2024 ᠣᠨ ᠤ 9 ᠰᠠᠷ᠎ᠠ ᠶᠢᠨ 27 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠠᠷᠪᠠᠨ ᠬᠤᠶᠠᠳᠤᠭᠠᠷ ᠬᠤᠷᠠᠯᠳᠤᠭᠠᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠠᠷ᠎ᠠ ᠬᠥᠷᠥᠰᠥᠲᠦ ᠭᠠᠵᠠᠷ ᠢ ᠬᠠᠮᠠᠭᠠᠯᠠᠬᠤ ᠳᠦᠷᠢᠮ︾ ︵ᠳᠣᠷᠣᠭᠰᠢ ︽ᠳᠦᠷᠢᠮ︾ ᠭᠡᠵᠦ ᠲᠣᠪᠴᠢᠯᠠᠨ᠎ᠠ︶ ᠢ | ᠪᠠᠲᠤᠯᠠᠵᠤ᠂ 2024 ᠣᠨ ᠤ 12 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ᠡᠨᠡ ᠨᠢ | ᠮᠠᠨ ᠤ ᠣᠷᠣᠨ ᠤ ᠵᠡᠭᠦᠨ ᠬᠤᠶᠢᠲᠤ ᠣᠷᠣᠨ ᠤ ᠬᠠᠷ᠎ᠠ ᠬᠥᠷᠥᠰᠥᠲᠦ ᠭᠠᠵᠠᠷ ᠢ ᠬᠠᠮᠠᠭᠠᠯᠠᠨ ᠠᠰᠢᠭᠯᠠᠬᠤ ᠠᠵᠢᠯ ᠳᠤ | ᠬᠠᠤᠯᠢ ᠴᠠᠭᠠᠵᠠ ᠶᠢᠨ ᠪᠠᠲᠤᠯᠠᠭ᠎ᠠ ᠪᠠ ᠲᠤᠯᠭᠠᠭᠤᠷᠢᠯᠠᠯ ᠲᠠᠢ ᠪᠣᠯᠤᠭᠰᠠᠨ ᠢ ᠬᠠᠷᠠᠭᠤᠯᠵᠤ᠂ ᠮᠠᠨ ᠤ ᠣᠷᠣᠨ ᠤ ᠬᠠᠷ᠎ᠠ | ᠬᠥᠷᠥᠰᠥᠲᠦ ᠭᠠᠵᠠᠷ ᠢ ᠬᠠᠮᠠᠭᠠᠯᠠᠬᠤ ᠬᠠᠤᠯᠢ ᠴᠠᠭᠠᠵᠠ ᠶᠢᠨ ᠬᠤᠭᠤᠰᠤᠨ ᠢ ᠨᠥᠬᠦᠪᠦᠷᠢᠯᠡᠭᠰᠡᠨ ᠪᠠᠶᠢᠨ᠎ᠠ᠃ | ᠨᠢᠭᠡ᠂ ︽ᠳᠦᠷᠢᠮ︾ ᠢ ᠲᠣᠭᠲᠠᠭᠠᠭᠰᠠᠨ ᠠᠬᠤᠢ ᠪᠠᠶᠢᠳᠠᠯ | ᠥᠪᠥᠷ ᠮᠣᠩᠭᠤᠯ ᠤᠨ ᠵᠡᠭᠦᠨ ᠬᠤᠶᠢᠲᠤ ᠶᠢᠨ ᠬᠠᠷ᠎ᠠ ᠬᠥᠷᠥᠰᠥᠲᠦ ᠣᠷᠣᠨ ᠪᠣᠯ ᠮᠠᠨ ᠤ ᠤᠯᠤᠰ ᠤᠨ ᠵᠡᠭᠦᠨ | ᠬᠤᠶᠢᠲᠤ ᠶᠢᠨ ᠬᠠᠷ᠎ᠠ ᠬᠥᠷᠥᠰᠥᠲᠦ ᠭᠠᠵᠠᠷ ᠤᠨ ᠴᠢᠬᠤᠯᠠ ᠪᠦᠷᠢᠯᠳᠦᠭᠦᠨ ᠬᠡᠰᠡᠭ ᠮᠥᠨ᠂ ᠥᠪᠡᠷᠲᠡᠭᠡᠨ ᠵᠠᠰᠠᠬᠤ | ᠣᠷᠣᠨ ᠤ ᠴᠢᠬᠤᠯᠠ ᠠᠮᠤ ᠪᠤᠳᠠᠭᠠᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠮᠥᠨ᠂ ᠪᠥᠬᠦ ᠣᠷᠣᠨ ᠤ ᠠᠮᠤ | ᠪᠤᠳᠠᠭᠠᠨ ᠤ ᠦᠢᠯᠡᠳᠪᠦᠷᠢᠯᠡᠯ ᠢ ᠪᠠᠲᠤᠯᠠᠬᠤ ᠪᠠ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠦᠨ ᠭᠠᠳᠠᠭᠰᠢ ᠭᠠᠷᠭᠠᠬᠤ ᠰᠠᠭᠤᠷᠢᠨ ᠭᠠᠵᠠᠷ ᠢ ᠪᠦᠲᠦᠭᠡᠨ | ᠪᠠᠶᠢᠭᠤᠯᠬᠤ ᠶᠢᠨ ᠴᠢᠬᠤᠯᠠ ᠦᠢᠯᠡᠳᠦᠯ ᠢ ᠡᠭᠦᠷᠭᠡᠯᠡᠵᠦ᠂ ︽ᠠᠮᠤ ᠪᠤᠳᠠᠭ᠎ᠠ ᠶᠢ ᠭᠠᠵᠠᠷ ᠰᠢᠷᠣᠢ ᠳᠤ ᠬᠠᠳᠠᠭᠠᠯᠠᠵᠤ᠂ | ᠮᠡᠷᠭᠡᠵᠢᠯ ᠢᠶᠠᠷ ᠠᠮᠤ ᠪᠤᠳᠠᠭ᠎ᠠ ᠶᠢ ᠬᠠᠳᠠᠭᠠᠯᠠᠬᠤ︾ ᠪᠠᠶᠢᠯᠳᠤᠬᠤ ᠪᠣᠳᠣᠯᠭ᠎ᠠ ᠶᠢᠨ ᠴᠢᠬᠤᠯᠠ ᠪᠠᠲᠤᠯᠠᠭ᠎ᠠ ᠮᠥᠨ᠃ | ᠶᠡᠷᠦᠩᠬᠡᠢ ᠱᠦᠵᠢ ᠰᠢ ᠶᠢᠨ ᠫᠢᠩ ᠠᠴᠠ ᠬᠠᠷ᠎ᠠ ᠬᠥᠷᠥᠰᠥᠲᠦ ᠭᠠᠵᠠᠷ ᠭᠡᠬᠦ ᠡᠨᠡ ᠬᠦ ︽ᠲᠠᠷᠢᠶᠠᠨ ᠭᠠᠵᠠᠷ ᠤᠨ | ᠲᠣᠮᠣ ᠮᠠᠯᠤᠷ ᠥᠲᠡᠭᠡ︾ ᠶᠢ ᠦᠨᠡᠨ ᠬᠦ ᠰᠠᠶᠢᠲᠤᠷ ᠬᠠᠮᠠᠭᠠᠯᠠᠵᠤ᠂ ᠰᠠᠶᠢᠲᠤᠷ ᠠᠰᠢᠭᠯᠠᠬᠤ ᠬᠡᠷᠡᠭᠲᠡᠢ ᠭᠡᠵᠦ | ᠱᠠᠭᠠᠷᠳᠠᠭᠰᠠᠨ ᠪᠠᠶᠢᠳᠠᠭ᠂ ︽ᠳᠦᠷᠢᠮ︾ ᠢ ᠲᠣᠭᠲᠠᠭᠠᠨ ᠬᠡᠷᠡᠭᠵᠢᠭᠦᠯᠬᠦ ᠪᠣᠯ ᠶᠡᠷᠦᠩᠬᠡᠢ ᠱᠦᠵᠢ ᠰᠢ ᠶᠢᠨ ᠫᠢᠩ ᠤᠨ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ | ᠮᠥᠨ᠃ ᠮᠠᠨ ᠤ ᠣᠷᠣᠨ ᠤ ᠬᠠᠷ᠎ᠠ ᠬᠥᠷᠥᠰᠥᠲᠦ ᠲᠠᠷᠢᠶᠠᠨ ᠭᠠᠵᠠᠷ ᠤᠨ ᠠᠮᠤ ᠪᠤᠳᠠᠭᠠᠨ ᠤ ᠶᠡᠷᠦᠩᠬᠡᠢ ᠤᠨᠠᠯᠲᠠ | ᠪᠠᠷᠤᠭ ᠪᠥᠬᠦ ᠣᠷᠣᠨ ᠤ ᠶᠡᠷᠦᠩᠬᠡᠢ ᠬᠡᠮᠵᠢᠶᠡᠨ ᠤ 80% ᠶᠢ ᠡᠵᠡᠯᠡᠵᠦ᠂ ︽ᠳᠦᠷᠢᠮ︾ ᠢ ᠲᠣᠭᠲᠠᠭᠠᠨ | ᠬᠡᠷᠡᠭᠵᠢᠭᠦᠯᠬᠦ ᠨᠢ ᠮᠠᠨ ᠤ ᠣᠷᠣᠨ ᠤ ᠬᠠᠷ᠎ᠠ ᠬᠥᠷᠥᠰᠥᠲᠦ ᠭᠠᠵᠠᠷ ᠢ ᠬᠠᠮᠠᠭᠠᠯᠠᠬᠤ᠂ ᠵᠠᠰᠠᠬᠤ᠂ ᠰᠡᠷᠭᠦᠭᠡᠬᠦ᠂ ᠠᠰᠢᠭᠯᠠᠬᠤ | ᠵᠡᠷᠭᠡ ᠠᠵᠢᠯᠯᠠᠭ᠎ᠠ ᠶᠢ ᠵᠢᠷᠤᠮᠵᠢᠭᠤᠯᠬᠤ ᠳᠤ ᠠᠰᠢᠭᠲᠠᠢ ᠪᠠᠶᠢᠵᠤ᠂ ᠬᠠᠷ᠎ᠠ ᠬᠥᠷᠥᠰᠥᠲᠦ ᠭᠠᠵᠠᠷ ᠤᠨ ᠥᠨᠳᠥᠷ | ᠤᠨᠠᠯᠲᠠ ᠲᠠᠢ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠤ ᠭᠠᠷᠭᠠᠯᠲᠠ ᠶᠢᠨ ᠴᠢᠳᠠᠮᠵᠢ ᠶᠢ ᠬᠠᠮᠠᠭᠠᠯᠠᠬᠤ ᠳᠤ | ᠠᠰᠢᠭᠲᠠᠢ ᠪᠠᠶᠢᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠪᠤᠰᠤᠳᠴᠢ ᠱᠠᠭᠠᠷᠳᠠᠯᠭ᠎ᠠ | ᠪᠣᠯᠣᠨ᠎ᠠ᠃ ᠮᠠᠨ ᠤ ᠣᠷᠣᠨ ᠤ ᠵᠡᠭᠦᠨ ᠬᠤᠶᠢᠲᠤ ᠣᠷᠣᠨ ᠤ ᠬᠠᠷ᠎ᠠ ᠬᠥᠷᠥᠰᠥᠲᠦ ᠭᠠᠵᠠᠷ ᠪᠣᠯ ᠳᠠᠬᠢᠨ ᠤᠯᠳᠠᠰᠢ | ᠦᠭᠡᠢ ᠬᠤᠪᠣᠷ ᠨᠠᠨᠳᠢᠨ ᠲᠠᠷᠢᠶᠠᠯᠠᠩ ᠤᠨ ᠡᠬᠢ ᠪᠠᠶᠠᠯᠢᠭ ᠮᠥᠨ᠂ ᠬᠠᠷ᠎ᠠ ᠬᠥᠷᠥᠰᠥᠲᠦ ᠲᠠᠷᠢᠶᠠᠨ ᠭᠠᠵᠠᠷ ᠤᠨ ᠠᠮᠢ | ᠠᠬᠤᠢ ᠶᠢᠨ ᠬᠠᠮᠠᠭᠠᠯᠠᠯᠲᠠ ᠪᠣᠯ ᠮᠠᠨ ᠤ ᠤᠯᠤᠰ ᠤᠨ ᠤᠮᠠᠷᠠᠲᠤ ᠬᠡᠰᠡᠭ ᠤᠨ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢᠨ ᠴᠢᠬᠤᠯᠠ ᠪᠦᠷᠢᠯᠳᠦᠭᠦᠨ ᠬᠡᠰᠡᠭ ᠮᠥᠨ᠂ ︽ᠳᠦᠷᠢᠮ︾ ᠢ ᠲᠣᠭᠲᠠᠭᠠᠨ ᠬᠡᠷᠡᠭᠵᠢᠭᠦᠯᠬᠦ ᠪᠣᠯ ᠡᠬᠡ | ᠤᠯᠤᠰ ᠤᠨ ᠤᠮᠠᠷᠠᠲᠤ ᠬᠢᠯᠢ ᠶᠢᠨ ᠠᠮᠢ ᠠᠬᠤᠢ ᠶᠢᠨ ᠠᠮᠤᠷ ᠲᠦᠪᠰᠢᠨ ᠢ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ | ᠠᠷᠭ᠎ᠠ ᠬᠡᠮᠵᠢᠶ᠎ᠡ ᠮᠥᠨ᠃ ᠬᠠᠷ᠎ᠠ ᠬᠥᠷᠥᠰᠥᠲᠦ ᠭᠠᠵᠠᠷ ᠨᠢ ᠶᠡᠷᠦ ᠠᠴᠠ ᠥᠩ ᠰᠢᠮᠡᠯᠢᠭ ᠢᠶᠠᠷ ᠢᠶᠠᠨ ᠠᠯᠳᠠᠷᠰᠢᠭᠰᠠᠨ | ᠪᠣᠯᠪᠠᠴᠤ ᠣᠳᠣᠬᠠᠨ ᠳᠤ ᠬᠠᠷ᠎ᠠ ᠬᠥᠷᠥᠰᠥᠲᠦ ᠭᠠᠵᠠᠷ ᠨᠢ ᠪᠠᠭᠠᠰᠬᠤ᠂ ᠨᠢᠮᠭᠡᠷᠡᠬᠦ᠂ ᠬᠠᠲᠠᠭᠤᠷᠠᠬᠤ᠂ ᠥᠩ ᠰᠢᠮ᠎ᠡ ᠨᠢ | ᠮᠠᠭᠤᠳᠠᠬᠤ ᠵᠡᠷᠭᠡ ᠬᠢᠮᠤᠷᠠᠯ ᠳᠤ ᠲᠤᠯᠭᠠᠷᠠᠵᠤ ᠪᠣᠶ᠂ ︽ᠳᠦᠷᠢᠮ︾ ᠢ ᠲᠣᠭᠲᠠᠭᠠᠨ ᠬᠡᠷᠡᠭᠵᠢᠭᠦᠯᠦᠭᠰᠡᠨ ᠨᠢ ᠮᠠᠨ ᠤ | ᠣᠷᠣᠨ ᠤ ᠲᠠᠷᠢᠶᠠᠨ ᠭᠠᠵᠠᠷ ᠢ ᠬᠠᠮᠠᠭᠠᠯᠠᠬᠤ᠂ ᠠᠮᠤ ᠪᠤᠳᠠᠭᠠᠨ ᠤ ᠠᠮᠤᠷ ᠲᠦᠪᠰᠢᠨ ᠢ ᠬᠠᠮᠠᠭᠠᠯᠠᠬᠤ ᠴᠢᠬᠤᠯᠠ ᠡᠷᠡᠰ | ᠵᠣᠷᠢᠭ ᠢ ᠲᠤᠰᠬᠠᠵᠤ᠂ ᠮᠥᠨ ᠴᠦ ︽ᠰᠢᠳᠦ ᠤᠷᠭᠤᠬᠤ︾ ᠬᠠᠲᠠᠭᠤ ᠠᠷᠭ᠎ᠠ ᠬᠡᠮᠵᠢᠶ᠎ᠡ ᠪᠠᠷ ᠮᠠᠨ ᠤ ᠣᠷᠣᠨ ᠤ ᠲᠠᠷᠢᠶᠠᠨ | ᠭᠠᠵᠠᠷ ᠢ ᠬᠠᠮᠠᠭᠠᠯᠠᠬᠤ ᠶᠢᠨ ᠠᠮᠢᠳᠤᠯᠢᠭ ᠢᠯᠡᠷᠡᠯ ᠪᠣᠯᠣᠨ᠎ᠠ᠃ | ᠬᠤᠶᠠᠷ᠂ ᠳᠦᠷᠢᠮ ᠤᠨ ᠭᠤᠣᠯ ᠠᠭᠤᠯᠭ᠎ᠠ | ︽ᠳᠦᠷᠢᠮ︾ ᠨᠢ ᠨᠡᠶᠢᠲᠡ 6 ᠪᠦᠯᠦᠭ 55 ᠵᠦᠢᠯ ᠪᠠᠶᠢᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠬᠠᠷ᠎ᠠ ᠬᠥᠷᠥᠰᠥᠲᠦ ᠭᠠᠵᠠᠷ ᠢ ᠬᠠᠮᠠᠭᠠᠯᠠᠬᠤ ᠬᠠᠤᠯᠢ︾ ᠶᠢ ᠤᠯᠠᠮ ᠨᠢᠭᠡ ᠠᠯᠬᠤᠮ ᠨᠠᠷᠢᠯᠢᠭᠵᠢᠭᠤᠯᠤᠨ | ᠨᠥᠬᠦᠪᠦᠷᠢᠯᠡᠭᠰᠡᠨ ᠪᠠᠶᠢᠨ᠎ᠠ᠃ | ︵ᠨᠢᠭᠡ︶ ᠬᠠᠤᠯᠢ ᠲᠤᠭᠳᠠᠭᠠᠭᠰᠠᠨ ᠵᠣᠷᠢᠯᠲᠠ ᠬᠢᠭᠡᠳ ᠲᠣᠬᠢᠷᠠᠭᠤᠯᠬᠤ ᠬᠦᠷᠢᠶ᠎ᠡ ᠬᠡᠪᠴᠢᠶ᠎ᠡ | ᠮᠠᠨ ᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠬᠠᠷ᠎ᠠ ᠬᠥᠷᠥᠰᠥᠲᠦ ᠭᠠᠵᠠᠷ ᠢ ᠬᠠᠮᠠᠭᠠᠯᠠᠬᠤ | ᠬᠠᠤᠯᠢ︾ ᠶᠢᠨ ᠬᠠᠤᠯᠢ ᠲᠣᠭᠲᠠᠭᠠᠬᠤ ᠵᠣᠷᠢᠯᠲᠠ ᠶᠢ ᠪᠦᠷᠢᠯᠳᠦᠭᠦᠯᠵᠡᠢ᠂ ᠲᠤᠬᠠᠶᠢᠯᠠᠪᠠᠯ ᠬᠠᠷ᠎ᠠ ᠬᠥᠷᠥᠰᠥᠲᠦ ᠭᠠᠵᠠᠷ ᠤᠨ | ᠡᠬᠢ ᠪᠠᠶᠠᠯᠢᠭ ᠢ ᠬᠠᠮᠠᠭᠠᠯᠠᠵᠤ᠂ ᠬᠥᠷᠥᠰᠥᠲᠦ ᠭᠠᠵᠠᠷ ᠤᠨ ᠲᠤᠭ᠎ᠠ ᠬᠡᠮᠵᠢᠶ᠎ᠡ ᠪᠠᠭᠠᠰᠬᠤ᠂ ᠴᠢᠳᠠᠮᠵᠢ ᠮᠠᠭᠤᠳᠠᠬᠤ᠂ ᠶᠠᠰᠤ | ᠴᠢᠨᠠᠷ ᠮᠠᠭᠤᠳᠠᠬᠤ ᠶᠢ ᠰᠡᠷᠭᠡᠶᠢᠯᠡᠨ᠂ ᠬᠠᠷ᠎ᠠ ᠬᠥᠷᠥᠰᠥᠲᠦ ᠭᠠᠵᠠᠷ ᠤᠨ ᠰᠠᠭᠤᠷᠢ ᠭᠠᠵᠠᠷ ᠤᠨ ᠬᠦᠴᠦᠨ ᠢ | ᠲᠣᠭᠲᠠᠭᠤᠨ ᠢᠶᠠᠷ ᠰᠡᠷᠭᠦᠭᠡᠨ ᠳᠡᠭᠡᠭᠰᠢᠯᠡᠭᠦᠯᠵᠦ᠂ ᠡᠬᠢ ᠪᠠᠶᠠᠯᠢᠭ ᠤᠨ ᠦᠷᠭᠦᠯᠵᠢᠯᠡᠬᠦ ᠠᠰᠢᠭᠯᠠᠯᠲᠠ ᠶᠢ ᠠᠬᠢᠭᠤᠯᠤᠨ᠂ | ᠠᠮᠢ ᠠᠬᠤᠢ ᠶᠢᠨ ᠲᠡᠩᠴᠡᠭᠦᠷᠢ ᠶᠢ ᠬᠠᠮᠠᠭᠠᠯᠠᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠪᠠ ᠠᠮᠢ | ᠠᠬᠤᠢ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ ᠶᠤᠮ᠃ | ᠬᠠᠷ᠎ᠠ ᠬᠥᠷᠥᠰᠥᠲᠦ ᠭᠠᠵᠠᠷ ᠤᠨ ᠮᠠᠨ ᠤ ᠣᠷᠣᠨ ᠳᠠᠬᠢ ᠪᠣᠳᠠᠲᠠᠢ ᠬᠦᠷᠢᠶ᠎ᠡ ᠬᠡᠪᠴᠢᠶ᠎ᠡ ᠶᠢ ᠨᠠᠷᠢᠨ ᠵᠠᠭᠠᠭᠯᠠᠨ | ᠲᠣᠭᠲᠠᠭᠠᠪᠠ᠂ ᠲᠤᠬᠠᠶᠢᠯᠠᠪᠠᠯ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠲᠦᠩᠯᠢᠶᠣᠣ ᠬᠤᠲᠠ᠂ ᠤᠯᠠᠭᠠᠨᠬᠠᠳᠠ | ᠬᠤᠲᠠ ᠵᠢᠴᠢ ᠰᠢᠯᠢ ᠶᠢᠨ ᠭᠤᠣᠯ ᠠᠶᠢᠮᠠᠭ ᠤᠨ ᠬᠠᠮᠢᠶ᠎ᠠ ᠪᠦᠬᠦᠢ ᠣᠷᠣᠨ ᠪᠦᠰᠡ ᠶᠢᠨ ᠬᠡᠪᠴᠢᠶᠡᠨ ᠳᠠᠬᠢ ᠬᠠᠷ᠎ᠠ | ᠪᠤᠶᠤ ᠬᠠᠷ᠎ᠠ ᠢᠯᠵᠢᠮᠡᠭ ᠤᠨ ᠥᠩᠭᠡᠨ ᠬᠥᠷᠥᠰᠥᠨ ᠤ ᠳᠠᠪᠬᠤᠷᠭ᠎ᠠ ᠲᠠᠢ᠂ ᠰᠢᠨᠵᠢ ᠪᠠᠶᠢᠳᠠᠯ ᠢᠶᠠᠷ ᠰᠠᠶᠢᠨ᠂ ᠥᠩ | ᠰᠢᠮ᠎ᠡ ᠪᠠᠷ ᠥᠨᠳᠥᠷ ᠲᠠᠷᠢᠶᠠᠨ ᠭᠠᠵᠠᠷ ᠢ ᠪᠠᠭᠲᠠᠭᠠᠨ᠎ᠠ᠃ | ᠲᠣᠰ ︽ᠳᠦᠷᠢᠮ︾ ᠤᠨ ᠬᠡᠷᠡᠭᠯᠡᠬᠦ ᠬᠡᠪᠴᠢᠶ᠎ᠡ ᠶᠢ ᠲᠣᠭᠲᠠᠭᠠᠪᠠ᠂ ᠲᠤᠬᠠᠶᠢᠯᠠᠪᠠᠯ ᠥᠪᠡᠷᠲᠡᠭᠡᠨ ᠵᠠᠰᠠᠬᠤ | ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠬᠠᠷ᠎ᠠ ᠬᠥᠷᠥᠰᠥᠲᠦ ᠭᠠᠵᠠᠷ ᠢ ᠬᠠᠮᠠᠭᠠᠯᠠᠬᠤ᠂ ᠠᠰᠢᠭᠯᠠᠬᠤ ᠪᠠ | ᠬᠠᠮᠢᠶ᠎ᠠ ᠪᠦᠬᠦᠢ ᠵᠠᠰᠠᠬᠤ᠂ ᠵᠠᠰᠠᠨ ᠰᠡᠷᠭᠦᠭᠡᠬᠦ ᠵᠡᠷᠭᠡ ᠠᠵᠢᠯᠯᠠᠭ᠎ᠠ ᠶᠢ ᠬᠢᠨ᠎ᠡ᠃ | ︵ᠬᠤᠶᠠᠷ︶ ᠬᠠᠤᠯᠢ ᠲᠤᠭᠳᠠᠭᠠᠭᠰᠠᠨ ᠵᠠᠷᠴᠢᠮ ᠬᠢᠭᠡᠳ ᠵᠠᠰᠠᠭ ᠤᠨ ᠣᠷᠳᠣᠨ ᠤ ᠡᠭᠦᠷᠭᠡ ᠬᠠᠷᠢᠭᠤᠴᠠᠯᠭ᠎ᠠ | ᠬᠠᠷ᠎ᠠ ᠬᠥᠷᠥᠰᠥᠲᠦ ᠭᠠᠵᠠᠷ ᠢ ᠬᠠᠮᠠᠭᠠᠯᠠᠬᠤ ᠳᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ᠂ ᠨᠢᠭᠡᠳᠦᠯᠲᠡᠢ | ᠲᠥᠯᠥᠪᠵᠢᠭᠦᠯᠬᠦ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ | ᠵᠦᠢ ᠵᠣᠬᠢᠰᠲᠠᠢ ᠠᠰᠢᠭᠯᠠᠬᠤ᠂ ᠬᠡᠷᠡᠭᠯᠡᠬᠦ ᠪᠠ ᠠᠷᠠᠴᠢᠯᠠᠬᠤ ᠶᠢ ᠤᠶᠠᠯᠳᠤᠭᠤᠯᠬᠤ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ | ᠬᠡᠷᠡᠭᠵᠢᠭᠦᠯᠬᠦ᠂ ᠦᠢᠯᠡᠳᠪᠦᠷᠢᠯᠡᠯ ᠬᠢᠭᠡᠳ ᠠᠮᠢ ᠠᠬᠤᠢ ᠶᠢ ᠵᠣᠬᠢᠴᠠᠩᠭᠤᠢ ᠪᠠᠷ ᠬᠥᠭᠵᠢᠭᠦᠯᠬᠦ ᠵᠠᠷᠴᠢᠮ ᠢ ᠪᠠᠷᠢᠮᠲᠠᠯᠠᠬᠤ | ᠬᠡᠷᠡᠭᠲᠡᠢ ᠭᠡᠵᠦ ᠴᠢᠬᠤᠯᠠᠴᠢᠯᠠᠪᠠ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ᠵᠢᠴᠢ ᠲᠡᠭᠦᠨ ᠠᠴᠠ | ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ | ᠲᠣᠳᠣᠷᠬᠠᠶᠢᠯᠠᠪᠠ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ | ᠣᠷᠳᠣᠨ ᠬᠠᠷ᠎ᠠ ᠬᠥᠷᠥᠰᠥᠲᠦ ᠭᠠᠵᠠᠷ ᠢ ᠬᠠᠮᠠᠭᠠᠯᠠᠬᠤ ᠠᠵᠢᠯ ᠢ ᠲᠣᠰ ᠱᠠᠲᠤᠨ ᠤ ᠤᠯᠤᠰ ᠠᠷᠠᠳ ᠤᠨ ᠠᠵᠤ ᠠᠬᠤᠢ | ᠪᠠ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠳᠡᠭᠡᠨ ᠣᠷᠣᠭᠤᠯᠵᠤ᠂ ᠬᠠᠷ᠎ᠠ ᠬᠥᠷᠥᠰᠥᠲᠦ ᠭᠠᠵᠠᠷ ᠢ | ᠬᠠᠮᠠᠭᠠᠯᠠᠬᠤ ᠪᠡᠯᠡ ᠮᠥᠩᠭᠦ ᠶᠢ ᠲᠣᠰ ᠱᠠᠲᠤᠨ ᠤ ᠲᠥᠰᠥᠪ ᠲᠡᠭᠡᠨ ᠣᠷᠣᠭᠤᠯᠬᠤ ᠬᠡᠷᠡᠭᠲᠡᠢ ᠭᠡᠵᠦ ᠲᠣᠳᠣᠷᠬᠠᠢ | ᠳᠤᠷᠠᠳᠤᠨ ᠭᠠᠷᠭᠠᠪᠠ᠃ ᠣᠨᠴᠠᠭᠠᠶᠢᠯᠠᠨ ᠳᠤᠷᠠᠳᠤᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠲᠠᠷᠢᠶᠠᠯᠠᠩ ᠮᠠᠯ ᠠᠵᠤ ᠠᠬᠤᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠤᠯᠪᠣᠭᠳᠠᠯ | ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ᠂ ᠬᠠᠷᠠᠮᠥ᠋ᠷᠡᠨ ᠮᠤᠵᠢ᠂ ᠭᠢᠷᠢᠨ ᠮᠤᠵᠢ᠂ ᠯᠢᠶᠣᠤᠨᠢᠩ ᠮᠤᠵᠢ ᠶᠢᠨ ᠲᠠᠷᠢᠶᠠᠯᠠᠩ | ᠬᠥᠳᠡᠭᠡ ᠲᠣᠰᠬᠤᠨ ᠵᠡᠷᠭᠡ ᠰᠠᠯᠠᠭ᠎ᠠ ᠮᠥᠴᠢᠷ ᠯᠦᠭᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠠᠷ᠎ᠠ | ᠬᠥᠷᠥᠰᠥᠲᠦ ᠭᠠᠵᠠᠷ ᠤᠨ ᠬᠠᠮᠠᠭᠠᠯᠠᠯᠲᠠ ᠶᠢᠨ ᠣᠷᠣᠨ ᠪᠦᠰᠡ ᠶᠢᠨ ᠬᠠᠮᠵᠢᠯᠴᠠᠨ ᠠᠵᠢᠯᠯᠠᠬᠤ ᠲᠣᠭᠲᠠᠴᠠ ᠶᠢ | ᠬᠠᠮᠲᠤᠪᠠᠷ ᠲᠡᠭᠦᠯᠳᠡᠷᠵᠢᠭᠦᠯᠬᠦ ᠬᠡᠷᠡᠭᠲᠡᠢ᠃ |