᠯᠡᠭᠦᠯᠭᠦ ᠶᠡᠷᠦᠩᠬᠡᠶᠢᠯᠡᠭᠰᠡᠨ ᠬᠦᠷᠢᠶᠡᠯᠡᠩ ᠲᠣᠭᠤᠷᠢᠭ ᠢ 40 ᠪᠠᠶᠢᠭᠤᠯᠵᠤ᠂ ᠤᠮᠠᠷᠠᠲᠤ ᠣᠷᠣᠨ ᠤ ᠭᠠᠭᠴᠠ | ᠤᠯᠠᠷᠢᠯ ᠤᠨ ᠳᠤᠨ ᠤ ᠤᠨᠠᠯᠲᠠ ᠲᠠᠢ ᠠᠮᠤ ᠪᠤᠳᠠᠭᠠᠨ ᠤ ᠲᠠᠷᠢᠶᠠᠨ ᠭᠠᠵᠠᠷ ᠤᠨ ᠵᠢᠱᠢᠶ᠎ᠡ ᠦᠵᠡᠭᠦᠯᠭᠦ ᠣᠷᠣᠨ ᠢ | ᠪᠠᠶᠢᠭᠤᠯᠬᠤ ᠶᠢ ᠬᠦᠴᠦᠲᠡᠢ ᠲᠤᠯᠭᠠᠭᠤᠷᠢᠯᠠᠪᠠ᠃ ᠨᠠᠮᠤᠷ ᠤᠨ ᠰᠡᠭᠦᠯᠴᠢ ᠪᠠᠷ ᠪᠣᠷᠣᠭᠠᠨ ᠦᠷᠭᠦᠯᠵᠢᠯᠡᠵᠤ ᠳᠤᠯᠠᠭᠠᠨ ᠤ | ᠬᠡᠮᠵᠢᠶ᠎ᠡ ᠪᠠᠭᠤᠷᠠᠨ ᠲᠠᠷᠢᠶ᠎ᠠ ᠲᠥᠮᠥᠰᠥ ᠶᠢᠨ ᠬᠤᠷᠢᠶᠠᠯᠲᠠ ᠶᠢ ᠨᠥᠯᠥᠭᠡᠯᠡᠭᠰᠡᠨ ᠪᠤᠯᠪᠠᠴᠦ ᠪᠦᠭᠦ ᠣᠷᠣᠨ ᠤ ᠡᠯ᠎ᠡ | ᠭᠠᠵᠠᠷ ᠤᠨ ᠬᠢᠨ ᠨᠢᠭᠡᠳᠦᠯᠲᠡᠢ ᠵᠣᠬᠢᠶᠠᠨ ᠪᠠᠶᠢᠭᠤᠯᠵᠤ᠂ ᠴᠠᠭ ᠢ ᠠᠮᠵᠢᠨ ᠬᠤᠷᠢᠶᠠᠯᠲᠠ ᠶᠢᠨ ᠠᠵᠢᠯ ᠢ ᠪᠦᠳᠦᠮᠵᠢᠳᠠᠢ | ᠠᠬᠢᠭᠤᠯᠵᠠᠢ᠃ |