11 ᠰᠠᠷ᠎ᠠ ᠶᠢᠨ 15 ᠤ ᠡᠳᠦᠷ᠂ ᠥᠪᠥᠷ ᠮᠣᠩᠭᠤᠯ ᠤᠨ ᠴᠡᠴᠡᠭ ᠡᠪᠡᠰᠦᠨ ᠤ ᠪᠠᠷᠢᠮᠵᠢᠶᠠᠲᠤ ᠮᠡᠷᠭᠡᠵᠢᠯ ᠤᠨ | ᠵᠥᠪᠯᠡᠯ ᠠᠩᠬᠠᠳᠤᠭᠠᠷ ᠬᠤᠭᠤᠴᠠᠭᠠᠨ ᠤ ᠪᠥᠬᠦ ᠣᠷᠣᠨ ᠤ ᠵᠡᠮᠳᠡᠭᠴᠦᠳ ᠤᠨ ᠴᠡᠴᠡᠷᠯᠢᠭ ᠤᠨ ᠤᠷᠠᠯᠢᠭ ᠤᠨ ᠴᠡᠴᠡᠭ | ᠬᠠᠳᠬᠤᠬᠤ ᠬᠡᠷᠡᠭᠯᠡᠭᠡᠨ ᠤ ᠤᠷ᠎ᠠ ᠮᠡᠷᠭᠡᠵᠢᠯ ᠤᠨ ᠪᠣᠯᠪᠠᠰᠤᠷᠠᠯ ᠤᠨ ᠠᠩᠭᠢ ᠡᠷᠬᠢᠯᠡᠵᠦ᠂ ᠴᠡᠴᠡᠷᠯᠢᠭ ᠤᠨ ᠤᠷᠠᠯᠢᠭ ᠤᠨ | ᠴᠡᠴᠡᠭ ᠡᠪᠡᠰᠦ ᠳᠠᠷᠢᠬᠤ ᠮᠡᠷᠭᠡᠵᠢᠯ ᠤᠨ ᠳᠦᠷᠢᠮ ᠵᠡᠷᠭᠡ ᠬᠠᠮᠢᠶ᠎ᠠ ᠪᠦᠬᠦᠢ ᠪᠠᠷᠢᠮᠵᠢᠶ᠎ᠠ ᠶᠢ ᠤᠬᠠᠭᠤᠯᠤᠨ | ᠲᠤᠭᠤᠰᠢᠯᠠᠭᠤᠯᠬᠤ ᠠᠵᠢᠯ ᠢ ᠥᠷᠨᠢᠭᠦᠯᠪᠡ᠃ | | | | | | | | ᠲᠣᠰ ᠤᠳᠠᠭᠠᠨ ᠤ ᠪᠠᠷᠢᠮᠵᠢᠶ᠎ᠠ ᠶᠢ ᠤᠬᠠᠭᠤᠯᠤᠨ ᠲᠤᠭᠤᠰᠢᠯᠠᠭᠤᠯᠬᠤ ᠠᠵᠢᠯ ᠢ ᠣᠨᠣᠯ ᠪᠠ ᠦᠢᠯᠡᠳᠦᠯᠭᠡ ᠶᠢ | ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠭᠤᠯᠵᠤ᠂ ᠲᠤᠰᠬᠠᠢ ᠮᠡᠷᠭᠡᠵᠢᠯᠲᠡᠨ ᠬᠢᠴᠢᠶᠡᠯᠯᠡᠬᠦ ᠪᠠ ᠲᠤᠬᠠᠢ ᠶᠢᠨ | ᠲᠠᠯᠠᠪᠤᠷ ᠤᠨ ᠵᠢᠭᠠᠨ ᠰᠤᠷᠭᠠᠯᠲᠠ ᠪᠠᠷ ᠳᠠᠮᠵᠢᠭᠤᠯᠤᠨ᠂ ︽DB15/T 2926.3︱2023 ᠰᠣᠩᠭᠢᠨ᠎ᠠ ᠶᠢᠨ | ᠲᠥᠷᠥᠯ ᠤᠨ ᠤᠷᠭᠤᠮᠠᠯ ᠤᠨ ᠦᠢᠯᠡᠳᠪᠦᠷᠢᠯᠡᠯ ᠤᠨ ᠮᠡᠷᠭᠡᠵᠢᠯ ᠤᠨ ᠳᠦᠷᠢᠮ ᠤᠨ 3 ᠳ᠋ᠤᠭᠠᠷ ᠬᠡᠰᠡᠭ᠄ ᠤᠮᠠᠷᠠᠲᠤ ᠶᠢᠨ | ᠰᠣᠩᠭᠢᠨ᠎ᠠ︾ ᠵᠢᠴᠢ ᠴᠡᠴᠡᠭ ᠤᠨ ᠨᠡᠷᠡᠶᠢᠳᠦᠯ᠂ ᠨᠡᠷ᠎ᠡ ᠲᠣᠮᠢᠶ᠎ᠠ᠂ ᠴᠡᠴᠡᠭ ᠡᠪᠡᠰᠦ ᠳᠠᠷᠢᠬᠤ᠂ ᠴᠡᠴᠡᠭ ᠡᠪᠡᠰᠦᠨ ᠤ | ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠵᠡᠷᠭᠡ ᠬᠤᠯᠪᠣᠭᠳᠠᠯ ᠪᠦᠬᠦᠢ ᠮᠡᠷᠭᠡᠵᠢᠯ ᠤᠨ | ᠳᠦᠷᠢᠮ ᠳᠤ ᠲᠤᠰᠬᠠᠢ ᠮᠡᠷᠭᠡᠵᠢᠯ ᠤᠨ ᠲᠠᠶᠢᠯᠤᠮᠵᠢ ᠬᠢᠵᠡᠢ᠃ ᠬᠥᠬᠡᠬᠤᠲᠠ ᠶᠢᠨ ᠤᠷᠭᠤᠮᠠᠯ ᠤᠨ ᠬᠦᠷᠢᠶᠡᠯᠡᠩ ᠤᠨ | ᠾᠸᠢ ᠱᠠ ᠲᠦ᠋ ᠰᠠᠭᠤᠷᠢᠨ ᠭᠠᠵᠠᠷ ᠲᠤ᠂ ᠪᠣᠯᠪᠠᠰᠤᠷᠠᠯ ᠳᠤ ᠣᠷᠣᠯᠴᠠᠭᠰᠠᠳ ᠭᠠᠷ ᠬᠥᠳᠡᠯᠦᠨ ᠦᠢᠯᠡᠳᠦᠯᠭᠡ ᠳᠤ | ᠣᠷᠣᠯᠴᠠᠨ᠂ ᠬᠢᠴᠢᠶᠡᠯᠯᠡᠵᠦ ᠪᠠᠶᠢᠭ᠎ᠠ ᠪᠠᠭᠰᠢ ᠲᠤᠬᠠᠢ ᠶᠢᠨ ᠲᠠᠯᠠᠪᠠᠢ ᠳᠤ ᠮᠠᠳᠠᠭ ᠲᠠᠢ ᠠᠰᠠᠭᠤᠳᠠᠯ ᠢ ᠲᠠᠶᠢᠯᠪᠤᠷᠢᠯᠠᠵᠤ᠂ | ᠬᠢᠴᠢᠶᠡᠯ ᠤᠨ ᠲᠠᠩᠬᠢᠮ ᠤᠨ ᠠᠭᠤᠷ ᠠᠮᠢᠰᠬᠤᠯ ᠬᠦᠷ ᠬᠥᠭᠵᠢᠶᠡᠨ ᠲᠠᠢ ᠪᠠᠶᠢᠯ᠎ᠠ᠃ ᠪᠣᠯᠪᠠᠰᠤᠷᠠᠯ ᠳᠤ ᠣᠷᠣᠯᠴᠠᠭᠰᠠᠳ | ᠰᠣᠷᠣᠭᠰᠠᠨ ᠢᠶᠠᠨ ᠬᠡᠷᠡᠭᠯᠡᠵᠦ᠂ ᠢᠲᠡᠭᠡᠯ ᠵᠣᠷᠢᠭ ᠢᠶᠠᠨ ᠪᠠᠲᠤᠳᠬᠠᠨ᠂ ᠠᠵᠢᠯᠴᠢ ᠬᠥᠳᠡᠯᠮᠦᠷᠢᠴᠢ ᠪᠠᠷ ᠢᠶᠠᠨ ᠰᠠᠶᠢᠨ | ᠰᠠᠶᠢᠬᠠᠨ ᠠᠮᠢᠳᠤᠷᠠᠯ ᠢᠶᠠᠨ ᠴᠣᠭᠴᠠᠯᠠᠨ᠎ᠠ ᠭᠡᠵᠦ ᠢᠯᠡᠷᠬᠡᠶᠢᠯᠡᠵᠡᠢ᠃ | | | | | | | | | ᠲᠠᠷᠠᠭᠠᠴᠢ ᠶᠢᠨ ᠠᠯᠬᠤᠮ ᠳᠤ᠂ ᠴᠡᠴᠡᠭ ᠡᠪᠡᠰᠦᠨ ᠤ ᠪᠠᠷᠢᠮᠵᠢᠶᠠᠲᠤ ᠮᠡᠷᠭᠡᠵᠢᠯ ᠤᠨ ᠵᠥᠪᠯᠡᠯ ᠨᠢ | ︽ᠪᠠᠷᠢᠮᠵᠢᠶ᠎ᠠ ᠲᠠᠢ ᠨᠢ ᠪᠠᠷᠢᠮᠵᠢᠶ᠎ᠠ ᠪᠠᠨ ᠨᠠᠶᠢᠳᠠᠪᠤᠷᠢᠵᠢᠭᠤᠯᠬᠤ᠂ ᠪᠠᠷᠢᠮᠵᠢᠶ᠎ᠠ ᠦᠭᠡᠢ ᠨᠢ ᠪᠠᠷᠢᠮᠵᠢᠶ᠎ᠠ ᠲᠣᠭᠲᠠᠭᠠᠬᠤ︾ | ᠵᠠᠷᠴᠢᠮ ᠶᠣᠰᠣᠭᠠᠷ᠂ ᠴᠡᠴᠡᠭ ᠡᠪᠡᠰᠦᠨ ᠤ ᠠᠵᠢᠯ ᠲᠥᠷᠥᠯ ᠳᠤ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ ᠣᠷᠣᠭᠤᠯᠬᠤ | ᠪᠠ ᠤᠬᠠᠭᠤᠯᠤᠨ ᠲᠤᠭᠤᠰᠢᠯᠠᠭᠤᠯᠬᠤ ᠠᠵᠢᠯ ᠢ ᠢᠳᠡᠪᠬᠢᠲᠡᠢ ᠥᠷᠨᠢᠭᠦᠯᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ | ᠵᠡᠷᠭᠡ ᠪᠠᠷ ᠬᠡᠷᠡᠭᠯᠡᠨ᠂ ᠮᠠᠨ ᠤ ᠣᠷᠣᠨ ᠤ ᠴᠡᠴᠡᠭ ᠡᠪᠡᠰᠦᠨ ᠤ ᠪᠠᠷᠢᠮᠵᠢᠶᠠᠵᠢᠭᠰᠠᠨ ᠦᠢᠯᠡᠳᠪᠦᠷᠢᠯᠡᠯ ᠳᠤ ᠬᠦᠴᠦᠨ | ᠨᠡᠮᠡᠷᠢᠯᠡᠨ᠎ᠡ᠃ |