ᠥᠷᠭᠡᠰᠦᠲᠦ ᠬᠡᠮᠬᠡ ᠶᠢᠨ ᠲᠠᠷᠢᠬᠤ ᠮᠡᠷᠭᠡᠵᠢᠯ︱ᠥᠷᠭᠡᠰᠦᠲᠦ ᠬᠡᠮᠬᠡ ᠶᠢᠨ ᠪᠣᠷᠳᠣᠭᠤᠷ ᠤᠨ ᠬᠠᠮᠢᠶᠠᠷᠤᠯᠲᠠ
ᠨᠡᠶᠢᠲᠡᠯᠡᠭᠰᠡᠨ ᠴᠠᠭ᠄
2024/11/21
      ᠨᠢᠭᠡ᠂ ᠥᠷᠭᠡᠰᠦᠲᠦ ᠬᠡᠮᠬᠡ ᠶᠢᠨ ᠵᠡᠯᠡ ᠤᠶᠠᠬᠤ ᠮᠡᠷᠭᠡᠵᠢᠯ      ᠳᠠᠷᠤᠢ ᠭᠤᠸᠠ ᠶᠢᠨ ᠴᠢᠬᠢ ᠶᠢ ᠲᠤᠯᠬᠤ ᠵᠢᠶᠠᠰᠠᠨ ᠳᠡᠭᠡᠷ᠎ᠡ ᠲᠣᠭᠲᠠᠭᠠᠵᠤ ᠲᠠᠯᠪᠢᠨ᠎ᠠ᠃ ᠶᠡᠷᠦ ᠳᠡᠭᠡᠨ ᠡᠰᠢ ᠶᠢᠨ ᠥᠨᠳᠥᠷ 25cm ᠣᠷᠴᠢᠮ ᠠᠴᠠ ᠡᠬᠢᠯᠡᠨ ᠤᠶᠠᠵᠤ᠂ ᠳᠠᠷᠠᠭ᠎ᠠ ᠨᠢ 3 ~ 4 ᠨᠠᠪᠴᠢ ᠠᠯᠲᠠᠯᠠᠬᠤ ᠪᠦᠷᠢ ᠨᠢᠭᠡ ᠤᠳᠠᠭ᠎ᠠ ᠤᠶᠠᠵᠤ᠂ ᠶᠡᠷᠦ ᠳᠡᠭᠡᠨ ᠬᠡᠮᠬᠡ ᠶᠢᠨ ᠳᠣᠣᠷ᠎ᠠ 1~2 ᠦᠶ᠎ᠡ ᠳᠤ ᠤᠶᠠᠵᠤ᠂ ᠵᠡᠯᠡ ᠤᠶᠠᠬᠤ ᠬᠠᠮᠲᠤ  ᠳᠤᠨᠢ ᠣᠷᠢᠶᠠᠮᠠᠯ ᠰᠠᠬᠠᠯ ᠢ ᠠᠪᠴᠤ ᠬᠠᠶᠠᠨ᠂ ᠵᠡᠯ᠎ᠡ ᠶᠢ ᠣᠷᠢᠶᠠᠬᠤ ᠠᠷᠭ᠎ᠠ ᠶᠢ ᠬᠡᠷᠡᠭᠯᠡᠵᠦ᠂ ᠥᠨᠳᠥᠷ ᠤᠨ ᠬᠡᠮᠵᠢᠶ᠎ᠡ ᠶᠢ ᠳᠣᠷᠣᠭᠰᠢᠯᠠᠭᠤᠯᠤᠨ᠂ ᠲᠠᠯᠠᠭᠠᠷ ᠤᠷᠭᠤᠬᠤ ᠶᠢ ᠬᠤᠷᠢᠭᠯᠠᠨ᠎ᠠ᠃ ᠵᠡᠯ᠎ᠡ ᠤᠶᠠᠬᠤ  ᠨᠢ ᠪᠠᠰᠠ ᠥᠷᠭᠡᠰᠦᠲᠦ ᠬᠡᠮᠬᠡ ᠶᠢᠨ ᠤᠷᠭᠤᠯᠲᠠ ᠶᠢ ᠵᠣᠬᠢᠴᠠᠭᠤᠯᠬᠤ ᠦᠢᠯᠡᠳᠦᠯ ᠲᠠᠢ᠂ ᠤᠷᠭᠤᠴᠠ ᠮᠠᠭᠤᠲᠠᠢ ᠤᠷᠭᠤᠮᠠᠯ ᠢ ᠡᠷᠲᠡ ᠤᠶᠠᠵᠤ᠂ ᠰᠤᠯᠠ ᠤᠶᠠᠨ᠎ᠠ᠂ ᠤᠷᠭᠤᠴᠠ ᠰᠠᠶᠢᠲᠠᠢ ᠤᠷᠭᠤᠮᠠᠯ ᠢ ᠣᠷᠣᠢ ᠤᠶᠠᠵᠤ᠂ ᠴᠢᠩᠭ᠎ᠠ ᠤᠶᠠᠨ᠎ᠠ᠂ ᠥᠷᠭᠡᠰᠦᠲᠦ ᠬᠡᠮᠬᠡ ᠶᠢᠨ ᠤᠷᠭᠤᠯᠲᠠ ᠶᠢᠨ ᠴᠢᠭᠯᠡᠯ ᠢ ᠳᠣᠷᠣᠭᠰᠢ ᠤᠨᠵᠢᠭᠤᠯᠤᠨ᠂ ᠲᠡᠭᠦᠨ ᠤ ᠲᠠᠯᠠᠭᠠᠷ ᠤᠷᠭᠤᠯᠲᠠ ᠶᠢ ᠬᠢᠵᠠᠭᠠᠷᠯᠠᠵᠤ᠂ ᠰᠢᠮ᠎ᠡ ᠲᠡᠵᠢᠭᠡᠯ ᠢ ᠦᠷ᠎ᠡ ᠵᠢᠮᠢᠰ ᠲᠤ ᠬᠦᠷᠭᠡᠬᠦ ᠶᠢ ᠠᠬᠢᠭᠤᠯᠤᠨ᠎ᠠ᠃ ᠭᠠᠵᠠᠷ ᠲᠤ ᠤᠨᠠᠭᠰᠠᠨ ᠵᠡᠯ᠎ᠡ ᠶᠢᠨ ᠥᠷᠭᠡᠰᠦᠲᠦ ᠬᠡᠮᠬᠡ ᠶᠢ ᠳᠡᠭᠦᠵᠢᠯᠡᠭᠦᠷ ᠳᠡᠭᠡᠰᠦᠨ ᠤ ᠳᠡᠭᠡᠷ᠎ᠡ ᠲᠠᠯ᠎ᠠ ᠳᠤᠨᠢ ᠢᠯᠡᠭᠦᠬᠡᠨ ᠰᠢᠭ ᠦᠯᠡᠳᠡᠭᠡᠵᠦ ᠬᠠᠮᠠᠭᠠᠯᠠᠨ᠂ ᠴᠢᠬᠢ ᠶᠢᠨ ᠣᠷᠣᠢ ᠶᠢᠨ ᠬᠡᠰᠡᠭ ᠢ ᠰᠠᠷᠠᠪᠴᠢ ᠶᠢᠨ ᠣᠷᠣᠢ ᠳᠤ ᠣᠶᠢᠷᠠᠳᠬᠤ ᠦᠶ᠎ᠡ ᠳᠤ ᠵᠡᠯ᠎ᠡ ᠶᠢ  ᠨᠢ ᠤᠨᠵᠢᠭᠤᠯᠤᠨ᠂ ᠳᠡᠭᠡᠷ᠎ᠡ ᠲᠠᠯ᠎ᠠ ᠶᠢ ᠨᠢ ᠠᠯᠳᠠᠷᠠᠭᠠᠵᠤ᠂ ᠴᠢᠬᠢ ᠶᠢ ᠨᠢ ᠤᠨᠵᠢᠭᠤᠯᠤᠭᠰᠠᠨ ᠤ ᠳᠠᠷᠠᠭ᠎ᠠ ᠳᠠᠬᠢᠨ ᠤᠶᠠᠨ᠎ᠠ᠃      ᠬᠤᠶᠠᠷ᠂ ᠥᠷᠭᠡᠰᠦᠲᠦ ᠬᠡᠮᠬᠡ ᠬᠠᠶᠢᠯᠳᠠᠭ ᠤᠨ ᠰᠢᠯᠲᠠᠭᠠᠨ      ᠬᠡᠮᠬᠡ ᠶᠢᠨ ᠬᠠᠶᠢᠯᠬᠤ  ᠨᠢ ᠥᠷᠭᠡᠰᠦᠲᠦ ᠬᠡᠮᠬᠡ ᠶᠢ ᠪᠣᠶᠢᠵᠢᠭᠤᠯᠬᠤ ᠳᠤ ᠲᠦᠭᠡᠮᠡᠯ ᠣᠷᠣᠰᠢᠵᠤ ᠪᠠᠶᠢᠭ᠎ᠠ ᠦᠵᠡᠭᠳᠡᠯ ᠮᠥᠨ᠂ ᠢᠯᠠᠩᠭᠤᠶ᠎ᠠ ᠡᠮᠦᠨ᠎ᠡ ᠬᠤᠭᠤᠴᠠᠭᠠᠨ ᠳᠤ ᠬᠠᠮᠤᠭ ᠤᠨ ᠬᠦᠨᠳᠦ ᠨᠣᠴᠢᠲᠠᠢ ᠪᠠᠶᠢᠳᠠᠭ᠃ ᠬᠡᠮᠬᠡ ᠶᠢᠨ ᠬᠠᠶᠢᠯᠤᠬᠤ ᠰᠢᠯᠲᠠᠭᠠᠨ ᠨᠢ ᠴᠠᠭ ᠠᠭᠤᠷ ᠤᠨ ᠪᠠᠶᠢᠳᠠᠯ ᠮᠠᠭᠤ ᠠᠴᠠ ᠭᠠᠳᠠᠨ᠎ᠠ ᠪᠠᠰᠠ ᠳᠣᠣᠷᠠᠬᠢ ᠮᠡᠲᠦ ᠰᠢᠯᠲᠠᠭᠠᠨ ᠲᠠᠢ᠄ 1.ᠡᠭᠦᠯᠳᠡᠷ ᠨᠢ ᠠᠳᠠᠯᠢ ᠦᠭᠡᠢ᠂ ᠭᠠᠭᠴᠠ ᠪᠡᠯᠭᠡ ᠪᠠᠷ ᠵᠢᠮᠢᠰᠯᠡᠬᠦ ᠴᠢᠳᠠᠪᠤᠷᠢ ᠶᠢᠨ ᠴᠢᠩᠭ᠎ᠠ ᠰᠤᠯᠠ  ᠨᠢ ᠠᠳᠠᠯᠢ ᠦᠭᠡᠢ᠂ ᠬᠡᠮᠬᠡ ᠶᠢᠨ ᠬᠠᠶᠢᠯᠤᠬᠤ ᠬᠡᠮᠵᠢᠶ᠎ᠡ ᠨᠢ ᠠᠳᠠᠯᠢ ᠦᠭᠡᠢ᠃ 2.ᠳᠤᠯᠠᠭᠠᠨ ᠤ ᠬᠡᠮᠵᠢᠶ᠎ᠡ ᠨᠢ ᠲᠣᠬᠢᠷᠠᠮᠵᠢ ᠦᠭᠡᠢ᠂ ᠡᠳᠦᠷ ᠤᠨ ᠳᠤᠯᠠᠭᠠᠨ ᠤ ᠬᠡᠮᠵᠢᠶ᠎ᠡ ᠨᠢ 35℃ ᠠᠴᠠ ᠥᠨᠳᠥᠷ᠂ ᠰᠥᠨᠢ ᠶᠢᠨ ᠳᠤᠯᠠᠭᠠᠨ ᠤ ᠬᠡᠮᠵᠢᠶ᠎ᠡ ᠨᠢ 20℃ ᠠᠴᠠ ᠥᠨᠳᠥᠷ᠂ ᠬᠡᠮᠬᠡ ᠶᠢᠨ ᠵᠡᠯ᠎ᠡ ᠨᠢ ᠢᠯᠡᠷᠬᠡᠢ ᠲᠠᠯᠠᠭᠠᠷ ᠤᠷᠭᠤᠵᠤ᠂ ᠰᠢᠮ᠎ᠡ ᠲᠡᠵᠢᠭᠡᠯ ᠳᠤᠲᠠᠭᠳᠠᠬᠤ ᠶᠢᠨ ᠤᠯᠠᠮ ᠠᠴᠠ ᠭᠤᠸᠠ ᠬᠠᠶᠢᠯᠳᠠᠭ᠃ ᠳᠤᠯᠠᠭᠠᠨ ᠤ ᠬᠡᠮᠵᠢᠶ᠎ᠡ ᠬᠡᠲᠦ ᠳᠣᠣᠷ᠎ᠠ᠂ ᠡᠳᠦᠷ ᠤᠨ ᠳᠤᠯᠠᠭᠠᠨ 20℃ ᠠᠴᠠ ᠳᠣᠣᠷ᠎ᠠ᠂ ᠰᠥᠨᠢ ᠶᠢᠨ ᠳᠤᠯᠠᠭᠠᠨ 10℃ ᠠᠴᠠ ᠳᠣᠣᠷ᠎ᠠ ᠤᠴᠢᠷ ᠠᠴᠠ ᠬᠡᠷᠡᠯ ᠤᠨ ᠨᠡᠶᠢᠯᠡᠯᠭᠡ ᠶᠢᠨ ᠦᠢᠯᠡᠳᠦᠯ ᠢ ᠨᠥᠯᠥᠭᠡᠯᠡᠨ ᠰᠢᠮ᠎ᠡ ᠲᠡᠵᠢᠭᠡᠯ ᠬᠦᠷᠦᠯᠴᠡᠬᠦ ᠦᠭᠡᠢ ᠠᠴᠠ ᠭᠤᠸᠠ ᠬᠠᠶᠢᠯᠳᠠᠭ᠃      ᠭᠤᠷᠪᠠ᠂ ᠥᠷᠭᠡᠰᠦᠲᠦ ᠬᠡᠮᠬᠡ ᠶᠢᠨ ᠵᠢᠮᠢᠰᠯᠡᠬᠦ ᠬᠤᠭᠤᠴᠠᠭᠠᠨ ᠳᠠᠬᠢ ᠪᠣᠷᠳᠣᠭᠤᠷ ᠤᠰᠤᠨ ᠤ ᠬᠠᠮᠢᠶᠠᠷᠤᠯᠲᠠ      ᠡᠨᠡ ᠬᠤᠭᠤᠴᠠᠭ᠎ᠠ  ᠨᠢ ᠥᠷᠭᠡᠰᠦᠲᠦ ᠬᠡᠮᠬᠡ ᠶᠢᠨ ᠤᠷᠭᠤᠯᠲᠠ ᠬᠠᠮᠤᠭ ᠤᠨ ᠥᠷᠨᠢᠭᠦᠨ ᠴᠠᠭ ᠬᠤᠭᠤᠴᠠᠭ᠎ᠠ ᠪᠣᠯᠣᠨ᠎ᠠ᠂ ᠠᠭᠠᠷ ᠤᠨ ᠳᠤᠯᠠᠭᠠᠨ ᠲᠣᠬᠢᠷᠠᠮᠵᠢᠲᠠᠢ ᠪᠠᠶᠢᠳᠠᠯ ᠳᠣᠣᠷ᠎ᠠ᠂ ᠳᠤᠮᠳᠠᠴᠢ ᠪᠠᠷ ᠨᠢᠭᠡ ᠡᠳᠦᠷ ᠬᠠᠭᠠᠰ ᠲᠤ ᠨᠢᠭᠡ ᠨᠠᠪᠴᠢ ᠤᠷᠭᠤᠵᠤ᠂ ᠶᠡᠭᠡ ᠬᠡᠮᠵᠢᠶ᠎ᠡ ᠪᠠᠷ ᠴᠡᠴᠡᠭ ᠳᠡᠯᠭᠡᠷᠡᠨ ᠵᠢᠮᠢᠰᠯᠡᠵᠦ᠂ ᠵᠢᠮᠢᠰ ᠤᠨ ᠤᠷᠭᠤᠯᠲᠠ ᠶᠢᠨ ᠬᠡᠮᠵᠢᠶ᠎ᠡ ᠨᠢ ᠶᠡᠭᠡ᠂ ᠬᠤᠷᠢᠶᠠᠬᠤ ᠬᠡᠮᠵᠢᠶ᠎ᠡ ᠨᠢ ᠠᠷᠪᠢᠨ᠂ ᠬᠡᠷᠡᠭᠰᠡᠬᠦ ᠤᠰᠤᠨ ᠤ ᠬᠡᠮᠵᠢᠶ᠎ᠡ ᠪᠠᠷ ᠬᠠᠮᠤᠭ ᠤᠨ ᠶᠡᠭᠡ ᠴᠠᠭ ᠬᠤᠭᠤᠴᠠᠭ᠎ᠠ ᠪᠣᠯᠣᠨ᠎ᠠ᠃ ᠤᠷᠭᠤᠮᠠᠯ ᠤᠨ ᠤᠰᠤᠨ ᠤ ᠬᠡᠷᠡᠭᠴᠡᠭᠡ ᠶᠢ ᠬᠠᠩᠭᠠᠵᠤ᠂ ᠦᠷᠭᠦᠯᠵᠢ ᠬᠥᠷᠥᠰᠥᠨ ᠤ ᠴᠢᠭᠢᠭᠯᠢᠭ ᠪᠠᠶᠢᠳᠠᠯ ᠢ ᠪᠠᠲᠤᠯᠠᠬᠤ ᠬᠡᠷᠡᠭᠲᠡᠢ᠃ ᠵᠠᠳᠠᠭᠠᠢ ᠥᠷᠭᠡᠰᠦᠲᠦ ᠬᠡᠮᠬᠡ ᠶᠢ ᠪᠣᠷᠣᠭᠠᠨ ᠣᠷᠣᠬᠤ ᠪᠠᠶᠢᠳᠠᠯ ᠲᠠᠢ ᠤᠶᠠᠯᠳᠤᠭᠤᠯᠤᠨ 6~7 ᠡᠳᠦᠷ ᠲᠤ ᠨᠢᠭᠡ ᠤᠳᠠᠭ᠎ᠠ ᠤᠰᠤᠯᠠᠵᠤ᠂ ᠵᠤᠨ ᠤ ᠤᠯᠠᠷᠢᠯ ᠳᠤ 3~4 ᠡᠳᠦᠷ ᠲᠤ ᠨᠢᠭᠡ ᠤᠳᠠᠭ᠎ᠠ ᠤᠰᠤᠯᠠᠵᠤ᠂ ᠬᠤᠶᠠᠷ ᠤᠳᠠᠭ᠎ᠠ ᠤᠰᠤᠯᠠᠪᠠᠯ ᠨᠢᠭᠡ ᠤᠳᠠᠭ᠎ᠠ ᠪᠣᠷᠳᠣᠭᠤᠷ ᠣᠷᠣᠭᠤᠯᠤᠨ᠎ᠠ᠂ ᠾᠧᠺᠲ᠋ᠠᠷ ᠪᠦᠷᠢ ᠳᠤ 150~225 ᠺᠢᠯᠣᠭ᠍ᠷᠠᠮ ᠰᠢᠭᠡᠰᠦᠯᠢᠭ ᠡᠳ᠋ ᠣᠷᠣᠭᠤᠯᠵᠤ᠂ ᠨᠢᠭᠡ ᠤᠳᠠᠭ᠎ᠠ ᠠᠯᠤᠰᠯᠠᠬᠤ ᠪᠦᠷᠢ 300 ᠺᠢᠯᠣᠭ᠍ᠷᠠᠮ ᠨᠡᠶᠢᠯᠡᠮᠡᠯ ᠪᠣᠷᠳᠣᠭᠤᠷ ᠨᠡᠮᠡᠵᠦ ᠣᠷᠣᠭᠤᠯᠤᠨ᠎ᠠ᠃ ᠶᠡᠭᠡ ᠪᠣᠷᠣᠭᠠᠨ ᠤ ᠳᠠᠷᠠᠭ᠎ᠠ ᠴᠠᠭ ᠲᠤᠬᠠᠢ ᠳᠤᠨᠢ ᠤᠰᠤ ᠵᠠᠯᠠᠬᠤ ᠬᠡᠷᠡᠭᠲᠡᠢ᠃ ᠬᠠᠮᠠᠭᠠᠯᠠᠯᠲᠠ ᠶᠢᠨ ᠭᠠᠵᠠᠷ ᠤᠨ ᠥᠷᠭᠡᠰᠦᠲᠦ ᠬᠡᠮᠬᠡ ᠶᠢ ᠨᠥᠬᠦᠴᠡᠯ ᠲᠠᠢ  ᠨᠢ ᠪᠦᠷᠬᠦᠪᠴᠢ ᠳᠤ ᠳᠤᠰᠤᠯᠭᠠᠨ ᠤᠰᠤᠯᠠᠬᠤ ᠮᠡᠷᠭᠡᠵᠢᠯ ᠢ ᠬᠡᠷᠡᠭᠯᠡᠨ᠎ᠡ᠃ ᠵᠢᠮᠢᠰᠯᠡᠭᠰᠡᠨ ᠤ ᠰᠡᠭᠦᠯᠴᠢ ᠶᠢᠨ ᠬᠤᠭᠤᠴᠠᠭᠠᠨ ᠳᠤ ᠤᠰᠤᠯᠠᠬᠤ ᠪᠠ ᠪᠣᠷᠳᠣᠭᠤᠷ ᠣᠷᠣᠭᠤᠯᠬᠤ ᠤᠳᠠᠭ᠎ᠠ ᠪᠠᠨ ᠪᠠᠭᠠᠰᠬᠠᠵᠤ᠂ ᠨᠠᠪᠴᠢᠨ ᠤ ᠭᠠᠳᠠᠷᠭᠤ ᠪᠠᠷ ᠪᠣᠷᠳᠣᠭᠤᠷ ᠰᠦᠷᠴᠢᠨ᠎ᠡ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号