ᠪᠠᠶᠠᠨᠨᠠᠭᠤᠷ ᠬᠤᠲᠠ ᠥᠪᠡᠷᠲᠡᠭᠡᠨ ᠵᠠᠰᠠᠬᠤ ᠣᠷᠣᠨ ᠢ ᠲᠥᠯᠥᠭᠡᠯᠡᠨ ᠳᠤᠮᠳᠠᠳᠤ ᠤᠯᠤᠰ ᠤᠨ ᠶᠠᠩ ᠯᠢᠩ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠦᠷ᠎ᠡ ᠪᠦᠲᠦᠭᠡᠯ ᠤᠨ ᠦᠵᠡᠰᠭᠦᠯᠡᠩ ᠳᠤ ᠣᠷᠣᠯᠴᠠᠪᠠ
ᠨᠡᠶᠢᠲᠡᠯᠡᠭᠰᠡᠨ ᠴᠠᠭ᠄
2024/11/22
      ᠲᠦᠷᠦᠭᠦᠬᠡᠨ ᠭᠤᠴᠢᠨ ᠨᠢᠭᠡᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠶᠠᠩ ᠯᠢᠩ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠦᠷ᠎ᠡ ᠪᠦᠲᠦᠭᠡᠯ ᠤᠨ ᠦᠵᠡᠰᠭᠦᠯᠡᠩ ᠱᠠᠨᠰᠢ ᠮᠤᠵᠢ ᠶᠢᠨ ᠶᠠᠩ ᠯᠢᠩ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠭᠦ ᠲᠣᠭᠤᠷᠢᠭ ᠲᠤ ᠶᠠᠪᠤᠭᠳᠠᠵᠤ᠂ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠭᠦ ᠲᠣᠭᠤᠷᠢᠭ ᠨᠢ 58 ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ 61 ᠵᠠᠩᠭᠢᠯᠠᠭ᠎ᠠ ᠶᠢᠨ ᠮᠡᠷᠭᠡᠵᠢᠯ ᠪᠣᠯᠣᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠵᠢᠴᠢ 27 ᠭᠤᠣᠯᠳᠠᠯᠭ᠎ᠠ ᠲᠠᠢ ᠲᠣᠯᠣᠭᠠᠶᠢᠯᠠᠭᠴᠢ ᠠᠵᠤ ᠠᠬᠤᠶᠢᠯᠠᠯ ᠤᠨ 100 ᠭᠠᠷᠤᠢ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠢ ᠵᠣᠬᠢᠶᠠᠨ ᠪᠠᠶᠢᠭᠤᠯᠤᠨ ᠠᠩᠬ᠎ᠠ ᠤᠳᠠᠭ᠎ᠠ ᠦᠵᠡᠰᠭᠦᠯᠡᠩ ᠳᠤ ᠣᠷᠣᠯᠴᠠᠪᠠ᠃      ᠲᠤᠰ ᠤᠳᠠᠭᠠᠨ ᠤ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠦᠷ᠎ᠡ ᠪᠦᠲᠦᠭᠡᠯ ᠤᠨ ᠦᠵᠡᠰᠭᠦᠯᠡᠩ ᠨᠢ ︽ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ᠂ ᠲᠠᠷᠢᠶᠠᠯᠠᠩ ᠤᠨ ᠰᠢᠨ᠎ᠡ ᠢᠷᠡᠭᠡᠳᠦᠢ︾ ᠪᠠᠷ ᠭᠤᠣᠯ ᠰᠡᠳᠦᠪ ᠪᠤᠯᠭᠠᠵᠤ᠂ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠭᠦ ᠲᠣᠭᠤᠷᠢᠭ ᠨᠢ ᠰᠠᠭᠤᠷᠢ ᠪᠠᠶᠢᠳᠠᠯ᠂ ᠠᠵᠤ ᠦᠢᠯᠡᠰ ᠤᠨ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ᠂ ᠦᠢᠯᠡᠳᠬᠦᠨ ᠤ ᠳᠡᠯᠭᠡᠨ ᠦᠵᠡᠭᠦᠯᠭᠡ᠂ ᠭᠠᠳᠠᠭᠠᠳᠤ ᠲᠠᠢ ᠬᠠᠮᠲᠤᠷᠠᠯᠴᠠᠬᠤ ᠵᠡᠷᠭᠡ ᠲᠠᠪᠤᠨ ᠶᠡᠭᠡ ᠲᠠᠯ᠎ᠠ ᠪᠠᠷ ᠳᠡᠯᠭᠡᠨ ᠦᠵᠡᠭᠦᠯᠵᠡᠢ᠃      ᠲᠤᠬᠠᠢ ᠶᠢᠨ ᠲᠠᠯᠠᠪᠠᠢ ᠳᠤ ᠲᠤᠰᠬᠠᠢ ᠠᠵᠢᠯᠲᠠᠨ ᠠᠴᠠ ᠲᠣᠭᠤᠷᠢᠨ ᠦᠵᠡᠭᠰᠡᠳ ᠲᠤ ᠪᠠᠶᠠᠨᠨᠠᠭᠤᠷ ᠤᠨ ᠳᠡᠭᠡᠳᠦ ᠰᠢᠨ᠎ᠡ ᠮᠡᠷᠭᠡᠵᠢᠯ ᠵᠢᠴᠢ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠨ ᠲᠠᠨᠢᠯᠴᠠᠭᠤᠯᠵᠤ᠂ 6000 ᠭᠠᠷᠤᠢ ᠬᠥᠮᠥᠨ ᠪᠠᠶᠠᠨᠨᠠᠭᠤᠷ ᠤᠨ ᠣᠶᠢᠷ᠎ᠠ ᠶᠢᠨ ᠵᠢᠯ ᠤᠨ ᠮᠠᠯ ᠠᠵᠤ ᠠᠬᠤᠢ ᠲᠠᠷᠢᠶᠠᠯᠠᠩ ᠤᠨ ᠰᠢᠯᠢᠳᠡᠭ ᠬᠥᠭᠵᠢᠯᠲᠡ ᠶᠢᠨ ᠦᠷ᠎ᠡ ᠪᠦᠲᠦᠭᠡᠯ ᠢ ᠲᠤᠬᠠᠢ ᠶᠢᠨ ᠲᠠᠯᠠᠪᠠᠢ ᠳᠤ ᠣᠶᠢᠯᠠᠭᠠᠵᠤ ᠮᠡᠳᠡᠪᠡ᠃ ᠡᠭᠦᠨ ᠳᠤ ᠬᠤᠸᠠ ᠮᠧᠩ ᠠᠯᠠᠰᠢᠨ ᠬᠤᠨᠢᠨ ᠤ ᠰᠢᠨ᠎ᠡ ᠡᠭᠦᠯᠳᠡᠷ᠂ ᠨᠠᠷᠠᠨ ᠬᠤᠸᠠᠷ ᠤᠨ ᠲᠠᠪᠠᠭ ᠤᠨ ᠵᠢᠮᠢᠰ ᠤᠨ ᠴᠠᠪᠠᠤ᠂ ᠭᠦᠵᠡᠭᠡ ᠶᠢᠨ ᠴᠠᠭᠢᠯᠭᠠᠨ ᠬᠤᠮᠵᠢᠶ᠎ᠠ᠂ ᠠᠯᠠᠰᠢᠨ ᠬᠤᠨᠢᠨ ᠤ ᠳᠠᠭᠠᠯᠲᠠ ᠪᠦᠲᠦᠭᠡᠭᠳᠡᠬᠦᠨ ᠢ ᠥᠨᠳᠥᠷ ᠦᠨ᠎ᠡ ᠥᠷᠲᠡᠭ ᠲᠠᠢ ᠪᠠᠷ ᠠᠰᠢᠭᠯᠠᠬᠤ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠨᠢ ᠣᠯᠠᠨ ᠬᠥᠮᠥᠨ ᠤ ᠪᠠᠭ᠋ᠠᠷᠬᠠᠯ ᠢ ᠲᠠᠲᠠᠪᠠ᠃      ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠭᠦ ᠲᠣᠭᠤᠷᠢᠭ ᠨᠢ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ︽ᠦᠢᠯᠡᠳᠦᠯᠭᠡᠵᠢᠭᠦᠯᠦᠭᠴᠢ︾ ᠪᠤᠯᠬᠤ ᠪᠠᠷ ᠴᠢᠷᠮᠠᠶᠢᠵᠤ᠂ ᠲᠠᠷᠢᠶᠠᠯᠠᠩ ᠤᠨ ᠪᠣᠬᠢᠷᠳᠤᠯ ᠦᠭᠡᠢ ᠪᠠᠷ ᠭᠡᠯᠪᠡᠷᠢ ᠪᠠᠨ ᠬᠤᠪᠢᠷᠠᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠡᠨᠧᠷᠭᠢ ᠣᠯᠭᠤᠭᠰᠠᠨ ᠠᠵᠤ ᠦᠢᠯᠡᠰ ᠤᠨ ᠦᠶ᠎ᠡ ᠤᠯᠠᠷᠢᠯ ᠢ ᠴᠢᠩᠭᠠᠳᠬᠠᠬᠤ ᠶᠢ ᠦᠷᠭᠦᠯᠵᠢᠯᠡᠨ ᠠᠬᠢᠭᠤᠯᠵᠤ᠂ ᠲᠠᠷᠢᠶᠠᠯᠠᠩ ᠤᠨ ᠰᠢᠨ᠎ᠡ ᠢᠷᠡᠭᠡᠳᠦᠢ ᠶᠢ ᠡᠭᠦᠳᠦᠨ ᠪᠦᠲᠦᠭᠡᠬᠦ ᠳᠤ ᠬᠦᠴᠦᠲᠡᠢ ᠲᠦᠰᠢᠭ ᠲᠤᠯᠭᠠᠭᠤᠷᠢ ᠬᠠᠩᠭᠠᠵᠤ᠂ ᠭᠠᠵᠠᠷ ᠣᠷᠣᠨ ᠤ ᠰᠢᠨ᠎ᠡ ᠶᠢ ᠡᠭᠦᠳᠬᠦ ᠴᠢᠳᠠᠪᠤᠷᠢ ᠶᠢ ᠳᠠᠶᠢᠴᠢᠯᠠᠨ ᠳᠡᠭᠡᠭᠰᠢᠯᠡᠭᠦᠯᠵᠦ᠂ ᠪᠦᠭᠦ ᠬᠤᠲᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠪᠣᠯᠣᠨ᠎ᠠ᠃
 
ᠢᠷᠡᠯᠲᠡ᠄ ᠳᠤᠮᠳᠠᠲᠦ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号