ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠴᠠᠭ ᠠᠭᠤᠷ ᠤᠨ ᠭᠠᠮᠰᠢᠭ ᠤᠨ ᠲᠦᠭᠰᠢᠭᠦᠷᠢ ᠶᠢᠨ ᠤᠷᠢᠳᠴᠢᠯᠠᠭᠰᠠᠨ ᠮᠡᠳᠡᠭᠡ
ᠨᠡᠶᠢᠲᠡᠯᠡᠭᠰᠡᠨ ᠴᠠᠭ᠄
2024/11/21
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ 2024 ᠣᠨ ᠤ 11 ᠰᠠᠷ᠎ᠠ ᠶᠢᠨ 21 ᠤ ᠡᠳᠦᠷ ᠤᠨ 18 ᠴᠠᠭ 00 ᠮᠢᠨᠦ᠋ᠲ ᠲᠤ ᠬᠠᠮᠲᠤᠷᠠᠨ ᠲᠥᠬᠦᠭᠡᠷᠦᠮᠵᠢᠲᠦ ᠲᠠᠷᠢᠶᠠᠯᠠᠩ ᠤᠨ ᠴᠠᠭ ᠠᠭᠤᠷ ᠤᠨ ᠭᠠᠮᠰᠢᠭ ᠤᠨ ᠲᠦᠭᠰᠢᠭᠦᠷᠢ ᠶᠢᠨ ᠤᠷᠢᠳᠴᠢᠯᠠᠭᠰᠠᠨ ᠮᠡᠳᠡᠭᠡ ᠶᠢ ᠮᠡᠳᠡᠭᠡᠯᠡᠪᠡ᠃       11 ᠰᠠᠷ᠎ᠠ ᠶᠢᠨ 23 ᠤ ᠡᠳᠦᠷ ᠠᠴᠠ 27 ᠤ ᠡᠳᠦᠷ ᠪᠣᠯᠲᠠᠯ᠎ᠠ᠂ ᠮᠠᠨ ᠤ ᠣᠷᠣᠨ ᠳᠤ ᠨᠢᠭᠡ ᠤᠳᠠᠭᠠᠨ ᠤ ᠶᠡᠭᠡ ᠬᠦᠢᠲᠡᠨ ᠠᠭᠤᠷ ᠠᠮᠢᠰᠬᠤᠯ ᠢᠯᠡᠷᠡᠵᠦ᠂ ᠡᠭᠦᠨ ᠳᠤ ᠶᠡᠭᠡ ᠬᠦᠢᠳᠡᠨ ᠪᠠ ᠶᠡᠭᠡ ᠰᠠᠯᠬᠢ᠂ ᠪᠣᠷᠣᠭᠠᠨ ᠴᠠᠰᠤ ᠲᠠᠢ ᠴᠠᠭ ᠠᠭᠤᠷ ᠳᠠᠭᠠᠯᠳᠤᠬᠤ ᠪᠣᠯᠣᠨ᠎ᠠ᠃ ᠪᠥᠬᠦ ᠣᠷᠣᠨ ᠤ ᠶᠡᠬᠡᠩᠬᠢ ᠭᠠᠵᠠᠷ ᠤᠨ ᠠᠭᠠᠷ ᠤᠨ ᠳᠤᠯᠠᠭᠠᠨ 8  ᠠᠴᠠ 10℃ ᠪᠠᠭᠤᠷᠠᠵᠤ᠂ ᠬᠡᠰᠡᠭ ᠭᠠᠵᠠᠷ ᠤᠨ ᠠᠭᠠᠷ ᠤᠨ ᠳᠤᠯᠠᠭᠠᠨ 16℃  ᠠᠴᠠ ᠳᠡᠭᠡᠭᠰᠢ ᠪᠠᠭᠤᠷᠠᠨ᠎ᠠ︔ ᠶᠡᠬᠡᠩᠬᠢ ᠭᠠᠵᠠᠷ ᠲᠤ ᠴᠠᠰᠤ ᠪᠣᠷᠣᠭᠠᠨ ᠪᠤᠶᠤ ᠴᠠᠰᠤ ᠣᠷᠣᠵᠤ᠂ ᠵᠡᠭᠦᠨ ᠬᠤᠶᠢᠲᠤ ᠬᠡᠰᠡᠭ ᠤᠨ ᠬᠡᠰᠡᠭ ᠭᠠᠵᠠᠷ ᠲᠤ ᠴᠠᠰᠤ ᠰᠢᠭᠤᠷᠭ᠎ᠠ ᠪᠤᠶᠤ ᠶᠡᠭᠡ ᠴᠠᠰᠤ ᠰᠢᠭᠤᠷᠭ᠎ᠠ ᠲᠠᠢ︔ ᠡᠨᠡ ᠬᠤᠭᠤᠴᠠᠭᠠᠨ ᠳᠤ ᠬᠡᠰᠡᠭ ᠰᠠᠯᠬᠢ 6᠂ 7 ᠳᠡᠰ ᠲᠤ ᠬᠦᠷᠴᠦ᠂ ᠬᠡᠰᠡᠭ ᠭᠠᠵᠠᠷ ᠲᠤ ᠬᠡᠰᠡᠭ ᠰᠠᠯᠬᠢ 8 ~ 9 ᠳᠡᠰ ᠲᠤ ᠬᠦᠷᠴᠦ᠂ ᠪᠠᠷᠠᠭᠤᠨ ᠬᠡᠰᠡᠭ ᠤᠨ ᠬᠡᠰᠡᠭ ᠭᠠᠵᠠᠷ ᠣᠷᠣᠨ ᠳᠤ ᠡᠯᠡᠰᠦᠨ ᠰᠢᠭᠤᠷᠭ᠎ᠠ ᠲᠠᠢ ᠴᠠᠭ ᠠᠭᠤᠷ ᠳᠠᠭᠠᠯᠳᠤᠨ᠎ᠠ᠃ ᠣᠶᠤᠨᠲᠤ ᠰᠦᠯᠵᠢᠶᠡᠨ ᠤ ᠤᠷᠢᠳᠴᠢᠯᠠᠨ ᠮᠡᠳᠡᠭᠡᠯᠡᠭᠰᠡᠨ ᠲᠤᠭ᠎ᠠ ᠪᠠᠷᠢᠮᠲᠠ ᠶᠢ ᠦᠨᠳᠦᠰᠦᠯᠡᠵᠦ᠂ ᠲᠥᠬᠦᠭᠡᠷᠦᠮᠵᠢᠲᠦ ᠲᠠᠷᠢᠶᠠᠯᠠᠩ ᠤᠨ ᠳᠣᠣᠷ᠎ᠠ ᠳᠤᠯᠠᠭᠠᠨ ᠤ ᠭᠠᠮᠰᠢᠭ᠂ ᠰᠠᠯᠬᠢᠨ ᠤ ᠭᠠᠮᠰᠢᠭ᠂ ᠴᠠᠰᠤᠨ ᠤ ᠭᠠᠮᠰᠢᠭ ᠤᠨ ᠭᠦᠢᠴᠡᠳᠬᠡᠯ ᠲᠤᠭ᠎ᠠ ᠲᠠᠢ ᠤᠶᠠᠯᠳᠤᠭᠤᠯᠤᠨ᠂ 11 ᠰᠠᠷ᠎ᠠ ᠶᠢᠨ 23 ᠤ ᠡᠳᠦᠷ ᠠᠴᠠ 27 ᠤ ᠡᠳᠦᠷ ᠪᠣᠯᠲᠠᠯ᠎ᠠ᠂ ᠳᠤᠮᠳᠠ ᠬᠡᠰᠡᠭ ᠤᠨ ᠵᠡᠭᠦᠨ ᠪᠡᠶ᠎ᠡ ᠵᠢᠴᠢ ᠡᠮᠦᠨ᠎ᠡ ᠬᠡᠰᠡᠭ ᠤᠨ ᠶᠡᠬᠡᠩᠬᠢ ᠭᠠᠵᠠᠷ ᠣᠷᠣᠨ᠂ ᠪᠠᠷᠠᠭᠤᠨ ᠬᠡᠰᠡᠭ ᠤᠨ ᠵᠡᠭᠦᠨ ᠪᠡᠶ᠎ᠡ ᠶᠢᠨ ᠭᠠᠵᠠᠷ ᠣᠷᠣᠨ ᠪᠣᠯ ᠲᠥᠬᠦᠭᠡᠷᠦᠮᠵᠢᠲᠦ ᠲᠠᠷᠢᠶᠠᠯᠠᠩ ᠤᠨ ᠳᠣᠣᠷ᠎ᠠ ᠳᠤᠯᠠᠭᠠᠨ ᠬᠦᠢᠲᠡᠨ ᠤ ᠭᠠᠮᠰᠢᠭ ᠤᠨ ᠳᠣᠣᠷ᠎ᠠ ᠵᠡᠷᠭᠡ ᠶᠢᠨ ᠲᠦᠭᠰᠢᠭᠦᠷᠢᠲᠡᠢ ᠭᠠᠵᠠᠷ ᠣᠷᠣᠨ ᠪᠣᠯᠣᠨ᠎ᠠ᠂ ᠡᠭᠦᠨ ᠳᠤ᠂ 24 ᠤ ᠡᠳᠦᠷ ᠠᠴᠠ 27 ᠤ ᠡᠳᠦᠷ ᠪᠣᠯᠲᠠᠯ᠎ᠠ ᠪᠤᠭᠤᠲᠤ ᠬᠤᠲᠠ ᠶᠢᠨ ᠡᠮᠦᠨ᠎ᠡ ᠬᠡᠰᠡᠭ ᠵᠢᠴᠢ ᠪᠠᠶᠠᠨᠨᠠᠭᠤᠷ ᠬᠤᠲᠠ ᠶᠢᠨ ᠡᠮᠦᠨ᠎ᠡ ᠬᠡᠰᠡᠭ ᠤᠨ ᠭᠠᠵᠠᠷ ᠣᠷᠣᠨ ᠪᠣᠯ ᠲᠥᠬᠦᠭᠡᠷᠦᠮᠵᠢᠲᠦ ᠲᠠᠷᠢᠶᠠᠯᠠᠩ ᠤᠨ ᠳᠣᠣᠷ᠎ᠠ ᠳᠤᠯᠠᠭᠠᠨ ᠬᠦᠢᠲᠡᠨ ᠤ ᠭᠠᠮᠰᠢᠭ ᠤᠨ ᠥᠨᠳᠥᠷ ᠵᠡᠷᠭᠡ ᠶᠢᠨ ᠲᠦᠭᠰᠢᠭᠦᠷᠢᠲᠡᠢ ᠭᠠᠵᠠᠷ ᠣᠷᠣᠨ ᠪᠣᠯᠣᠨ᠎ᠠ ︵ᠵᠢᠷᠤᠭ 1︱5︶᠃ ᠬᠦᠢᠲᠡᠨ ᠤ ᠭᠠᠮᠰᠢᠭ ᠨᠢ ᠲᠠᠷᠢᠮᠠᠯ ᠤᠨ ᠤᠷᠭᠤᠯᠲᠠ ᠶᠢ ᠤᠳᠠᠭᠠᠰᠢᠷᠠᠭᠤᠯᠵᠤ ᠬᠥᠯᠳᠡᠭᠡᠨ᠎ᠡ᠃ 11 ᠰᠠᠷ᠎ᠠ ᠶᠢᠨ 23 ᠤ ᠡᠳᠦᠷ᠂ ᠤᠯᠠᠭᠠᠨᠴᠠᠪ ᠬᠤᠲᠠ ᠶᠢᠨ ᠳᠤᠮᠳᠠ ᠬᠡᠰᠡᠭ ᠤᠨ ᠬᠡᠰᠡᠭ ᠭᠠᠵᠠᠷ ᠣᠷᠣᠨ ᠪᠣᠯ ᠲᠥᠬᠦᠭᠡᠷᠦᠮᠵᠢᠲᠦ ᠲᠠᠷᠢᠶᠠᠯᠠᠩ ᠤᠨ ᠰᠠᠯᠬᠢᠨ ᠤ ᠭᠠᠮᠰᠢᠭ ᠤᠨ ᠳᠣᠣᠷ᠎ᠠ ᠵᠡᠷᠭᠡ ᠶᠢᠨ ᠲᠦᠭᠰᠢᠭᠦᠷᠢᠲᠡᠢ ᠭᠠᠵᠠᠷ ᠣᠷᠣᠨ ᠪᠣᠯᠣᠨ᠎ᠠ ︵ᠵᠢᠷᠤᠭ 6︶︔ 25 ᠤ ᠡᠳᠦᠷ᠂ ᠲᠦᠩᠯᠢᠶᠣᠣ ᠬᠤᠲᠠ ᠶᠢᠨ ᠵᠡᠭᠦᠨᠲᠡᠢ ᠬᠡᠰᠡᠭ ᠭᠠᠵᠠᠷ ᠣᠷᠣᠨ᠂ ᠰᠢᠯᠢ ᠶᠢᠨ ᠭᠤᠣᠯ ᠠᠶᠢᠮᠠᠭ ᠤᠨ ᠡᠮᠦᠨᠡᠭᠦᠷᠬᠢ ᠬᠡᠰᠡᠭ ᠭᠠᠵᠠᠷ ᠣᠷᠣᠨ ᠵᠢᠴᠢ ᠤᠯᠠᠭᠠᠨᠴᠠᠪ ᠬᠤᠲᠠ ᠶᠢᠨ ᠳᠤᠮᠳᠠ ᠬᠡᠰᠡᠭ ᠤᠨ ᠬᠡᠰᠡᠭ ᠭᠠᠵᠠᠷ ᠣᠷᠣᠨ ᠪᠣᠯ ᠲᠥᠬᠦᠭᠡᠷᠦᠮᠵᠢᠲᠦ ᠲᠠᠷᠢᠶᠠᠯᠠᠩ ᠤᠨ ᠰᠠᠯᠬᠢᠨ ᠤ ᠭᠠᠮᠰᠢᠭ ᠳᠣᠣᠷ᠎ᠠ ᠪᠤᠶᠤ ᠳᠤᠮᠳᠠ ᠵᠡᠷᠭᠡ ᠶᠢᠨ ᠲᠦᠭᠰᠢᠭᠦᠷᠢᠲᠡᠢ ᠭᠠᠵᠠᠷ ᠣᠷᠣᠨ ᠪᠣᠯᠣᠨ᠎ᠠ ︵ᠵᠢᠷᠤᠭ 7︶︔ 26  ᠠᠴᠠ 27 ᠤ ᠡᠳᠦᠷ ᠪᠣᠯᠲᠠᠯ᠎ᠠ ᠬᠥᠯᠥᠨ ᠪᠤᠶᠢᠷ ᠬᠤᠲᠠ  ᠶᠢᠨ ᠪᠠᠷᠠᠭᠤᠨᠳᠡᠬᠢ ᠪᠠ ᠵᠡᠭᠦᠨᠲᠡᠢ ᠬᠡᠰᠡᠭ ᠭᠠᠵᠠᠷ ᠣᠷᠣᠨ᠂ ᠵᠡᠭᠦᠨ ᠡᠮᠦᠨᠡᠲᠦ  ᠬᠡᠰᠡᠭ ᠤᠨ ᠬᠡᠰᠡᠭ ᠭᠠᠵᠠᠷ ᠣᠷᠣᠨ᠂ ᠳᠤᠮᠳᠠ ᠬᠡᠰᠡᠭ ᠤᠨ ᠡᠮᠦᠨᠡᠭᠦᠷᠬᠢ ᠪᠠ ᠪᠠᠷᠠᠭᠤᠨ ᠬᠡᠰᠡᠭ ᠤᠨ  ᠵᠡᠭᠦᠨ ᠪᠡᠶ᠎ᠡ ᠶᠢᠨ ᠬᠡᠰᠡᠭ ᠭᠠᠵᠠᠷ ᠣᠷᠣᠨ ᠪᠣᠯ ᠲᠥᠬᠦᠭᠡᠷᠦᠮᠵᠢᠲᠦ ᠲᠠᠷᠢᠶᠠᠯᠠᠩ ᠤᠨ ᠰᠠᠯᠬᠢᠨ ᠤ ᠭᠠᠮᠰᠢᠭ ᠳᠣᠣᠷ᠎ᠠ ᠪᠤᠶᠤ ᠳᠤᠮᠳᠠ ᠵᠡᠷᠭᠡ  ᠶᠢᠨ ᠲᠦᠭᠰᠢᠭᠦᠷᠢᠲᠡᠢ ᠭᠠᠵᠠᠷ ᠣᠷᠣᠨ ᠪᠣᠯᠣᠨ᠎ᠠ᠃ ᠡᠭᠦᠨ ᠳᠤ᠂ ᠬᠥᠯᠥᠨ ᠪᠤᠶᠢᠷ ᠬᠤᠲᠠ ᠶᠢᠨ ᠪᠠᠷᠠᠭᠤᠨ ᠬᠤᠶᠢᠲᠤ ᠬᠡᠰᠡᠭ᠂ ᠤᠯᠠᠭᠠᠨᠬᠠᠳᠠ ᠬᠤᠲᠠ ᠶᠢᠨ ᠳᠤᠮᠳᠠ ᠬᠡᠰᠡᠭ ᠤᠨ ᠬᠡᠰᠡᠭ ᠭᠠᠵᠠᠷ ᠣᠷᠣᠨ᠂ ᠤᠯᠠᠭᠠᠨᠴᠠᠪ ᠬᠤᠲᠠ ᠶᠢᠨ ᠳᠤᠮᠳᠠ ᠬᠡᠰᠡᠭ ᠵᠢᠴᠢ ᠵᠡᠭᠦᠨᠲᠡᠢ ᠬᠡᠰᠡᠭ ᠭᠠᠵᠠᠷ ᠣᠷᠣᠨ᠂ ᠪᠠᠶᠠᠨᠨᠠᠭᠤᠷ ᠬᠤᠲᠠ ᠶᠢᠨ ᠡᠮᠦᠨ᠎ᠡ ᠬᠡᠰᠡᠭ ᠵᠢᠴᠢ ᠵᠡᠭᠦᠨ ᠬᠡᠰᠡᠭ ᠤᠨ ᠬᠡᠰᠡᠭ ᠭᠠᠵᠠᠷ ᠣᠷᠣᠨ ᠪᠣᠯ ᠲᠥᠬᠦᠭᠡᠷᠦᠮᠵᠢᠲᠦ ᠲᠠᠷᠢᠶᠠᠯᠠᠩ ᠤᠨ ᠰᠠᠯᠬᠢᠨ ᠤ ᠭᠠᠮᠰᠢᠭ ᠤᠨ ᠥᠨᠳᠥᠷ ᠵᠡᠷᠭᠡ ᠶᠢᠨ ᠲᠦᠭᠰᠢᠭᠦᠷᠢᠲᠡᠢ ᠭᠠᠵᠠᠷ ᠣᠷᠣᠨ ᠪᠣᠯᠣᠨ᠎ᠠ ︵ᠵᠢᠷᠤᠭ 8︱9︶᠃ ᠰᠠᠯᠬᠢᠨ ᠤ ᠭᠠᠮᠰᠢᠭ ᠠᠴᠠ ᠪᠣᠯᠵᠤ ᠬᠦᠯᠡᠮᠵᠢ ᠶᠢᠨ ᠪᠦᠲᠦᠴᠡ ᠠᠮᠠᠷᠬᠠᠨ ᠡᠪᠳᠡᠭᠳᠡᠨ᠎ᠡ᠃ 11 ᠰᠠᠷ᠎ᠠ ᠶᠢᠨ 25 ᠤ ᠡᠳᠦᠷ ᠵᠡᠭᠦᠨ ᠡᠮᠦᠨᠡᠲᠦ ᠬᠡᠰᠡᠭ ᠤᠨ ᠵᠡᠭᠦᠨᠲᠡᠢ ᠭᠠᠵᠠᠷ ᠣᠷᠣᠨ ᠪᠣᠯ ᠲᠥᠬᠦᠭᠡᠷᠦᠮᠵᠢᠲᠦ ᠲᠠᠷᠢᠶᠠᠯᠠᠩ ᠤᠨ ᠴᠠᠰᠤ ᠵᠤᠳ ᠤᠨ ᠭᠠᠮᠰᠢᠭ ᠤᠨ ᠳᠣᠣᠷ᠎ᠠ ᠪᠤᠶᠤ ᠳᠤᠮᠳᠠ ᠵᠡᠷᠭᠡ ᠶᠢᠨ ᠲᠦᠭᠰᠢᠭᠦᠷᠢᠲᠡᠢ ᠭᠠᠵᠠᠷ ᠣᠷᠣᠨ ᠪᠣᠯᠣᠨ᠎ᠠ ︵ᠵᠢᠷᠤᠭ 10︶᠂ 26 ᠤ ᠡᠳᠦᠷ᠂ ᠬᠥᠯᠥᠨ ᠪᠤᠶᠢᠷ ᠬᠤᠲᠠ ᠶᠢᠨ ᠳᠤᠮᠳᠠ ᠬᠡᠰᠡᠭ ᠵᠢᠴᠢ ᠵᠡᠭᠦᠨ ᠬᠡᠰᠡᠭ ᠤᠨ ᠬᠡᠰᠡᠭ ᠭᠠᠵᠠᠷ ᠣᠷᠣᠨ ᠪᠣᠯ ᠲᠥᠬᠦᠭᠡᠷᠦᠮᠵᠢᠲᠦ ᠲᠠᠷᠢᠶᠠᠯᠠᠩ ᠤᠨ ᠴᠠᠰᠤ ᠵᠤᠳ ᠤᠨ ᠭᠠᠮᠰᠢᠭ ᠤᠨ ᠳᠣᠣᠷ᠎ᠠ ᠵᠡᠷᠭᠡ ᠶᠢᠨ ᠲᠦᠭᠰᠢᠭᠦᠷᠢᠲᠡᠢ ᠭᠠᠵᠠᠷ ᠣᠷᠣᠨ ᠪᠣᠯᠣᠨ᠎ᠠ ︵ᠵᠢᠷᠤᠭ 11︶᠃ ᠴᠠᠰᠤ ᠣᠷᠣᠭᠰᠠᠨ ᠴᠠᠭᠠᠭᠤᠷ ᠨᠢ ᠬᠦᠯᠡᠮᠵᠢ ᠶᠢᠨ ᠳᠣᠲᠣᠷᠠᠬᠢ ᠲᠠᠷᠢᠮᠠᠯ ᠤᠨ ᠭᠡᠷᠡᠯ ᠲᠤᠰᠬᠤ ᠳᠤ ᠠᠰᠢᠭ ᠦᠭᠡᠢ᠂ ᠬᠦᠯᠡᠮᠵᠢ ᠶᠢᠨ ᠪᠦᠲᠦᠴᠡ ᠠᠮᠠᠷᠬᠠᠨ ᠡᠪᠳᠡᠭᠳᠡᠬᠦ ᠪᠤᠶᠤ ᠨᠤᠷᠠᠨ᠎ᠠ᠃      ᠰᠡᠷᠭᠡᠶᠢᠯᠡᠬᠦ ᠠᠷᠭ᠎ᠠ ᠪᠣᠳᠣᠯᠭ᠎ᠠ᠄ ᠨᠢᠭᠡᠨᠲᠡ ᠬᠤᠷᠢᠶᠠᠭᠰᠠᠨ ᠲᠠᠷᠢᠮᠠᠯ ᠢ ᠴᠠᠭ ᠲᠤᠬᠠᠢ ᠳᠤᠨᠢ ᠪᠦᠲᠡᠭᠡᠬᠦ ᠪᠠ ᠬᠥᠮᠥᠷᠭᠡ ᠳᠤ ᠣᠷᠣᠭᠤᠯᠵᠤ᠂ ᠰᠠᠯᠬᠢ ᠨᠡᠪᠳᠡᠷᠡᠭᠦᠯᠬᠦ ᠶᠢ ᠠᠩᠬᠠᠷᠴᠤ᠂ ᠪᠣᠷᠣᠭᠠᠨ ᠴᠠᠰᠤ ᠲᠠᠢ ᠴᠠᠭ ᠠᠭᠤᠷ ᠤᠨ ᠠᠰᠢᠭ ᠦᠭᠡᠢ ᠨᠥᠯᠥᠭᠡ ᠶᠢ ᠪᠠᠭᠠᠰᠬᠠᠬᠤ ᠬᠡᠷᠡᠭᠲᠡᠢ᠃ ᠲᠠᠷᠢᠶᠠᠨ ᠭᠠᠵᠠᠷ ᠤᠨ ᠲᠥᠬᠦᠭᠡᠷᠦᠮᠵᠢᠲᠦ ᠲᠠᠷᠢᠮᠠᠯ ᠤᠨ ᠦᠢᠯᠡᠳᠪᠦᠷᠢᠯᠡᠯ ᠤᠨ ᠬᠥᠯᠳᠡᠬᠦ ᠠᠴᠠ ᠰᠡᠷᠭᠡᠶᠢᠯᠡᠬᠦ ᠰᠠᠯᠬᠢ ᠶᠢ ᠰᠡᠷᠭᠡᠶᠢᠯᠡᠬᠦ ᠪᠡᠯᠡᠳᠬᠡᠯ ᠢ ᠤᠷᠢᠳᠴᠢᠯᠠᠨ ᠰᠠᠶᠢᠲᠤᠷ ᠬᠢᠵᠦ᠂ ᠰᠠᠷᠠᠪᠴᠢ ᠶᠢᠨ ᠪᠦᠷᠬᠦᠪᠴᠢ ᠶᠢ ᠪᠠᠶᠢᠴᠠᠭᠠᠵᠤ᠂ ᠳᠤᠯᠠᠭᠠᠨ ᠬᠠᠳᠠᠭᠠᠯᠠᠬᠤ ᠪᠦᠲᠡᠭᠡᠯᠭᠡ ︵ᠬᠥᠰᠢᠭᠡ︶ ᠶᠢ ᠴᠠᠭ ᠲᠤᠬᠠᠢ ᠳᠤᠨᠢ ᠰᠡᠯᠪᠢᠨ ᠵᠠᠰᠠᠵᠤ᠂ ᠰᠠᠷᠠᠪᠴᠢ ᠶᠢᠨ ᠵᠢᠶᠠᠰᠠ ᠶᠢ ᠪᠥᠬᠦ ᠲᠠᠯ᠎ᠠ ᠪᠠᠷ ᠪᠠᠶᠢᠴᠠᠭᠠᠵᠤ᠂ ᠪᠦᠷᠬᠦᠪᠴᠢ ᠶᠢᠨ ᠤᠲᠠᠰᠤ ᠶᠢ ᠪᠠᠬᠢᠯᠡᠨ᠂ ᠳᠤᠯᠠᠭᠠᠨ ᠬᠠᠳᠠᠭᠠᠯᠠᠬᠤ ᠪᠦᠲᠡᠭᠡᠯᠭᠡ ︵ᠬᠥᠰᠢᠭᠡ︶ ᠶᠢ ᠳᠠᠷᠤᠵᠤ᠂ ᠰᠠᠷᠠᠪᠴᠢ ᠶᠢᠨ ᠲᠠᠰᠤᠭ ᠤᠨ ᠬᠦᠢᠲᠡᠨ ᠢ ᠳᠠᠭᠠᠭᠠᠬᠤ ᠳᠠᠷᠤᠯᠲᠠ ᠶᠢ ᠳᠠᠭᠠᠭᠠᠬᠤ ᠴᠢᠳᠠᠪᠤᠷᠢ ᠶᠢ ᠨᠡᠮᠡᠭᠳᠡᠭᠦᠯᠦᠨ᠎ᠡ᠃ ᠭᠡᠷ ᠤᠨ ᠳᠤᠯᠠᠭᠠᠨ ᠬᠡᠲᠦ ᠳᠣᠣᠷ᠎ᠠ ᠪᠠᠶᠢᠪᠠᠯ᠂ ᠳᠤᠯᠠᠭᠠᠨ  ᠢ ᠬᠠᠮᠠᠭᠠᠯᠠᠵᠤ ᠬᠦᠢᠲᠡᠨ  ᠢ ᠰᠡᠷᠭᠡᠶᠢᠯᠡᠬᠦ᠂ ᠲᠦᠷ ᠴᠠᠭ ᠳᠤᠯᠠᠭᠠᠯᠠᠬᠤ ᠲᠥᠬᠦᠭᠡᠷᠦᠮᠵᠢ ᠵᠡᠷᠭᠡ ᠳᠤᠯᠠᠭᠠᠨ  ᠢ ᠨᠡᠮᠡᠭᠳᠡᠭᠦᠯᠬᠦ ᠠᠷᠭ᠎ᠠ ᠬᠡᠮᠵᠢᠶ᠎ᠡ ᠪᠠᠷ ᠬᠥᠯᠳᠡᠭᠡᠬᠦ ᠭᠠᠮᠰᠢᠭ ᠡᠭᠦᠰᠬᠦ ᠠᠴᠠ ᠵᠠᠶᠢᠯᠠᠰᠬᠢᠨ᠎ᠡ᠃ ᠰᠠᠯᠬᠢ ᠨᠡᠪᠳᠡᠷᠡᠭᠦᠯᠬᠦ ᠠᠮᠠᠰᠠᠷ ᠢ ᠤᠷᠢᠳᠴᠢᠯᠠᠨ ᠬᠠᠭᠠᠵᠤ᠂ ᠬᠦᠯᠡᠮᠵᠢ ᠶᠢᠨ ᠡᠷᠬᠢᠨ ᠲᠣᠭᠤᠷᠢᠨ ᠤ ᠠᠮᠠᠷᠬᠠᠨ ᠬᠥᠪᠬᠦ ᠪᠣᠳᠠᠰ ᠢ ᠲᠣᠭᠲᠠᠪᠤᠷᠢᠵᠢᠭᠤᠯᠵᠤ᠂ ᠬᠦᠯᠡᠮᠵᠢ ᠶᠢᠨ ᠪᠦᠷᠬᠦᠪᠴᠢ ᠶᠢᠨ ᠡᠪᠳᠡᠷᠡᠬᠦ ᠶᠢ ᠰᠡᠷᠭᠡᠶᠢᠯᠡᠵᠦ᠂ ᠬᠥᠯᠳᠡᠬᠦ ᠠᠴᠠ ᠰᠡᠷᠭᠡᠶᠢᠯᠡᠵᠦ᠂ ᠶᠡᠭᠡ ᠰᠠᠯᠬᠢ ᠥᠩᠭᠡᠷᠡᠭᠰᠡᠨ ᠤ ᠲᠠᠷᠠᠭ᠎ᠠ ᠬᠦᠯᠡᠮᠵᠢ ᠶᠢᠨ ᠬᠤᠭ ᠲᠣᠭᠤᠰᠣ ᠶᠢ ᠴᠠᠭ ᠲᠤᠬᠠᠢ ᠳᠤᠨᠢ ᠴᠡᠪᠡᠷᠯᠡᠵᠦ᠂ ᠬᠦᠯᠡᠮᠵᠢ ᠶᠢᠨ ᠪᠦᠷᠬᠦᠪᠴᠢ ᠶᠢᠨ ᠭᠡᠷᠡᠯ ᠨᠡᠪᠲᠡᠷᠡᠬᠦ ᠴᠢᠨᠠᠷ ᠢ ᠰᠠᠶᠢᠵᠢᠷᠠᠭᠤᠯᠬᠤ ᠶᠢ ᠰᠠᠨᠠᠭᠤᠯᠤᠶ᠎ᠠ᠃ ᠬᠦᠯᠡᠮᠵᠢ ᠶᠢᠨ ᠳᠣᠲᠣᠷᠠᠬᠢ ᠲᠠᠷᠢᠮᠠᠯ ᠢ ᠬᠤᠷᠢᠶᠠᠪᠠᠰᠤ ᠵᠣᠬᠢᠬᠤ ᠶᠢ ᠨᠢ ᠭᠦᠢᠴᠡᠳ ᠬᠤᠷᠢᠶᠠᠬᠤ ᠶᠢᠨ ᠬᠠᠮᠲᠤ ᠰᠠᠯᠠᠭ᠎ᠠ ᠨᠠᠮᠠᠭ᠎ᠠ ᠶᠢ ᠨᠢ ᠲᠡᠭᠰᠢᠯᠡᠨ ᠰᠠᠯᠠᠭᠠᠯᠠᠬᠤ ᠶᠢ ᠪᠠᠭᠠᠰᠬᠠᠵᠤ᠂ ᠬᠥᠯᠳᠡᠵᠦ ᠬᠥᠯᠳᠡᠬᠦ ᠠᠶᠤᠯ ᠲᠠᠢ ᠪᠣᠯ ᠹᠣᠰᠹᠣᠷ ᠬᠦᠴᠢᠯ ᠤᠨ ᠬᠤᠶᠠᠷ ᠤᠰᠤᠲᠥ᠋ᠷᠥᠭᠴᠢᠲᠤ ᠺᠠᠯᠢ ᠶᠢ ᠵᠣᠬᠢᠬᠤ ᠬᠡᠮᠵᠢᠶ᠎ᠡ ᠪᠠᠷ ᠰᠦᠷᠴᠢᠨ ᠣᠷᠣᠭᠤᠯᠵᠤ᠂ ᠳᠣᠣᠷ᠎ᠠ ᠳᠤᠯᠠᠭᠠᠨ ᠶᠡᠭᠡ ᠰᠠᠯᠬᠢᠨ ᠤ ᠲᠥᠬᠦᠭᠡᠷᠦᠮᠵᠢᠲᠦ ᠲᠠᠷᠢᠶᠠᠯᠠᠩ ᠤᠨ ᠦᠢᠯᠡᠳᠪᠦᠷᠢᠯᠡᠯ ᠳᠤ ᠦᠵᠡᠭᠦᠯᠬᠦ ᠠᠰᠢᠭ ᠦᠭᠡᠢ ᠨᠥᠯᠥᠭᠡ ᠶᠢ ᠰᠡᠷᠭᠡᠶᠢᠯᠡᠨ᠎ᠡ᠃ ᠲᠡᠵᠢᠭᠡᠨ ᠦᠷᠡᠵᠢᠭᠦᠯᠬᠦ ᠡᠷᠦᠬᠡ ᠨᠢ ᠲᠡᠵᠢᠭᠡᠯ ᠪᠣᠷᠳᠤᠭ᠎ᠠ ᠡᠪᠡᠰᠦ ᠪᠣᠷᠳᠤᠭ᠎ᠠ ᠶᠢ ᠭᠦᠢᠴᠡᠳ ᠪᠡᠯᠡᠳᠬᠡᠵᠦ᠂ ᠲᠤᠶᠢᠯ ᠤᠨ ᠴᠠᠭ ᠠᠭᠤᠷ ᠠᠴᠠ ᠪᠣᠯᠤᠭᠰᠠᠨ ᠲᠡᠵᠢᠭᠡᠯ ᠪᠣᠷᠳᠤᠭ᠎ᠠ ᠡᠪᠡᠰᠦ ᠪᠣᠷᠳᠤᠭ᠎ᠠ ᠶᠢ ᠬᠠᠩᠭᠠᠯᠭ᠎ᠠ ᠪᠠ ᠵᠥᠭᠡᠭᠡᠪᠦᠷᠢᠯᠡᠬᠦ ᠳᠤ ᠬᠦᠴᠢᠷᠳᠡᠬᠦ ᠠᠴᠠ ᠰᠡᠷᠭᠡᠶᠢᠯᠡᠬᠦ ᠬᠡᠷᠡᠭᠲᠡᠢ᠃
1.png
      ᠵᠢᠷᠤᠭ 1   11 ᠰᠠᠷ᠎ᠠ ᠶᠢᠨ 23 ᠤ ᠡᠳᠦᠷ ᠥᠪᠥᠷ ᠮᠣᠩᠭᠤᠯ ᠣᠷᠣᠨ ᠤ ᠲᠥᠬᠦᠭᠡᠷᠦᠮᠵᠢᠲᠦ ᠲᠠᠷᠢᠶᠠᠯᠠᠩ ᠤᠨ ᠳᠣᠣᠷ᠎ᠠ ᠳᠤᠯᠠᠭᠠᠨ ᠤ ᠬᠦᠢᠲᠡᠨ ᠤ ᠭᠠᠮᠰᠢᠭ ᠤᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠳᠡᠰ ᠤᠨ ᠲᠠᠷᠬᠠᠯᠲᠠ ᠶᠢᠨ ᠵᠢᠷᠤᠭ
2.png
      ᠵᠢᠷᠤᠭ 2   11 ᠰᠠᠷ᠎ᠠ  ᠶᠢᠨ 24 ᠤ ᠡᠳᠦᠷ ᠥᠪᠥᠷ ᠮᠣᠩᠭᠤᠯ ᠣᠷᠣᠨ ᠤ ᠲᠥᠬᠦᠭᠡᠷᠦᠮᠵᠢᠲᠦ ᠲᠠᠷᠢᠶᠠᠯᠠᠩ ᠤᠨ ᠳᠣᠣᠷ᠎ᠠ ᠳᠤᠯᠠᠭᠠᠨ ᠤ ᠬᠦᠢᠲᠡᠨ ᠤ ᠭᠠᠮᠰᠢᠭ ᠤᠨ ᠲᠦᠭᠰᠢᠭᠦᠷᠢ  ᠶᠢ ᠤᠷᠢᠳᠴᠢᠯᠠᠨ ᠰᠡᠷᠡᠮᠵᠢᠯᠡᠭᠦᠯᠬᠦ ᠳᠡᠰ ᠤᠨ ᠲᠠᠷᠬᠠᠯᠲᠠ  ᠶᠢᠨ ᠵᠢᠷᠤᠭ
3.png
      ᠵᠢᠷᠤᠭ 3   11 ᠰᠠᠷ᠎ᠠ ᠶᠢᠨ 25 ᠤ ᠡᠳᠦᠷ ᠥᠪᠥᠷ ᠮᠣᠩᠭᠤᠯ ᠣᠷᠣᠨ ᠤ ᠲᠥᠬᠦᠭᠡᠷᠦᠮᠵᠢᠲᠦ ᠲᠠᠷᠢᠶᠠᠯᠠᠩ ᠤᠨ ᠳᠣᠣᠷ᠎ᠠ ᠳᠤᠯᠠᠭᠠᠨ ᠬᠦᠢᠲᠡᠨ ᠤ ᠭᠠᠮᠰᠢᠭ ᠤᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠲᠠᠰ ᠤᠨ ᠲᠠᠷᠬᠠᠯᠲᠠ ᠶᠢᠨ ᠵᠢᠷᠤᠭ
4.png
      ᠵᠢᠷᠤᠭ 4   11 ᠰᠠᠷ᠎ᠠ ᠶᠢᠨ 26 ᠤ ᠡᠳᠦᠷ ᠥᠪᠥᠷ ᠮᠣᠩᠭᠤᠯ ᠣᠷᠣᠨ ᠤ ᠲᠥᠬᠦᠭᠡᠷᠦᠮᠵᠢᠲᠦ ᠲᠠᠷᠢᠶᠠᠯᠠᠩ ᠤᠨ ᠳᠣᠣᠷ᠎ᠠ ᠳᠤᠯᠠᠭᠠᠨ ᠬᠦᠢᠲᠡᠨ ᠤ ᠭᠠᠮᠰᠢᠭ ᠤᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠲᠠᠰ ᠤᠨ ᠲᠠᠷᠬᠠᠯᠲᠠ ᠶᠢᠨ ᠵᠢᠷᠤᠭ
5.png
      ᠵᠢᠷᠤᠭ 5   11 ᠰᠠᠷ᠎ᠠ ᠶᠢᠨ 27 ᠤ ᠡᠳᠦᠷ ᠥᠪᠥᠷ ᠮᠣᠩᠭᠤᠯ ᠣᠷᠣᠨ ᠤ ᠲᠥᠬᠦᠭᠡᠷᠦᠮᠵᠢᠲᠦ ᠲᠠᠷᠢᠶᠠᠯᠠᠩ ᠤᠨ ᠳᠣᠣᠷ᠎ᠠ ᠳᠤᠯᠠᠭᠠᠨ ᠬᠦᠢᠲᠡᠨ ᠤ ᠭᠠᠮᠰᠢᠭ ᠤᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠳᠡᠰ ᠤᠨ ᠲᠠᠷᠬᠠᠯᠲᠠ ᠶᠢᠨ ᠵᠢᠷᠤᠭ
6.png
      ᠵᠢᠷᠤᠭ 6   11 ᠰᠠᠷ᠎ᠠ ᠶᠢᠨ 23 ᠤ ᠡᠳᠦᠷ ᠥᠪᠥᠷ ᠮᠣᠩᠭᠤᠯ ᠣᠷᠣᠨ ᠤ ᠲᠥᠬᠦᠭᠡᠷᠦᠮᠵᠢᠲᠦ ᠲᠠᠷᠢᠶᠠᠯᠠᠩ ᠤᠨ ᠶᠡᠭᠡ ᠰᠠᠯᠬᠢᠨ ᠤ ᠭᠠᠮᠰᠢᠭ ᠤᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠲᠠᠰ ᠤᠨ ᠲᠠᠷᠬᠠᠯᠲᠠ ᠶᠢᠨ ᠵᠢᠷᠤᠭ
7.png
      ᠵᠢᠷᠤᠭ 7   11 ᠰᠠᠷ᠎ᠠ ᠶᠢᠨ 25 ᠤ ᠡᠳᠦᠷ ᠥᠪᠥᠷ ᠮᠣᠩᠭᠤᠯ ᠣᠷᠣᠨ ᠤ ᠲᠥᠬᠦᠭᠡᠷᠦᠮᠵᠢᠲᠦ ᠲᠠᠷᠢᠶᠠᠯᠠᠩ ᠤᠨ ᠶᠡᠭᠡ ᠰᠠᠯᠬᠢᠨ ᠤ ᠭᠠᠮᠰᠢᠭ ᠤᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠲᠠᠰ ᠤᠨ ᠲᠠᠷᠬᠠᠯᠲᠠ ᠶᠢᠨ ᠵᠢᠷᠤᠭ
8.png
      ᠵᠢᠷᠤᠭ 8   11 ᠰᠠᠷ᠎ᠠ ᠶᠢᠨ 26 ᠤ ᠡᠳᠦᠷ ᠥᠪᠥᠷ ᠮᠣᠩᠭᠤᠯ ᠣᠷᠣᠨ ᠤ ᠲᠥᠬᠦᠭᠡᠷᠦᠮᠵᠢᠲᠦ ᠲᠠᠷᠢᠶᠠᠯᠠᠩ ᠤᠨ ᠶᠡᠭᠡ ᠰᠠᠯᠬᠢᠨ ᠤ ᠭᠠᠮᠰᠢᠭ ᠤᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠲᠠᠰ ᠤᠨ ᠲᠠᠷᠬᠠᠯᠲᠠ ᠶᠢᠨ ᠵᠢᠷᠤᠭ
9.png
      ᠵᠢᠷᠤᠭ 9   11 ᠰᠠᠷ᠎ᠠ ᠶᠢᠨ 27 ᠤ ᠡᠳᠦᠷ ᠥᠪᠥᠷ ᠮᠣᠩᠭᠤᠯ ᠣᠷᠣᠨ ᠤ ᠲᠥᠬᠦᠭᠡᠷᠦᠮᠵᠢᠲᠦ ᠲᠠᠷᠢᠶᠠᠯᠠᠩ ᠤᠨ ᠶᠡᠭᠡ ᠰᠠᠯᠬᠢᠨ ᠤ ᠭᠠᠮᠰᠢᠭ ᠤᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠲᠠᠰ ᠤᠨ ᠲᠠᠷᠬᠠᠯᠲᠠ ᠶᠢᠨ ᠵᠢᠷᠤᠭ
10.png
      ᠵᠢᠷᠤᠭ 10   11 ᠰᠠᠷ᠎ᠠ ᠶᠢᠨ 25 ᠤ ᠡᠳᠦᠷ ᠥᠪᠥᠷ ᠮᠣᠩᠭᠤᠯ ᠣᠷᠣᠨ ᠤ ᠲᠥᠬᠦᠭᠡᠷᠦᠮᠵᠢᠲᠦ ᠲᠠᠷᠢᠶᠠᠯᠠᠩ ᠤᠨ ᠴᠠᠰᠤ ᠵᠤᠳ ᠤᠨ ᠭᠠᠮᠰᠢᠭ ᠤᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠳᠡᠰ ᠤᠨ ᠲᠠᠷᠬᠠᠯᠲᠠ ᠶᠢᠨ ᠵᠢᠷᠤᠭ
11.png
      ᠵᠢᠷᠤᠭ 11   11 ᠰᠠᠷ᠎ᠠ ᠶᠢᠨ 26 ᠤ ᠡᠳᠦᠷ ᠥᠪᠥᠷ ᠮᠣᠩᠭᠤᠯ ᠣᠷᠣᠨ ᠤ ᠲᠥᠬᠦᠭᠡᠷᠦᠮᠵᠢᠲᠦ ᠲᠠᠷᠢᠶᠠᠯᠠᠩ ᠤᠨ ᠴᠠᠰᠤ ᠵᠤᠳ ᠤᠨ ᠭᠠᠮᠰᠢᠭ ᠤᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠳᠡᠰ ᠤᠨ ᠲᠠᠷᠬᠠᠯᠲᠠ ᠶᠢᠨ ᠵᠢᠷᠤᠭ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号