ᠮᠠᠨ ᠤ ᠣᠷᠣᠨ ᠪᠡᠯᠡ ᠤᠷᠤᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠨ ᠮᠠᠯ ᠠᠵᠤ ᠠᠬᠤᠢ ᠲᠠᠷᠢᠶᠠᠯᠠᠩ | ᠤᠨ ᠰᠠᠭᠤᠷᠢ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠮᠠᠯ ᠠᠵᠤ ᠠᠬᠤᠢ ᠲᠠᠷᠢᠶᠠᠯᠠᠩ ᠤᠨ ᠴᠢᠨᠠᠷ | ᠰᠠᠶᠢᠲᠠᠢ ᠬᠥᠭᠵᠢᠯᠲᠡ ᠶᠢᠨ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠵᠦ ᠪᠠᠶᠢᠨ᠎ᠠ᠃ | ᠡᠨᠡ ᠵᠢᠯ ᠮᠠᠨ ᠤ ᠣᠷᠣᠨ 850 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ | ᠪᠠᠶᠢᠭᠤᠯᠬᠤ ᠪᠠᠷ ᠲᠥᠯᠥᠪᠯᠡᠵᠦ᠂ 11 ᠰᠠᠷ᠎ᠠ ᠶᠢᠨ ᠰᠡᠭᠦᠯᠴᠢ ᠪᠤᠯᠲᠠᠯ᠎ᠠ ᠪᠦᠭᠦᠨ ᠢ ᠪᠦᠲᠦᠭᠡᠨ ᠪᠠᠶᠢᠭᠤᠯᠵᠤ | ᠳᠠᠭᠤᠰᠬᠠᠬᠤ ᠪᠠᠷ ᠪᠤᠢ᠃ ᠬᠠᠷ᠎ᠠ ᠬᠥᠷᠥᠰᠥ ᠶᠢ ᠬᠠᠮᠠᠭᠠᠯᠠᠬᠤ᠂ ᠬᠤᠵᠢᠷᠯᠢᠭ ᠲᠠᠷᠢᠶᠠᠨ ᠭᠠᠵᠠᠷ ᠢ ᠵᠠᠰᠠᠵᠤ | ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ 2160 ᠲᠦᠮᠡᠨ ᠮᠦ ᠬᠠᠷ᠎ᠠ ᠬᠥᠷᠥᠰᠥᠲᠦ ᠲᠠᠷᠢᠶᠠᠨ ᠭᠠᠵᠠᠷ ᠲᠤ | ᠬᠠᠮᠠᠭᠠᠯᠠᠯᠲᠠ ᠶᠢᠨ ᠴᠢᠨᠠᠷᠲᠠᠢ ᠪᠠᠷ ᠲᠠᠷᠢᠶᠠᠯᠠᠬᠤ ᠡᠭᠦᠷᠭᠡ ᠶᠢ ᠪᠦᠭᠦᠨ ᠢ ᠪᠡᠶᠡᠯᠡᠭᠦᠯᠵᠦ᠂ ᠬᠤᠵᠢᠷᠯᠢᠭ ᠲᠠᠷᠢᠶᠠᠨ ᠭᠠᠵᠠᠷ | ᠢ ᠵᠠᠰᠠᠵᠤ ᠰᠠᠶᠢᠵᠢᠷᠠᠭᠤᠯᠤᠭᠰᠠᠨ ᠲᠠᠯᠠᠪᠠᠢ ᠶᠢ ᠰᠢᠨ᠎ᠡ ᠪᠠᠷ 50 ᠲᠦᠮᠡᠨ ᠮᠦ ᠨᠡᠮᠡᠭᠳᠡᠭᠦᠯᠪᠡ᠃ | ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠵᠤ᠂ ᠪᠣᠷᠣᠳᠣᠬᠤᠢ | ᠶᠢᠨ ᠤᠰᠤᠯᠠᠯᠲᠠ ᠶᠢᠨ ᠣᠷᠣᠨ᠂ ᠳᠥᠷᠥᠭᠡᠨ ᠠᠮᠠᠰᠠᠷ ᠤᠨ ᠤᠰᠤ ᠲᠠᠲᠠᠬᠤ ᠤᠰᠤᠯᠠᠯᠲᠠ ᠶᠢᠨ ᠣᠷᠣᠨ ᠵᠡᠷᠭᠡ 2 | ᠲᠣᠮᠣ ᠭᠡᠯᠪᠡᠷᠢ ᠶᠢᠨ ᠤᠰᠤᠯᠠᠯᠲᠠ ᠶᠢᠨ ᠣᠷᠣᠨ ᠪᠠ 9 ᠳᠤᠮᠳᠠ ᠭᠡᠯᠪᠡᠷᠢ ᠶᠢᠨ ᠤᠰᠤᠯᠠᠯᠲᠠ ᠶᠢᠨ ᠣᠷᠣᠨ ᠤ | ᠲᠥᠷᠥᠯ ᠵᠦᠢᠯ ᠳᠤ ᠦᠷᠭᠦᠯᠵᠢᠯᠡᠨ ᠢᠵᠢ ᠪᠦᠷᠢᠳᠦᠭᠦᠯᠬᠦ ᠪᠠ ᠤᠰᠤ ᠠᠷᠪᠢᠯᠠᠬᠤ ᠥᠭᠡᠷᠡᠴᠢᠯᠡᠯᠲᠡ ᠬᠢᠵᠦ᠂ ᠮᠠᠯ ᠠᠵᠤ | ᠠᠬᠤᠢ ᠲᠠᠷᠢᠶᠠᠯᠠᠩ ᠤᠨ ᠬᠥᠭᠵᠢᠯᠲᠡ ᠳᠤ ᠪᠠᠲᠤ ᠪᠠᠬᠢ ᠤᠰᠤᠨ ᠠᠰᠢᠭᠯᠠᠯᠲᠠ ᠶᠢᠨ ᠪᠠᠲᠤᠯᠠᠭ᠎ᠠ ᠬᠠᠩᠭᠠᠵᠤ ᠪᠠᠶᠢᠨ᠎ᠠ᠃ | ᠡᠭᠦᠨ ᠤ ᠬᠠᠮᠲᠤ ᠲᠥᠬᠦᠭᠡᠷᠦᠮᠵᠢᠲᠦ ᠮᠠᠯ ᠠᠵᠤ ᠠᠬᠤᠢ ᠲᠠᠷᠢᠶᠠᠯᠠᠩ ᠢ ᠳᠡᠮᠵᠢᠬᠦ ᠠᠷᠭ᠎ᠠ ᠬᠡᠮᠵᠢᠶ᠎ᠡ ᠶᠢ ᠪᠦᠭᠦ ᠲᠠᠯ᠎ᠠ | ᠪᠠᠷ ᠨᠠᠶᠢᠳᠠᠪᠤᠷᠢᠵᠢᠭᠤᠯᠤᠨ 25.88 ᠲᠦᠮᠡᠨ ᠮᠦ ᠶᠢᠨ ᠲᠥᠬᠦᠭᠡᠷᠦᠮᠵᠢᠲᠦ ᠲᠠᠷᠢᠶᠠᠯᠠᠩ ᠤᠨ ᠪᠠᠷᠢᠯᠭ᠎ᠠ ᠶᠢ | ᠡᠬᠢᠯᠡᠭᠦᠯᠵᠦ᠂ ᠪᠠᠷᠢᠯᠭ᠎ᠠ ᠡᠬᠢᠯᠡᠭᠦᠯᠦᠭᠰᠡᠨ ᠨᠣᠷᠮ᠎ᠠ 109% ᠳᠤ ᠭᠦᠷᠴᠡᠶ︔ 280 ᠲᠦᠮᠡᠨ ᠲᠡᠭᠰᠢ ᠳᠥᠷᠪᠡᠯᠵᠢᠨ | ᠮᠧᠲᠷ ᠤᠨ ᠬᠠᠰᠢᠶ᠎ᠠ ᠰᠠᠷᠠᠪᠴᠢ ᠶᠢ ᠰᠢᠨ᠎ᠡ ᠪᠠᠷ ᠪᠠᠶᠢᠭᠤᠯᠵᠤ᠂ ᠡᠷᠦᠭᠡ ᠪᠠᠷ ᠭᠤᠣᠯ ᠪᠤᠯᠭᠠᠬᠰᠠᠨ᠂ ᠰᠤᠮᠤ ᠰᠢᠶᠠᠨ | ᠪᠠᠯᠭᠠᠰᠤ᠂ ᠭᠠᠴᠠᠭ᠎ᠠ ᠲᠤᠰᠬᠤᠨ ᠪᠠ ᠬᠤᠰᠢᠭᠤ ᠰᠢᠶᠠᠨ ᠢᠶᠠᠷ ᠨᠥᠬᠦᠪᠦᠷᠢ ᠪᠤᠯᠭᠠᠬᠰᠠᠨ ᠭᠤᠷᠪᠠᠨ ᠱᠠᠲᠤᠨ ᠤ ᠲᠡᠵᠢᠭᠡᠯ | ᠡᠪᠡᠰᠦ ᠨᠥᠭᠡᠴᠡᠯᠡᠬᠦ ᠰᠢᠰᠲ᠋ᠧᠮ ᠢ ᠪᠠᠶᠢᠭᠤᠯᠵᠤ᠂ ᠮᠠᠯ ᠠᠵᠤ ᠠᠬᠤᠢ ᠶᠢᠨ ᠦᠷᠭᠦᠯᠵᠢᠯᠡᠬᠦ ᠬᠥᠭᠵᠢᠯᠲᠡ ᠳᠤ ᠪᠠᠲᠤ | ᠪᠠᠬᠢ ᠲᠤᠯᠭᠠᠭᠤᠷᠢᠯᠠᠯ ᠬᠠᠩᠭᠠᠪᠠ᠃ |