ᠬᠦᠨᠳᠦ ᠡᠭᠦᠷᠭᠡ ᠶᠢ ᠳᠠᠭᠠᠭᠠᠵᠤ​᠂ ᠠᠷᠭ᠎ᠠ ᠶᠢ ᠡᠷᠬᠢᠮᠯᠡᠨ᠂ ᠰᠢᠨ᠎ᠡ ᠬᠠᠭᠤᠳᠠᠰᠤ ᠶᠢ ᠰᠦᠪᠡᠭᠴᠢᠯᠡᠵᠦ᠂ ᠬᠥᠭᠵᠢᠯᠲᠡ ᠶᠢ ᠠᠬᠢᠭᠤᠯᠤᠨᠠᠮ︱ᠬᠥᠯᠥᠨ ᠪᠤᠶᠢᠷ ᠤᠨ ᠠᠲᠠᠷ ᠬᠠᠭᠠᠯᠪᠤᠷᠢᠯᠠᠯᠲᠠ᠂ ᠴᠢᠭᠤᠯᠤᠯᠲᠤ ᠬᠠᠭᠠᠯᠭ᠎ᠠ ᠶᠢᠨ ᠠᠲᠠᠷ ᠬᠠᠭᠠᠯᠪᠤᠷᠢᠯᠠᠯᠲᠠ ᠶᠢᠨ ᠲᠠᠷᠢᠶᠠᠯᠠᠩ ᠤᠨ ᠮᠠᠰᠢᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ︽ᠬᠤᠶᠠᠷ ᠲᠥᠪ︾ ᠤᠨ ᠫᠠᠶᠢᠰᠠ ᠰᠡᠬᠦᠬᠦ ᠶᠣᠰᠣᠯᠠᠯ ᠤᠷᠤᠭᠰᠢᠲᠠᠢ ᠶᠠᠪᠤᠭᠳᠠᠪᠠ
ᠨᠡᠶᠢᠲᠡᠯᠡᠭᠰᠡᠨ ᠴᠠᠭ᠄
2024/11/18
      ᠠᠲᠠᠷ ᠬᠠᠭᠠᠯᠪᠤᠷᠢᠯᠠᠯᠲᠠ ᠶᠢᠨ ᠣᠷᠣᠨ ᠪᠦᠰᠡ ᠶᠢᠨ ᠴᠢᠨᠠᠷᠲᠠᠢ ᠲᠠᠷᠢᠶᠠᠯᠠᠩ ᠤᠨ ᠮᠠᠰᠢᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠪ ᠢ ᠲᠦᠷᠭᠡᠳᠬᠡᠨ ᠪᠣᠶᠢᠵᠢᠭᠤᠯᠵᠤ᠂ ᠠᠲᠠᠷ ᠬᠠᠭᠠᠯᠪᠤᠷᠢᠯᠠᠯᠲᠠ ᠶᠢᠨ ᠲᠠᠷᠢᠶᠠᠯᠠᠩ ᠤᠨ ᠮᠠᠰᠢᠨ ᠤ ᠠᠵᠢᠯᠯᠠᠭᠠᠨ ᠤ ᠦᠢᠯᠡᠴᠢᠯᠡᠭᠡᠨ ᠤ ᠬᠡᠷᠡᠭᠯᠡᠯᠲᠡ ᠪᠠ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠶᠢ ᠠᠬᠢᠭᠤᠯᠬᠤ ᠶᠢᠨ ᠲᠤᠰᠠᠳᠠ᠂ ︽ᠠᠲᠠᠷ ᠬᠠᠭᠠᠯᠪᠤᠷᠢᠯᠠᠯᠲᠠ ᠶᠢᠨ ᠣᠷᠣᠨ ᠪᠦᠰᠡ ᠶᠢᠨ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠲᠥᠪ ᠢ ᠲᠦᠷᠭᠡᠳᠬᠡᠨ ᠪᠣᠶᠢᠵᠢᠭᠤᠯᠬᠤ ᠲᠤᠬᠠᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠠᠯᠪᠠᠨ ᠲᠢᠩᠬᠢᠮ ᠤᠨ ᠵᠢᠯᠤᠭᠤᠳᠬᠤ ᠰᠠᠨᠠᠯ︾ ︵ᠲᠠᠷᠢᠶᠠᠯᠠᠩ ᠠᠯᠪᠠᠨ ᠠᠲᠠᠷ ﹇2024﹈ 3 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ 2024 ᠣᠨ ᠤ 11 ᠰᠠᠷ᠎ᠠ ᠶᠢᠨ 15 ᠤ ᠡᠳᠦᠷ᠂ ᠬᠥᠯᠥᠨ ᠪᠤᠶᠢᠷ ᠤᠨ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ ᠬᠢᠭᠡᠳ ᠴᠢᠭᠤᠯᠤᠯᠲᠤ ᠬᠠᠭᠠᠯᠭ᠎ᠠ ᠶᠢᠨ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ  ᠨᠢ ᠥᠪᠥᠷ ᠮᠣᠩᠭᠤᠯ ᠤᠨ ᠲᠦᠩᠯᠢᠶᠣᠣ ᠬᠤᠲᠠ ᠶᠢᠨ ᠵᠠᠷᠤᠳ ᠬᠤᠰᠢᠭᠤᠨ ᠳᠤ ︽ᠲᠠᠷᠢᠶᠠᠯᠠᠩ ᠤᠨ ᠮᠠᠰᠢᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠪ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠬᠤᠪᠢᠶᠠᠷᠢ ᠲᠥᠪ︾ ︽ᠲᠠᠷᠢᠶᠠᠯᠠᠩ ᠤᠨ ᠮᠠᠰᠢᠨ ᠤ ᠪᠠᠴᠢᠮ ᠪᠠᠶᠢᠳᠠᠯ ᠢ ᠠᠷᠭᠠᠴᠠᠬᠤ ᠦᠢᠯᠡᠴᠢᠯᠡᠭᠡᠨ ᠤ ᠲᠥᠪ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠬᠤᠪᠢᠶᠠᠷᠢ ᠲᠥᠪ︾ ᠪᠠ ︽ᠵᠠᠷᠤᠳ ᠬᠤᠰᠢᠭᠤᠨ ᠤ ᠠᠲᠠᠷ ᠬᠠᠭᠠᠯᠪᠤᠷᠢᠯᠠᠯᠲᠠ ᠶᠢᠨ ᠮᠠᠯ ᠠᠵᠤ ᠠᠬᠤᠢ ᠲᠡᠵᠢᠭᠡᠨ ᠦᠷᠡᠵᠢᠭᠦᠯᠬᠦ ᠬᠢᠵᠠᠭᠠᠷᠲᠤ ᠺᠣᠮᠫᠠᠨᠢ︾ ᠶᠢᠨ ᠫᠠᠶᠢᠰᠠ ᠰᠡᠬᠦᠬᠦ ᠶᠣᠰᠣᠯᠠᠯ ᠢ ᠦᠪᠡᠳᠡᠭᠰᠢ ᠶᠡᠭᠡ ᠪᠠᠷ ᠶᠠᠪᠤᠭᠳᠠᠭᠤᠯᠪᠠ᠃ ᠡᠨᠡ ᠨᠢ ᠬᠤᠶᠠᠷ ᠲᠠᠯ᠎ᠠ ᠪᠠᠷ ᠢᠶᠠᠨ ︽ᠠᠲᠠᠷ ᠬᠠᠭᠠᠯᠪᠤᠷᠢᠯᠠᠯᠲᠠ ᠶᠢᠨ ᠬᠠᠮᠲᠤᠷᠠᠯᠴᠠᠭ᠎ᠠ︾᠂ ︽ᠠᠲᠠᠷ ᠬᠠᠭᠠᠯᠪᠤᠷᠢᠯᠠᠯᠲᠠ ᠲᠠᠷᠢᠶᠠᠨ ᠭᠠᠵᠠᠷ ᠤᠨ ᠬᠠᠮᠲᠤᠷᠠᠯᠴᠠᠭ᠎ᠠ︾ ᠪᠣᠯᠣᠨ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠠᠮ ᠢ ᠠᠬᠢᠭᠤᠯᠬᠤ ᠲᠠᠯ᠎ᠠ ᠪᠠᠷ ᠯᠠᠪᠳᠠᠭᠤᠨ ᠪᠠᠲᠤᠲᠠᠢ ᠨᠢᠭᠡ ᠠᠯᠬᠤᠮ ᠠᠯᠬᠤᠭᠰᠠᠨ ᠢ ᠬᠠᠷᠠᠭᠤᠯᠵᠤ ᠪᠠᠶᠢᠨ᠎ᠠ᠂ ᠡᠨᠡ ᠨᠢ ᠣᠷᠣᠨ ᠪᠦᠰᠡ ᠶᠢᠨ ᠲᠠᠷᠢᠶᠠᠯᠠᠩ ᠤᠨ ᠮᠠᠰᠢᠨᠴᠢᠯᠠᠭᠰᠠᠨ ᠦᠢᠯᠡᠳᠪᠦᠷᠢᠯᠡᠯ ᠪᠣᠯᠣᠨ ᠪᠠᠴᠢᠮ ᠪᠠᠶᠢᠳᠠᠯ ᠢ ᠠᠷᠭᠠᠴᠠᠭᠠᠵᠤ ᠭᠠᠮᠰᠢᠭ ᠠᠴᠠ ᠠᠪᠤᠷᠠᠬᠤ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃
图片1.png
       ᠲᠣᠰ ᠤᠳᠠᠭᠠᠨ ᠤ ᠬᠠᠮᠲᠤᠷᠠᠯᠴᠠᠭ᠎ᠠ  ᠨᠢ ᠡᠬᠢ ᠪᠠᠶᠠᠯᠢᠭ ᠢᠶᠠᠨ ᠬᠠᠷᠢᠯᠴᠠᠨ ᠨᠥᠬᠦᠪᠦᠷᠢᠯᠡᠬᠦ᠂ ᠣᠷᠣᠨ ᠪᠦᠰᠡ ᠪᠠᠨ ᠬᠠᠷᠢᠯᠴᠠᠨ ᠨᠥᠬᠦᠪᠦᠷᠢᠯᠡᠬᠦ᠂ ᠬᠦᠴᠦᠷᠬᠡᠭ ᠨᠢ ᠬᠦᠴᠦᠷᠬᠡᠭ ᠲᠠᠢ ᠪᠠᠨ ᠬᠤᠯᠪᠣᠭᠠᠯᠠᠬᠤ ᠶᠢᠨ ᠥᠯᠢᠭᠡᠷ ᠵᠢᠱᠢᠶ᠎ᠡ ᠮᠥᠨ᠂ ᠡᠨᠡ ᠨᠢ ᠬᠤᠶᠠᠷ ᠠᠲᠠᠷ ᠬᠠᠭᠠᠯᠪᠤᠷᠢᠯᠠᠯᠲᠠ ᠶᠢᠨ ᠣᠷᠣᠨ ︽ᠠᠲᠠᠷ ᠬᠠᠭᠠᠯᠪᠤᠷᠢᠯᠠᠯᠲᠠ ᠶᠢᠨ ᠬᠠᠮᠲᠤᠷᠠᠯᠴᠠᠭ᠎ᠠ︾ ︽ᠠᠲᠠᠷ ᠬᠠᠭᠠᠯᠪᠤᠷᠢᠯᠠᠯᠲᠠ ᠲᠠᠷᠢᠶᠠᠨ ᠭᠠᠵᠠᠷ ᠤᠨ ᠬᠠᠮᠲᠤᠷᠠᠯᠴᠠᠭ᠎ᠠ︾ ᠬᠢᠭᠡᠳ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠠᠮ ᠳᠡᠭᠡᠷ᠎ᠡ ᠪᠠᠲᠤ ᠴᠢᠩᠭ᠎ᠠ ᠨᠢᠭᠡ ᠠᠯᠬᠤᠮ ᠠᠯᠬᠤᠭᠰᠠᠨ ᠢ ᠬᠠᠷᠠᠭᠤᠯᠵᠤ ᠪᠠᠶᠢᠬᠤ ᠪᠥᠭᠡᠳ ᠬᠤᠶᠠᠷ ᠲᠠᠯ᠎ᠠ ᠶᠢᠨ ᠠᠲᠠᠷ ᠬᠠᠭᠠᠯᠪᠤᠷᠢᠯᠠᠯᠲᠠ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠤᠨ ᠬᠦᠴᠦᠨ ᠪᠠ ᠨᠠᠷᠠᠲᠤ ᠲᠡᠮᠳᠡᠭᠲᠦ ᠶᠢᠨ ᠨᠥᠯᠥᠭᠡᠯᠡᠬᠦ ᠬᠦᠴᠦᠨ ᠢ ᠬᠦᠴᠦᠲᠡᠢ ᠳᠡᠭᠡᠭᠰᠢᠯᠡᠭᠦᠯᠬᠦ ᠨᠢ ᠯᠠᠪᠲᠠᠢ ᠶᠤᠮ᠃ ᠲᠤᠰᠬᠠᠶᠢᠵᠢᠭᠰᠠᠨ᠂ ᠬᠡᠪᠴᠢᠶᠡᠵᠢᠭᠰᠡᠨ᠂ ᠡᠷᠴᠢᠮᠵᠢᠭᠰᠡᠨ᠂ ᠲᠣᠭᠠᠵᠢᠭᠤᠯᠤᠭᠰᠠᠨ᠂ ᠪᠠᠷᠢᠮᠵᠢᠶᠠᠵᠢᠭᠤᠯᠤᠭᠰᠠᠨ ᠲᠠᠷᠢᠶᠠᠯᠠᠩ ᠤᠨ ᠮᠠᠰᠢᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠪᠠᠷ ᠳᠠᠮᠵᠢᠭᠤᠯᠤᠨ᠂ ︽ᠬᠡᠨ ᠲᠠᠷᠢᠶ᠎ᠠ ᠲᠠᠷᠢᠬᠤ᠂ ᠬᠡᠷᠬᠢᠨ ᠲᠠᠷᠢᠶ᠎ᠠ ᠲᠠᠷᠢᠬᠤ︾ ᠬᠦᠴᠢᠷ ᠠᠰᠠᠭᠤᠳᠠᠯ ᠢ ᠰᠢᠢᠳᠪᠦᠷᠢᠯᠡᠵᠦ᠂ ᠲᠠᠷᠢᠶᠠᠯᠠᠩ ᠤᠨ ᠦᠷ᠎ᠡ ᠠᠰᠢᠭ ᠤᠨ ᠨᠡᠮᠡᠭᠳᠡᠯ ᠢ ᠠᠬᠢᠭᠤᠯᠵᠤ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠳᠤ ᠬᠦᠴᠦᠨ ᠨᠡᠮᠡᠷᠢᠯᠡᠨ᠎ᠡ᠃
图片2.png
       ᠫᠠᠶᠢᠰᠠ ᠰᠡᠬᠦᠬᠦ ᠶᠣᠰᠣᠯᠠᠯ ᠳᠡᠭᠡᠷ᠎ᠡ᠂ ᠬᠥᠯᠥᠨ ᠪᠤᠶᠢᠷ ᠤᠨ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ ᠤᠨ ᠲᠠᠷᠢᠶᠠᠯᠠᠩ ᠤᠨ ᠮᠠᠰᠢᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ ᠤ ᠳᠡᠳ᠋ ᠳᠠᠷᠤᠭ᠎ᠠ ᠯᠢ ᠰᠢᠨ ᠮᠢᠨ ᠪᠣᠯᠣᠨ ᠴᠢᠭᠤᠯᠤᠯᠲᠤ ᠬᠠᠭᠠᠯᠭ᠎ᠠ ᠶᠢᠨ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠰᠢᠦᠢ ᠺᠠᠢ ᠢᠦᠢ ᠲᠤᠰ ᠲᠤᠰ ᠪᠠᠶᠠᠷ ᠤᠨ ᠦᠭᠡ ᠬᠡᠯᠡᠵᠦ᠂ ᠬᠠᠮᠲᠤᠷᠠᠯᠴᠠᠭᠠᠨ ᠤ ᠰᠠᠶᠢᠨ ᠰᠠᠶᠢᠬᠠᠨ ᠬᠦᠰᠡᠯ ᠡᠷᠡᠮᠡᠯᠵᠡᠯ ᠪᠣᠯᠣᠨ ᠪᠠᠲᠤ ᠢᠲᠡᠭᠡᠯ ᠢᠶᠠᠨ ᠢᠯᠡᠳᠬᠡᠵᠡᠢ᠃ ᠬᠤᠶᠠᠷ ᠲᠠᠯ᠎ᠠ ᠪᠠᠷ ᠢᠶᠠᠨ᠂ ᠡᠭᠦᠨ ᠢᠶᠠᠷ ᠠᠵᠠ ᠲᠣᠬᠢᠶᠠᠯ ᠪᠣᠯᠭᠠᠵᠤ᠂ ᠬᠠᠮᠲᠤᠷᠠᠯᠴᠠᠭᠠᠨ ᠤ ᠲᠣᠭᠲᠠᠴᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ ᠂ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠨ᠎ᠡ ᠠᠷᠭ᠎ᠠ ᠵᠠᠮ ᠢ ᠬᠠᠮᠲᠤᠪᠠᠷ ᠰᠦᠪᠡᠭᠴᠢᠯᠡᠵᠦ᠂ ᠣᠷᠣᠨ ᠪᠦᠰᠡ ᠶᠢᠨ ᠲᠠᠷᠢᠶᠠᠯᠠᠩ ᠤᠨ ᠣᠳᠣᠬᠢᠴᠢᠯᠠᠯᠲᠠ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃
图片33.jpg
       ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠴᠧᠩ ᠵᠢᠩ ᠮᠢᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠦ᠋ ᠵᠥᠩ ᠶᠠᠨ ᠵᠡᠷᠭᠡ ᠣᠯᠠᠨ ᠤᠳᠤᠷᠢᠳᠤᠯᠭ᠎ᠠ ᠫᠠᠶᠢᠰᠠ ᠰᠡᠬᠦᠬᠦ ᠶᠣᠰᠣᠯᠠᠯ ᠳᠤ ᠣᠷᠣᠯᠴᠠᠵᠤ᠂ ︽ᠠᠲᠠᠷ ᠬᠠᠭᠠᠯᠪᠤᠷᠢᠯᠠᠯᠲᠠ ᠶᠢᠨ ᠬᠠᠮᠲᠤᠷᠠᠯᠴᠠᠭ᠎ᠠ︾ ︽ᠠᠲᠠᠷ ᠬᠠᠭᠠᠯᠪᠤᠷᠢᠯᠠᠯᠲᠠ ᠲᠠᠷᠢᠶᠠᠨ ᠭᠠᠵᠠᠷ ᠤᠨ ᠬᠠᠮᠲᠤᠷᠠᠯᠴᠠᠭ᠎ᠠ︾ ᠵᠠᠭᠪᠤᠷ ᠢ ᠳᠡᠭᠡᠳᠦ ᠬᠡᠮᠵᠢᠶ᠎ᠡ ᠪᠠᠷ ᠦᠨᠡᠯᠡᠪᠡ᠃ ᠲᠣᠪᠴᠢᠶ᠎ᠠ ᠶᠢᠨ ᠳᠡᠳ᠋ ᠳᠠᠷᠤᠭ᠎ᠠ ᠴᠧᠩ ᠵᠢᠩ ᠮᠢᠨ ᠴᠢᠬᠤᠯᠠᠴᠢᠯᠠᠭᠰᠠᠨ ᠨᠢ᠂ ︽ᠬᠤᠶᠠᠷ ᠲᠥᠪ︾ ᠤᠨ ᠪᠦᠲᠦᠭᠡᠨ ᠪᠠᠶᠢᠭᠤᠯᠤᠯᠲᠠ ᠳᠤ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠤᠯᠤᠰ ᠲᠤ ᠢᠯᠡᠭᠦᠬᠡᠨ ᠠᠮᠤ ᠪᠤᠳᠠᠭ᠎ᠠ ᠥᠭᠴᠦ᠂ ᠲᠠᠷᠢᠶᠠᠴᠢᠳ ᠲᠤ ᠳᠠᠶᠢᠴᠢᠯᠠᠯᠲᠠ ᠬᠢᠵᠦ᠂ ᠲᠡᠷᠢᠭᠦᠨ ᠤ ᠦᠢᠯᠡᠳᠪᠦᠷᠢᠯᠡᠯ ᠤᠨ ᠵᠠᠭᠪᠤᠷ ᠤᠨ ᠳᠠᠪᠠᠭᠤᠯᠢᠭ ᠢ ᠭᠦᠢᠴᠡᠳ ᠠᠰᠢᠭᠯᠠᠨ᠂ ᠠᠮᠤ ᠪᠤᠳᠠᠭᠠᠨ ᠤ ᠠᠮᠤᠷ ᠲᠦᠪᠰᠢᠨ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠲᠣᠭᠲᠠᠭᠤᠨ ᠠᠮᠤᠷ ᠲᠦᠪᠰᠢᠨ ᠤ ᠬᠠᠩᠭᠠᠯᠭ᠎ᠠ ᠶᠢ ᠪᠠᠲᠤᠯᠠᠬᠤ ᠳᠤᠮᠳᠠ ᠤᠯᠤᠰ ᠤᠨ ᠠᠩᠭᠢ᠂ ᠵᠢᠱᠢᠶ᠎ᠡ ᠦᠵᠡᠭᠦᠯᠬᠦ ᠣᠷᠣᠨ᠂ ᠳᠠᠭᠠᠭᠤᠯᠤᠭᠴᠢ ᠶᠢᠨ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠢ ᠭᠡᠵᠡᠢ᠃      ︽ᠬᠤᠶᠠᠷ ᠲᠥᠪ︾ ᠤᠨ ᠪᠠᠶᠢᠭᠤᠯᠤᠭᠳᠠᠭᠰᠠᠨ ᠨᠢ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ︽ᠬᠤᠶᠠᠷ ᠶᠡᠭᠡ ᠠᠵᠢᠯᠯᠠᠭ᠎ᠠ︾ ᠶᠢ ᠢᠳᠡᠪᠬᠢᠲᠡᠢ ᠴᠤᠤᠷᠢᠶᠠᠲᠤᠨ ᠳᠠᠭᠠᠵᠤ ᠪᠠᠶᠢᠬᠤ ᠪᠠᠷ ᠪᠠᠷᠠᠬᠤ ᠦᠭᠡᠢ᠂ ᠮᠥᠨᠴᠦ ᠲᠠᠷᠢᠶᠠᠯᠠᠩ ᠤᠨ ᠣᠳᠣᠬᠢᠴᠢᠯᠠᠯᠲᠠ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠪᠣᠳᠠᠲᠠᠢ ᠦᠢᠯᠡᠳᠦᠯᠭᠡ ᠪᠣᠯᠣᠨ᠎ᠠ᠂ ᠬᠤᠶᠠᠷ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ ᠨᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠠᠲᠠᠷ ᠬᠠᠭᠠᠯᠪᠤᠷᠢᠯᠠᠯᠲᠠ ᠶᠢᠨ ᠲᠣᠪᠴᠢᠶ᠎ᠠ ᠶᠢᠨ ᠵᠢᠯᠣᠭᠤᠳᠤᠯᠭ᠎ᠠ ᠳᠣᠣᠷ᠎ᠠ᠂ ᠦᠷᠭᠦᠯᠵᠢᠯᠡᠨ ᠵᠠᠬ᠎ᠠ ᠳᠡᠯᠭᠡᠭᠦᠷ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ︽ᠠᠲᠠᠷ ᠬᠠᠭᠠᠯᠪᠤᠷᠢᠯᠠᠯᠲᠠ ᠶᠢᠨ ᠬᠠᠮᠲᠤᠷᠠᠯᠴᠠᠭ᠎ᠠ︾᠂ ︽ᠠᠲᠠᠷ ᠬᠠᠭᠠᠯᠪᠤᠷᠢᠯᠠᠯᠲᠠ ᠲᠠᠷᠢᠶᠠᠨ ᠭᠠᠵᠠᠷ ᠤᠨ ᠬᠠᠮᠲᠤᠷᠠᠯᠴᠠᠭ᠎ᠠ︾  ᠶᠢ ᠭᠦᠨᠵᠡᠭᠡᠶᠢᠷᠡᠭᠦᠯᠵᠦ᠂ ︽ᠭᠠᠳᠠᠭᠰᠢ ᠭᠠᠷᠬᠤ︾ ᠪᠠᠶᠢᠯᠳᠤᠬᠤ ᠪᠣᠳᠣᠯᠭ᠎ᠠ ᠶᠢ ᠢᠳᠡᠪᠬᠢᠲᠡᠢ ᠬᠡᠷᠡᠭᠵᠢᠭᠦᠯᠵᠦ᠂ ᠠᠲᠠᠷ ᠬᠠᠭᠠᠯᠪᠤᠷᠢᠯᠠᠯᠲᠠ ᠶᠢᠨ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮᠵᠢ ᠳᠤ ᠨᠡᠩ ᠤᠯᠠᠨ ᠤᠶᠤᠨ ᠤᠬᠠᠭᠠᠨ ᠪᠠ ᠬᠦᠴᠦᠨ ᠴᠢᠳᠠᠯ ᠢᠶᠠᠨ ᠨᠡᠮᠡᠷᠢᠯᠡᠨ᠎ᠡ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号