ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ 2025 ᠣᠨ ᠤ ᠪᠥᠬᠦ ᠣᠷᠣᠨ ᠤ ᠪᠡᠯᠡ ᠮᠥᠩᠭᠦ ᠲᠥᠷᠥᠯ ᠵᠦᠢᠯ ᠢ ᠵᠣᠯᠭᠠᠭᠤᠯᠬᠤ ᠲᠣᠭᠲᠠᠭᠠᠯ ᠳᠤ ᠨᠡᠶᠢᠴᠡᠬᠦ ᠴᠢᠨᠠᠷ ᠢ ᠬᠢᠨᠠᠨ ᠬᠠᠷᠭᠤᠭᠤᠯᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/11/22
      ᠡᠳ᠋ ᠤᠨ ᠵᠠᠰᠠᠭ ᠢ ᠵᠣᠯᠭᠠᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠥᠬᠦᠪᠦᠷᠢ ᠪᠡᠯᠡ ᠮᠥᠩᠭᠦ ᠶᠢᠨ ᠲᠥᠷᠥᠯ ᠵᠦᠢᠯ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠤᠨ ᠴᠢᠩᠭᠠᠳᠬᠠᠵᠤ᠂ 2025 ᠣᠨ ᠤ ᠪᠡᠯᠡ ᠮᠥᠩᠭᠦ ᠲᠥᠷᠥᠯ ᠵᠦᠢᠯ ᠢ ᠡᠷᠲᠡᠬᠡᠨ ᠲᠥᠯᠥᠪᠵᠢᠭᠦᠯᠵᠦ᠂ ᠴᠠᠭᠲᠤᠬᠠᠢ ᠳᠤᠨᠢ ᠡᠬᠢᠯᠡᠭᠦᠯᠵᠦ᠂ ᠴᠠᠭ ᠲᠤᠬᠠᠢ ᠳᠤᠨᠢ ᠪᠡᠶᠡᠯᠡᠭᠦᠯᠬᠦ ᠶᠢ ᠪᠠᠲᠤᠯᠠᠬᠤ ᠶᠢᠨ ᠲᠥᠯᠥᠭᠡ᠂ 11 ᠰᠠᠷ᠎ᠠ ᠶᠢᠨ 16 ᠤ ᠡᠳᠦᠷ ᠠᠴᠠ 20 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ 2025 ᠣᠨ ᠤ ᠪᠥᠬᠦ ᠣᠷᠣᠨ ᠤ ᠪᠡᠯᠡ ᠮᠥᠩᠭᠦ ᠲᠥᠷᠥᠯ ᠵᠦᠢᠯ ᠢ ᠵᠣᠯᠭᠠᠭᠤᠯᠬᠤ ᠲᠣᠭᠲᠠᠭᠠᠯ ᠳᠤ ᠨᠡᠶᠢᠴᠡᠬᠦ ᠴᠢᠨᠠᠷ ᠢ ᠬᠢᠨᠠᠨ ᠬᠠᠷᠭᠤᠭᠤᠯᠬᠤ ᠬᠤᠷᠠᠯ ᠢ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠵᠠᠩ ᠭᠦᠸᠧ ᠬᠤᠷᠠᠯ ᠳᠤ ᠣᠷᠣᠯᠴᠠᠪᠠ᠃      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠬᠠᠪᠰᠤᠷᠤᠨ ᠲᠡᠳᠬᠦᠬᠦ ᠭᠠᠵᠠᠷ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠯᠪᠠᠰᠤᠷᠠᠭᠤᠯᠤᠯᠲᠠ ᠶᠢᠨ ᠵᠢᠯᠣᠭᠤᠳᠬᠤ ᠭᠠᠵᠠᠷ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠪᠠ ᠨᠡᠶᠢᠭᠡᠮ ᠤᠨ ᠠᠵᠢᠯ ᠦᠢᠯᠡᠰ ᠢ ᠠᠬᠢᠭᠤᠯᠬᠤ ᠭᠠᠵᠠᠷ᠂ ᠥᠭᠡᠷᠡᠴᠢᠯᠡᠯᠲᠡ ᠬᠢᠭᠡᠳ ᠬᠤᠷᠰᠢᠭᠰᠠᠨ ᠠᠵᠤ ᠠᠬᠤᠢ ᠶᠢᠨ ᠵᠢᠯᠣᠭᠤᠳᠬᠤ ᠭᠠᠵᠠᠷ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠪᠠ ᠠᠲᠠᠷ ᠬᠠᠭᠠᠯᠪᠤᠷᠢᠯᠠᠯᠲᠠ ᠶᠢᠨ ᠭᠠᠵᠠᠷ᠂ ᠵᠠᠬ᠎ᠠ ᠳᠡᠯᠭᠡᠭᠦᠷ ᠬᠢᠭᠡᠳ ᠭᠠᠳᠠᠭᠠᠳᠤ ᠬᠠᠮᠲᠤᠷᠠᠯᠴᠠᠭᠠᠨ ᠤ ᠭᠠᠵᠠᠷ᠂ ᠬᠥᠳᠡᠭᠡ ᠲᠣᠰᠬᠤᠨ ᠤ ᠬᠥᠭᠵᠢᠯᠲᠡ ᠮᠠᠨᠳᠤᠯᠲᠠ ᠶᠢ ᠠᠬᠢᠭᠤᠯᠬᠤ ᠲᠥᠪ ᠤᠨ ᠬᠠᠮᠢᠶ᠎ᠠ ᠪᠦᠬᠦᠢ ᠠᠵᠢᠯᠲᠠᠨ ᠢᠶᠠᠷ ᠪᠦᠷᠢᠯᠳᠦᠭᠰᠡᠨ ᠬᠢᠨᠠᠨ ᠬᠠᠷᠭᠤᠭᠤᠯᠬᠤ ᠳᠤᠭᠤᠶᠢᠯᠠᠩ ᠪᠠᠶᠢᠭᠤᠯᠵᠤ᠂ ᠲᠣᠰ ᠤᠳᠠᠭᠠᠨ ᠤ ᠮᠡᠳᠡᠭᠦᠯᠦᠭᠰᠡᠨ 937 ᠲᠥᠷᠥᠯ ᠵᠦᠢᠯ ᠳᠤ᠂ ᠪᠡᠯᠡ ᠮᠥᠩᠭᠦ ᠶᠢ ᠬᠡᠷᠡᠭᠯᠡᠬᠦ ᠴᠢᠭᠯᠡᠯ᠂ ᠳᠡᠮᠵᠢᠬᠦ ᠭᠤᠣᠯᠳᠠᠯᠭ᠎ᠠ᠂ ᠨᠠᠵᠠᠭᠠᠢ ᠲᠠᠯ᠎ᠠ ᠶᠢᠨ ᠨᠠᠷᠢᠨ ᠲᠠᠩᠰᠠ ᠶᠢ ᠵᠥᠷᠢᠴᠡᠭᠰᠡᠨ ᠵᠡᠷᠭᠡ ᠲᠠᠯ᠎ᠠ  ᠠᠴᠠ ᠲᠣᠭᠲᠠᠭᠠᠯ ᠳᠤ ᠨᠡᠶᠢᠴᠡᠬᠦ ᠴᠢᠨᠠᠷᠲᠠᠢ ᠬᠢᠨᠠᠨ ᠬᠠᠷᠭᠤᠭᠤᠯᠤᠯᠲᠠ ᠬᠢᠭᠰᠡᠨ ᠪᠥᠭᠡᠳ ᠲᠤᠬᠠᠢ ᠶᠢᠨ ᠲᠠᠯᠠᠪᠤᠷ ᠲᠤ ᠠᠶᠢᠮᠠᠭ ᠬᠤᠲᠠ ᠬᠤᠰᠢᠭᠤ ᠰᠢᠶᠠᠨ ᠳᠤ ᠰᠠᠨᠠᠯ ᠢᠶᠠᠨ ᠬᠠᠷᠢᠭᠤ ᠲᠤᠰᠬᠠᠪᠠ᠃      ᠬᠤᠷᠠᠯ ᠠᠴᠠ᠂ ᠬᠢᠨᠠᠨ ᠬᠠᠷᠭᠤᠭᠤᠯᠬᠤ ᠬᠤᠷᠠᠯ ᠤᠨ ᠬᠠᠷᠢᠭᠤ ᠲᠤᠰᠬᠠᠭᠰᠠᠨ ᠰᠠᠨᠠᠯ ᠶᠣᠰᠣᠭᠠᠷ᠂ 2025 ᠣᠨ ᠤ ᠲᠦᠷᠦᠯ ᠵᠦᠢᠯ ᠤᠨ ᠬᠥᠮᠥᠷᠭᠡ ᠪᠣᠯᠣᠨ ᠲᠥᠯᠥᠪᠯᠡᠭᠡ ᠶᠢ ᠬᠡᠷᠡᠭᠵᠢᠭᠦᠯᠬᠦ ᠲᠦᠷᠦᠯ ᠵᠦᠢᠯ ᠢ ᠲᠣᠬᠢᠷᠠᠭᠤᠯᠤᠨ ᠲᠡᠭᠦᠯᠳᠡᠷᠵᠢᠭᠦᠯᠵᠦ᠂ ᠪᠡᠯᠡ ᠮᠥᠩᠭᠦ ᠶᠢᠨ ᠳᠡᠮᠵᠢᠯᠭᠡ ᠶᠢᠨ ᠭᠤᠣᠯᠳᠠᠯᠭ᠎ᠠ ᠶᠢ ᠲᠤᠪᠤᠶᠢᠯᠭᠠᠵᠤ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠡᠯᠡ ᠮᠥᠩᠭᠦ ᠪᠣᠯᠣᠨ ᠲᠦᠷᠦᠯ ᠵᠦᠢᠯ ᠤᠨ ᠲᠣᠭᠲᠠᠭᠠᠯ ᠳᠤ ᠨᠡᠶᠢᠴᠡᠬᠦ᠂ ᠡᠮᠬᠢ ᠵᠢᠷᠤᠮ ᠲᠠᠢ᠂ ᠪᠦᠲᠦᠮᠵᠢᠲᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠨ ᠠᠬᠢᠭᠤᠯᠵᠤ᠂ 2025 ᠣᠨ ᠤ ᠲᠦᠷᠦᠯ ᠵᠦᠢᠯ ᠤᠨ ᠬᠥᠮᠥᠷᠭᠡ ᠶᠢᠨ ᠨᠥᠭᠡᠴᠡ ᠪᠣᠯᠣᠨ ᠲᠥᠯᠥᠪᠯᠡᠭᠡ ᠶᠢ ᠬᠡᠷᠡᠭᠵᠢᠭᠦᠯᠬᠦ ᠲᠦᠷᠦᠯ ᠵᠦᠢᠯ ᠤᠨ ᠳᠠᠩᠰᠠᠯᠠᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠡᠯ᠎ᠡ ᠵᠦᠢᠯ ᠤᠨ ᠠᠵᠢᠯ ᠢ ᠳᠠᠷᠤᠶᠢᠬᠠᠨ ᠭᠠᠷᠳᠠᠨ ᠬᠢᠵᠦ᠂ 2025 ᠣᠨ ᠤ ᠪᠡᠯᠡ ᠮᠥᠩᠭᠦ ᠶᠢ ᠵᠣᠯᠭᠠᠭᠤᠯᠬᠤ ᠲᠦᠷᠦᠯ ᠵᠦᠢᠯ ᠢ ᠤᠷᠤᠭᠰᠢᠲᠠᠢ ᠬᠡᠷᠡᠭᠵᠢᠭᠦᠯᠬᠦ ᠳᠤ ᠰᠠᠭᠤᠷᠢ ᠲᠠᠯᠪᠢᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠠᠵᠤ ᠦᠢᠯᠡᠰ ᠤᠨ ᠲᠦᠷᠦᠯ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠰ ᠤᠨ ᠬᠥᠭᠵᠢᠯᠲᠡ ᠶᠢ ᠭᠤᠣᠯᠳᠠᠯᠭ᠎ᠠ ᠲᠠᠢ ᠳᠡᠮᠵᠢᠵᠦ᠂ ᠵᠣᠯᠭᠠᠭᠤᠯᠬᠤ ᠪᠡᠯᠡ ᠮᠥᠩᠭᠦ ᠶᠢ ᠠᠵᠤ ᠦᠢᠯᠡᠰ ᠲᠤ ᠬᠡᠷᠡᠭᠯᠡᠬᠦ ᠬᠠᠷᠢᠴᠠᠯ ᠢ 70%  ᠠᠴᠠ ᠳᠣᠣᠷ᠎ᠠ ᠪᠠᠶᠢᠯᠭᠠᠬᠤ ᠦᠭᠡᠢ ᠪᠠᠶᠢᠬᠤ ᠶᠢ ᠲᠣᠳᠣᠷᠬᠠᠶᠢᠯᠠᠬᠤ ᠬᠡᠷᠡᠭᠲᠡᠢ᠃ ᠴᠢᠬᠤᠯᠠ ᠶᠡᠭᠡ ᠲᠥᠷᠥᠯ ᠵᠦᠢᠯ ᠢ ᠴᠢᠩᠭ᠎ᠠ ᠠᠩᠬᠠᠷᠴᠤ᠂ ᠪᠡᠯᠡ ᠣᠷᠣᠭᠤᠯᠤᠯᠲᠠ ᠶᠢᠨ ᠬᠡᠪᠴᠢᠶ᠎ᠡ ᠨᠢ 500 ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢ ᠪᠣᠯᠤᠭᠰᠠᠨ ᠪᠠᠶᠢᠪᠠᠯ᠂ ᠲᠥᠷᠥᠯ ᠵᠦᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠡᠭᠦᠷᠭᠡ ᠲᠤᠰᠢᠶᠠᠯ ᠢᠶᠠᠨ ᠭᠦᠢᠴᠡᠳᠬᠡᠭᠰᠡᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠵᠣᠯᠭᠠᠭᠤᠯᠤᠭᠰᠠᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠵᠠᠢ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号