11 ᠰᠠᠷ᠎ᠠ ᠶᠢᠨ 16 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠢᠨ ᠲᠢᠩᠬᠢᠮ ᠤᠨ ᠰᠢᠰᠲ᠋ᠧᠮ ᠤᠨ | ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠤᠷᠠᠯᠳᠤᠭᠤᠯᠪᠠ᠃ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ | ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠬᠠᠢ ᠱᠠᠨ ᠬᠤᠷᠠᠯ ᠢ | ᠡᠷᠭᠢᠯᠡᠵᠦ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠳᠤ ᠰᠠᠭᠤᠭ᠎ᠠ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠵᠠᠩ ᠮᠢᠩ ᠵᠢᠶᠧ ᠠᠷᠢᠭᠤᠨ | ᠴᠢᠬᠡᠴᠢ ᠪᠠᠷ ᠵᠠᠰᠠᠭ ᠪᠠᠷᠢᠬᠤ ᠲᠤᠬᠠᠢ ᠨᠠᠮ ᠤᠨ ᠬᠢᠴᠢᠶᠡᠯ ᠣᠷᠣᠪᠠ᠃ | | | | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ᠬᠤᠷᠠᠯ ᠳᠤ ᠣᠷᠣᠯᠴᠠᠭᠰᠠᠳ ᠰᠡᠷᠡᠮᠵᠢᠯᠡᠭᠦᠯᠬᠦ ᠬᠥᠮᠦᠵᠢᠯ ᠤᠨ ᠸᠢᠳᠢᠤ᠋ ᠶᠢ ᠦᠵᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠪᠦᠬᠦ ᠣᠷᠣᠨ ᠤ | ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠣᠶᠢᠷ᠎ᠠ ᠶᠢᠨ ᠬᠤᠭᠤᠴᠠᠭᠠᠨ ᠤ ᠡᠯ᠎ᠡ ᠵᠦᠢᠯ ᠤᠨ ᠠᠵᠢᠯ ᠢ ᠦᠨᠡᠨᠬᠦ ᠴᠢᠩᠭ᠎ᠠ ᠰᠠᠶᠢᠲᠤᠷ | ᠠᠳᠬᠤᠬᠤ ᠬᠡᠷᠡᠭᠲᠡᠢ᠃ ᠬᠡᠷᠡᠭ ᠤᠨ ᠵᠢᠱᠢᠶ᠎ᠡ ᠪᠠᠷ ᠰᠡᠷᠡᠮᠵᠢᠯᠡᠭᠦᠯᠬᠦ ᠪᠠᠷ ᠳᠠᠮᠵᠢᠭᠤᠯᠤᠨ᠂ ᠠᠶᠤᠯ ᠲᠦᠭᠰᠢᠭᠦᠷᠢ ᠶᠢ | ᠤᠷᠢᠳᠴᠢᠯᠠᠨ ᠰᠡᠷᠭᠡᠶᠢᠯᠡᠵᠦ᠂ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠰᠢᠨ᠎ᠡ | ᠥᠷᠢᠰᠦᠯᠳᠦᠭᠡᠨ ᠢ ᠤᠭᠲᠤᠬᠤ ᠬᠡᠷᠡᠭᠲᠡᠢ᠃ ᠪᠦᠬᠦ ᠬᠦᠴᠦᠨ ᠢᠶᠠᠷ ᠢᠶᠠᠨ ᠳᠤᠲᠠᠭᠤᠳᠠᠯ ᠢᠶᠠᠨ ᠨᠥᠬᠦᠪᠦᠷᠢᠯᠡᠵᠦ᠂ ᠬᠠᠲᠠᠭᠤ | ᠴᠢᠩᠭ᠎ᠠ ᠰᠤᠷᠲᠠᠯ ᠪᠣᠯᠣᠨ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠠᠷ ᠬᠢᠷᠢ ᠲᠡᠩᠴᠡᠭᠰᠡᠨ ᠰᠢᠯᠭᠠᠯᠲᠠ ᠶᠢᠨ | ᠬᠠᠭᠤᠳᠠᠰᠤ ᠲᠤᠰᠢᠶᠠᠵᠤ᠂ ᠪᠦᠬᠦ ᠵᠢᠯ ᠤᠨ ᠠᠵᠢᠯ ᠢᠶᠠᠨ ᠤᠷᠤᠭᠰᠢᠲᠠᠢ ᠲᠡᠭᠦᠰᠬᠡᠬᠦ ᠶᠢ ᠪᠠᠲᠤᠯᠠᠬᠤ ᠪᠥᠭᠡᠳ ᠢᠷᠡᠬᠦ | ᠵᠢᠯ ᠤᠨ ᠠᠵᠢᠯ ᠳᠠᠭᠠᠨ ᠰᠠᠶᠢᠨ ᠰᠠᠭᠤᠷᠢ ᠲᠠᠯᠪᠢᠵᠤ᠂ ᠰᠠᠨᠠᠭᠠᠴᠢᠯᠠᠭᠠᠲᠤ ᠪᠠᠶᠢᠷᠢ ᠶᠢ ᠲᠡᠮᠡᠴᠡᠨ ᠣᠯᠬᠤ ᠬᠡᠷᠡᠭᠲᠡᠢ | ᠭᠡᠪᠡ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠬᠠᠷᠢᠭᠤᠴᠠᠯᠭ᠎ᠠ ᠪᠠ ᠳᠠᠷᠤᠯᠲᠠ ᠶᠢᠨ ᠡᠮᠦᠨ᠎ᠡ᠂ ᠡᠯ᠎ᠡ ᠵᠦᠢᠯ ᠤᠨ | ᠡᠭᠦᠷᠭᠡ ᠪᠠᠨ ᠰᠠᠶᠢᠲᠤᠷ ᠪᠡᠶᠡᠯᠡᠭᠦᠯᠵᠦ᠂ ᠬᠠᠮᠤᠭ ᠤᠨ ᠵᠠᠩᠭᠢᠯᠠᠭ᠎ᠠ ᠨᠢ ᠺᠠᠳ᠋ᠷᠴᠤᠳ ᠤᠨ ᠴᠤᠭ ᠰᠦᠯᠳᠡ᠂ ︽ᠨᠢᠭᠡ | ᠰᠠᠯᠠᠭ᠎ᠠ ᠨᠢᠭᠡ ᠨᠠᠪᠴᠢ ᠶᠢᠨ ᠬᠠᠶᠢᠷ᠎ᠠ ᠰᠡᠳᠬᠢᠯᠭᠡ︾ ᠶᠢᠨ ᠪᠣᠳᠠᠲᠤ ᠬᠦᠴᠦᠨ ᠲᠠᠢ ᠪᠠᠶᠢᠵᠤ᠂ ︽ᠲᠠᠰᠢᠭᠤᠷ ᠡᠷᠭᠦᠬᠦ ᠶᠢ | ᠬᠦᠯᠢᠶᠡᠬᠦ ᠦᠭᠡᠢ ᠴᠢᠷᠮᠠᠶᠢᠨ ᠲᠡᠮᠡᠴᠡᠬᠦ︾ ᠶᠢᠨ ᠴᠢᠷᠮᠠᠶᠢᠯᠭ᠎ᠠ ᠲᠠᠢ ᠪᠠᠶᠢᠵᠤ᠂ ︽ᠮᠢᠩᠭ᠎ᠠ ᠲᠦᠮᠡᠨ ᠴᠣᠬᠢᠯᠲᠠ ᠳᠤ ᠪᠠᠰᠠ | ᠡᠷᠡᠰ ᠬᠠᠲᠠᠭᠤ︾ ᠶᠢᠨ ᠴᠢᠷᠮᠠᠶᠢᠯᠭ᠎ᠠ ᠲᠠᠢ ᠪᠠᠶᠢᠵᠤ᠂ ︽ᠡᠨᠡ ᠶᠠᠪᠤᠳᠠᠯ ᠢ ᠪᠡᠶ᠎ᠡ ᠪᠠᠷ ᠢᠶᠠᠨ ᠭᠦᠢᠴᠡᠳᠬᠡᠬᠦ︾ ᠭᠡᠬᠦ ᠡᠷᠴᠢ | ᠵᠣᠷᠢᠭ ᠲᠠᠢ ᠪᠠᠶᠢᠬᠤ ᠁ ᠴᠤᠴᠠᠯᠲᠠ ᠦᠭᠡᠢ ᠤᠷᠤᠭᠰᠢᠯᠠᠬᠤ᠂ ᠡᠭᠦᠷᠢᠳᠡ ᠬᠤᠶᠢᠷᠭᠤᠰᠢᠬᠤ ᠦᠭᠡᠢ ᠮᠣᠩᠭᠤᠯ | ᠮᠣᠷᠢᠨ ᠤ ᠵᠣᠷᠢᠭ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠤᠯᠠᠨ ᠢᠶᠠᠷ ᠢᠶᠠᠨ ︽ᠨᠢᠭᠡᠳᠦᠭᠡᠷ ᠲᠤ ᠣᠷᠣᠬᠤ ᠪᠠᠷ ᠲᠡᠮᠡᠴᠡᠬᠦ | ᠦᠭᠡᠢ ᠶᠠᠭᠤ ᠬᠢᠬᠦ ᠪᠤᠢ︾ ᠭᠡᠬᠦ ᠣᠮᠤᠭ ᠵᠣᠷᠢᠭ᠂ ᠰᠥᠰᠥ ᠵᠣᠷᠢᠭ ᠪᠣᠯᠣᠨ ᠡᠷᠴᠢ ᠵᠣᠷᠢᠭ ᠢ ᠪᠠᠳᠠᠷᠠᠭᠤᠯᠵᠤ᠂ ᠡᠭᠦᠷᠭᠡ | ᠲᠤᠰᠢᠶᠠᠯ ᠢᠶᠠᠨ ᠬᠢᠴᠢᠶᠡᠩᠭᠦᠶᠢᠯᠡᠨ ᠭᠦᠢᠴᠡᠳᠬᠡᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠲᠡᠷᠢᠭᠦᠨ ᠳᠤ | ᠣᠷᠣᠬᠤ ᠪᠠᠷ ᠡᠷᠡᠯᠬᠡᠭᠯᠡᠨ ᠲᠡᠮᠡᠴᠡᠬᠦ ᠬᠡᠷᠡᠭᠲᠡᠢ ᠭᠡᠪᠡ᠃ | ᠬᠤᠷᠠᠯ ᠠᠴᠠ ︽ᠲᠣᠭᠲᠠᠭᠠᠯ ᠢ ᠰᠤᠷᠤᠯᠴᠠᠵᠤ᠂ ᠭᠤᠣᠯ ᠰᠢᠵᠢᠮ ᠢ ᠲᠤᠭᠤᠰᠢᠯᠠᠭᠤᠯᠵᠤ᠂ ᠥᠭᠡᠷᠡᠴᠢᠯᠡᠯᠲᠡ ᠶᠢ | ᠶᠠᠷᠢᠯᠴᠠᠵᠤ᠂ ᠬᠥᠭᠵᠢᠯᠲᠡ ᠶᠢ ᠠᠬᠢᠭᠤᠯᠬᠤ︾ ᠶᠢᠨ ᠲᠣᠭᠤᠷᠢᠨ ᠳᠤ ︽ᠠᠷᠪᠠᠨ ᠲᠠᠯ᠎ᠠ︾ ᠶᠢᠨ ᠭᠤᠣᠯᠳᠠᠯᠭ᠎ᠠ ᠲᠠᠢ | ᠠᠵᠢᠯ ᠢ ᠴᠢᠬᠤᠯᠠᠴᠢᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠡᠯ᠎ᠡ | ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠰᠠᠶᠢᠳᠤᠷ ᠠᠳᠬᠤᠵᠤ᠂ 2024 ᠣᠨ ᠤ ᠬᠠᠷᠠᠯᠲᠠᠲᠤ ᠡᠭᠦᠷᠭᠡ ᠶᠢ | ᠪᠥᠬᠦ ᠬᠦᠴᠦᠨ ᠢᠶᠠᠷ ᠢᠶᠠᠨ ᠪᠡᠶᠡᠯᠡᠭᠦᠯᠵᠦ᠂ ᠡᠯ᠎ᠡ ᠲᠥᠷᠥᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ | ᠭᠦᠨᠵᠡᠭᠡᠢ ᠲᠦᠯᠬᠢᠨ ᠠᠬᠢᠭᠤᠯᠵᠤ᠂ 2025 ᠣᠨ ᠤ ᠠᠵᠢᠯ ᠤᠨ ᠲᠥᠯᠦᠪᠵᠢᠭᠦᠯᠭᠡ ᠶᠢ ᠰᠠᠶᠢᠲᠤᠷ ᠬᠢᠵᠦ᠂ ᠬᠥᠳᠡᠭᠡ | ᠲᠣᠰᠬᠤᠨ ᠤ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ ᠰᠠᠶᠢᠲᠤᠷ ᠠᠳᠬᠤᠵᠤ᠂ ᠲᠠᠷᠢᠶᠠᠯᠠᠩ ᠬᠤᠯᠢᠰᠢᠨ | ᠢᠳᠡᠭᠡᠨ ᠢ ᠨᠠᠷᠢᠯᠢᠭ ᠭᠦᠨᠵᠡᠭᠡᠢ ᠡᠳ᠋ᠰᠢᠭᠦᠯᠬᠦ ᠶᠢ ᠶᠡᠬᠡᠪᠡᠷ ᠲᠦᠯᠬᠢᠨ ᠠᠬᠢᠭᠤᠯᠵᠤ᠂ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ ᠶᠢ ᠰᠠᠶᠢᠲᠤᠷ ᠠᠳᠬᠤᠵᠤ᠂ ᠪᠦᠲᠦᠮᠵᠢᠲᠡᠶ ᠵᠣᠯᠭᠠᠭᠤᠯᠬᠤ ᠶᠢ | ᠨᠢᠭᠡᠳᠦᠯᠲᠡᠢ ᠲᠥᠯᠥᠪᠯᠡᠨ ᠠᠬᠢᠭᠤᠯᠵᠤ᠂ ᠥᠭᠡᠷᠡᠴᠢᠯᠡᠯᠲᠡ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ | ᠲᠦᠷᠭᠡᠳᠬᠡᠨ ᠠᠬᠢᠭᠤᠯᠵᠤ᠂ ᠨᠢᠭᠡ ᠴᠣᠭᠴᠠᠵᠢᠭᠤᠯᠬᠤ ᠪᠠᠷ ᠭᠤᠣᠯᠳᠠᠯᠭ᠎ᠠ ᠪᠣᠯᠭᠠᠨ ᠪᠠᠶᠢᠭᠤᠯᠭ᠎ᠠ ᠶᠢᠨ ᠪᠠᠶᠢᠭᠤᠯᠤᠯᠲᠠ | ᠪᠠ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠦᠷᠭᠦᠯᠵᠢᠯᠡᠨ | ᠴᠢᠩᠭᠠᠳᠬᠠᠨ᠎ᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠶᠡᠭᠡ ᠨᠠᠮ ᠤᠨ ᠪᠠᠶᠢᠭᠤᠯᠤᠯᠲᠠ ᠪᠠᠷ ᠶᠡᠭᠡ ᠬᠥᠭᠵᠢᠯᠲᠡ ᠶᠢ ᠬᠥᠲᠥᠯᠥᠨ | ᠳᠠᠭᠠᠭᠤᠯᠵᠤ ᠶᠠᠰᠤ ᠴᠢᠨᠠᠷ ᠦᠷ᠎ᠡ ᠠᠰᠢᠭ ᠢ ᠶᠡᠬᠡᠪᠡᠷ ᠳᠡᠭᠡᠭᠰᠢᠯᠡᠭᠦᠯᠬᠦ ᠶᠢ ᠦᠷᠭᠦᠯᠵᠢᠯᠡᠨ ᠳᠡᠭᠡᠭᠰᠢᠯᠡᠭᠦᠯᠵᠦ᠂ | ᠬᠠᠮᠲᠤ ᠶᠢᠨ ᠤᠬᠠᠮᠰᠠᠷ᠂ ᠡᠵᠡᠨ ᠬᠥᠮᠥᠨ ᠤ ᠤᠬᠠᠮᠰᠠᠷ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠤᠬᠠᠮᠰᠠᠷ᠂ | ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠤᠬᠠᠮᠰᠠᠷ ᠵᠡᠷᠭᠡ ︽ᠲᠦᠷᠪᠡᠨ ᠲᠠᠯ᠎ᠠ ᠶᠢᠨ ᠤᠬᠠᠮᠰᠠᠷ︾ ᠢ | ᠪᠠᠲᠤᠳᠬᠠᠵᠤ᠂ ᠲᠠᠪᠤᠨ ᠬᠡᠯᠪᠡᠷᠢ ᠶᠢᠨ ᠪᠠᠶᠢᠭᠤᠯᠤᠯᠭ᠎ᠠ ᠶᠢᠨ ᠪᠠᠶᠢᠭᠤᠯᠤᠯᠲᠠ ᠶᠢ ᠲᠠᠰᠤᠷᠠᠯᠳᠡ ᠦᠭᠡᠢ ᠴᠢᠩᠭᠠᠳᠬᠠᠵᠤ᠂ | ᠲᠠᠷᠢᠶᠠᠯᠠᠩ ᠮᠠᠯ ᠠᠵᠤ ᠠᠬᠤᠢ ᠶᠢᠨ ᠰᠣᠶᠣᠯ᠂ ᠤᠮᠠᠷᠠᠲᠤ ᠶᠢᠨ ᠰᠣᠶᠣᠯ ᠤᠨ ᠶᠡᠭᠡ ᠠᠭᠤᠰᠤᠯᠴᠠᠯ ᠢ ᠠᠬᠢᠭᠤᠯᠵᠤ᠂ | ᠵᠢᠱᠢᠶᠡᠴᠢ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠢ ᠦᠷᠭᠦᠯᠵᠢᠯᠡᠨ | ᠪᠠᠶᠢᠭᠤᠯᠬᠤ ᠬᠡᠷᠡᠭᠲᠡᠢ᠃ ︽5 ᠠᠯᠬᠤᠮ ᠳᠠᠷᠠᠭ᠎ᠠ︾᠂ ︽6 ᠪᠠᠶᠢᠬᠤ︾ ᠠᠵᠢᠯ ᠤᠨ ᠠᠷᠭ᠎ᠠ ᠶᠢ ᠦᠷᠭᠦᠯᠵᠢᠯᠡᠨ | ᠬᠡᠷᠡᠭᠵᠢᠭᠦᠯᠵᠦ᠂ ᠠᠵᠢᠯ ᠤᠨ ᠶᠠᠪᠤᠴᠠ ᠶᠢ ᠵᠢᠷᠤᠮᠵᠢᠭᠤᠯᠵᠤ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ | ᠤᠳᠠᠭᠠᠨ︾ ᠤ ᠠᠰᠠᠭᠤᠳᠠᠯ ᠢ ᠰᠢᠢᠳᠪᠦᠷᠢᠯᠡᠵᠦ᠂ ᠡᠯ᠎ᠡ ᠲᠦᠷᠦᠯ ᠤᠨ ᠠᠵᠢᠯ ᠤᠨ ᠪᠦᠬᠦ ᠲᠠᠯ᠎ᠠ ᠪᠠᠷ ︽ᠬᠤᠷᠳᠤᠴᠠ ᠶᠢ | ᠳᠡᠭᠡᠭᠰᠢᠯᠡᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠶᠢ ᠠᠬᠢᠭᠤᠯᠬᠤ ᠬᠡᠷᠡᠭᠲᠡᠢ᠃ | ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠶᠢ ᠲᠠᠰᠤᠷᠠᠯᠲᠠ ᠦᠭᠡᠢ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ | ᠬᠢᠴᠢᠶᠡᠩᠭᠦᠶᠢᠯᠡᠨ ᠭᠦᠢᠴᠡᠳᠬᠡᠵᠦ᠂ ᠰᠠᠬᠢᠯᠭ᠎ᠠ ᠪᠠᠲᠤ ᠶᠢᠨ ᠬᠥᠪᠴᠢ ᠶᠢ ᠴᠢᠩᠭᠠᠯᠠᠵᠤ᠂ ᠪᠢᠰᠢᠷᠡᠨ ᠵᠢᠷᠦᠬᠡᠰᠢᠶᠡᠬᠦ | ᠰᠡᠳᠬᠢᠯᠭᠡ ᠶᠢ ᠦᠷᠭᠦᠯᠵᠢ ᠡᠪᠦᠷᠯᠡᠵᠦ᠂ ᠬᠤᠪᠳᠤᠭ ᠰᠢᠨᠤᠯ ᠤᠨ ᠬᠤᠣᠷ ᠬᠥᠨᠥᠭᠡᠯ ᠢ ᠦᠷᠭᠦᠯᠵᠢ ᠪᠣᠳᠣᠯᠬᠢᠯᠠᠬᠤ | ᠬᠡᠷᠡᠭᠲᠡᠢ ᠭᠡᠵᠡᠢ᠃ | ᠠᠯᠪᠠᠨ ᠳᠤ ᠪᠠᠨ ᠪᠠᠶᠢᠭ᠎ᠠ ᠲᠢᠩᠬᠢᠮ ᠤᠨ ᠤᠳᠤᠷᠢᠳᠤᠯᠭ᠎ᠠ᠂ ᠪᠠᠶᠢᠭᠤᠯᠤᠯᠭ᠎ᠠ ᠶᠢᠨ ᠪᠥᠬᠦ ᠨᠠᠮ ᠤᠨ ᠭᠡᠰᠢᠭᠦᠨ | ᠺᠠᠳ᠋ᠷ᠂ ᠲᠢᠩᠬᠢᠮ ᠤᠨ ᠬᠠᠷᠢᠶ᠎ᠠ ᠨᠢᠭᠡᠴᠡ ᠶᠢᠨ ᠪᠥᠬᠦ ᠺᠠᠳ᠋ᠷ ᠠᠵᠢᠯᠲᠠᠨ ᠠᠵᠢᠯᠴᠢᠨ ᠭᠤᠣᠯ ᠬᠤᠷᠠᠯ ᠤᠨ ᠲᠠᠯᠠᠪᠠᠶ ᠪᠠ | ᠬᠤᠪᠢᠶᠠᠷᠢ ᠬᠤᠷᠠᠯ ᠤᠨ ᠲᠠᠯᠠᠪᠠᠶ ᠶᠢᠨ ᠬᠤᠷᠠᠯ ᠳᠤ ᠣᠷᠣᠯᠴᠠᠪᠠ᠃ |