ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠤᠳᠤᠷᠢᠳᠤᠯᠭ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ ︵ᠲᠠᠷᠢᠶᠠᠯᠠᠩ ᠮᠠᠯ ᠠᠵᠤ ᠠᠬᠤᠢ ᠶᠢᠨ ᠠᠮᠢ ᠠᠬᠤᠢ ᠬᠢᠭᠡᠳ ᠡᠬᠢ ᠪᠠᠶᠠᠯᠢᠭ ᠤᠨ ᠬᠠᠮᠠᠭᠠᠯᠠᠯᠲᠠ ᠶᠢᠨ ᠲᠦᠪ︶ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠤᠨᠤᠰᠪᠠ
ᠨᠡᠶᠢᠲᠡᠯᠡᠭᠰᠡᠨ ᠴᠠᠭ᠄
2024/11/26
      11 ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠵᠠᠩ ᠢᠦᠢ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ ᠲᠤ ᠬᠦᠷᠴᠦ᠂ ᠲᠥᠪ ᠤᠨ ᠬᠠᠷᠢᠭᠤᠴᠠᠯᠭᠠᠲᠠᠨ ᠨᠥᠬᠦᠳ ᠵᠢᠴᠢ ᠡᠯ᠎ᠡ ᠭᠤᠭᠴᠤᠭᠠᠨ ᠤ ᠺᠠᠳ᠋ᠷᠴᠤᠳ ᠲᠠᠢ ᠰᠠᠨᠠᠯ ᠢᠶᠠᠨ ᠰᠣᠯᠢᠯᠴᠠᠵᠤ᠂ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ 
图片1.png
       ᠡᠷᠬᠢᠯᠡᠭᠴᠢ ᠸᠠᠩ ᠶᠤᠸᠠᠢ ᠹᠧᠢ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ ᠢ ᠲᠦᠯᠦᠭᠡᠯᠡᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠳᠠᠷᠠᠭᠠᠬᠢ ᠨᠢᠭᠡᠴᠡ ᠶᠢᠨ ᠦᠨᠳᠦᠰᠦᠨ ᠪᠠᠶᠢᠳᠠᠯ᠂ ᠲᠤᠬᠠᠶᠢᠯᠠᠭᠰᠠᠨ ᠠᠵᠢᠯ ᠢᠶᠠᠨ ᠥᠷᠨᠢᠭᠦᠯᠦᠭᠰᠡᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠶᠢᠨ ᠲᠤᠬᠠᠢ ᠨᠢᠭᠡᠳ ᠨᠢᠭᠡ ᠪᠠᠷ ᠬᠠᠷᠢᠭᠤ ᠮᠡᠳᠡᠭᠦᠯᠦᠯᠲᠡ ᠬᠢᠪᠡ᠃ ᠡᠨᠡ ᠬᠤᠭᠤᠴᠠᠭᠠᠨ ᠳᠤ᠂ ᠳᠡᠳ᠋ ᠲᠢᠩᠬᠢᠮ ᠤᠨ ᠳᠠᠷᠤᠭ᠎ᠠ ᠵᠠᠩ ᠢᠦᠢ ᠪᠠᠶᠢᠳᠠᠯ ᠢ ᠪᠠᠶᠢᠨ ᠪᠠᠶᠢᠨ ᠠᠰᠠᠭᠤᠨ ᠣᠶᠢᠯᠠᠭᠠᠵᠤ᠂ ᠰᠦᠯᠢᠶᠥᠦ ᠪᠦᠷᠬᠦᠪᠴᠢ ᠶᠢ ᠬᠤᠣᠷ ᠦᠭᠡᠢ ᠪᠣᠯᠭᠠᠨ ᠰᠢᠢᠳᠪᠦᠷᠢᠯᠡᠬᠦ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠠᠰᠠᠭᠤᠳᠠᠯ᠂ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ᠂ ᠲᠠᠷᠢᠶᠠᠯᠠᠩ ᠤᠨ ᠲᠥᠷᠥᠯ ᠵᠦᠢᠯ ᠤᠨ ᠶᠠᠪᠤᠴᠠ ᠶᠢ ᠬᠢᠨᠠᠨ ᠬᠠᠮᠢᠶᠠᠷᠬᠤ ᠵᠡᠷᠭᠡ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃ ᠲᠥᠪ ᠤᠨ ᠬᠤᠪᠢᠳᠠᠨ ᠬᠠᠮᠢᠶᠠᠷᠴᠤ ᠪᠦᠬᠦᠢ ᠨᠥᠬᠦᠳ ᠪᠠ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠨᠥᠬᠦᠳ ᠲᠤᠰ ᠲᠤᠰ ᠨᠦᠬᠦᠪᠦᠷᠢᠯᠡᠪᠡ᠃ 
2.jpg
       ᠲᠢᠩᠬᠢᠮ ᠤᠨ ᠳᠡᠳ᠋ ᠳᠠᠷᠤᠭ᠎ᠠ ᠵᠠᠩ ᠢᠦᠢ ᠳ᠋ᠦᠩᠨᠡᠯᠲᠡ ᠶᠢᠨ ᠶᠠᠷᠢᠶ᠎ᠠ ᠲᠠᠯᠪᠢᠬᠤ ᠳᠠᠭᠠᠨ ᠴᠢᠬᠤᠯᠠᠴᠢᠯᠠᠭᠰᠠᠨ  ᠨᠢ᠂ ᠨᠠᠮ ᠤᠨ ᠲᠥᠪ ᠬᠤᠷᠢᠶ᠎ᠠ ᠪᠣᠯᠣᠨ ᠲᠥᠷᠥ ᠶᠢᠨ ᠶᠠᠪᠤᠳᠠᠯ ᠤᠨ ᠬᠤᠷᠢᠶ᠎ᠠ ᠲᠠᠷᠢᠶᠠᠯᠠᠩ ᠬᠥᠳᠡᠭᠡ ᠲᠣᠰᠬᠤᠨ ᠤ ᠠᠵᠢᠯ ᠢ ᠤᠯᠠᠮ ᠠᠴᠠ ᠤᠯᠠᠮ ᠴᠢᠬᠤᠯᠠᠴᠢᠯᠠᠵᠤ ᠪᠠᠶᠢᠨ᠎ᠠ᠃ ᠲᠠᠷᠢᠶᠠᠯᠠᠩ ᠮᠠᠯ ᠠᠵᠤ ᠠᠬᠤᠢ ᠪᠣᠯ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠠᠭᠤᠷᠢ ᠴᠢᠯᠠᠭᠤ ᠪᠠᠶᠢᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠴᠢᠬᠤᠯᠠ ᠲᠤᠯᠭᠠᠭᠤᠷᠢᠯᠠᠬᠤ ᠦᠢᠯᠡᠳᠦᠯ ᠲᠠᠢ ᠶᠤᠮ᠃ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠨᠢ ᠪᠢᠳᠡᠨ ᠳᠤ ᠲᠠᠷᠢᠶᠠᠯᠠᠩ ᠬᠥᠳᠡᠭᠡ ᠲᠣᠰᠬᠤᠨ ᠶᠡᠭᠡ ᠦᠢᠯᠡᠰ ᠢ ᠪᠦᠲᠦᠭᠡᠵᠦ ᠪᠣᠯᠤᠨ᠎ᠠ ᠭᠡᠰᠡᠨ ᠰᠠᠶᠢᠨ᠎ᠠ ᠱᠠᠭᠠᠷᠳᠠᠯᠭ᠎ᠠ ᠳᠤᠷᠠᠳᠪᠠ ᠭᠡᠪᠡ᠃      ᠳᠡᠳ᠋ ᠲᠢᠩᠬᠢᠮ ᠤᠨ ᠳᠠᠷᠤᠭ᠎ᠠ ᠵᠠᠩ ᠢᠦᠢ ᠠᠴᠠ ᠱᠠᠭᠠᠷᠳᠠᠭᠰᠠᠨ ᠨᠢ᠂ ᠨᠢᠭᠡ ᠳᠤ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮᠴᠢ ᠴᠢᠨᠠᠷ ᠤᠨ ᠲᠠᠨᠢᠯᠲᠠ ᠪᠠᠨ ᠴᠢᠩᠭᠠᠳᠬᠠᠬᠤ ᠬᠡᠷᠡᠭᠲᠡᠢ᠃ ᠢᠲᠡᠭᠡᠯ ᠵᠣᠷᠢᠭ ᠪᠠ ᠣᠮᠤᠭ ᠪᠠᠭ᠋ᠠᠳᠤᠯᠲᠤ ᠰᠡᠳᠬᠢᠯᠭᠡ ᠪᠠᠨ ᠨᠡᠮᠡᠭᠳᠡᠭᠦᠯᠵᠦ᠂ ᠵᠣᠭᠰᠣᠴᠠ ᠶᠢᠨ ᠤᠬᠠᠮᠰᠠᠷ᠂ ᠡᠵᠡᠨ ᠬᠥᠮᠥᠨ ᠤ ᠤᠬᠠᠮᠰᠠᠷ ᠲᠠᠢ ᠪᠠᠶᠢᠵᠤ᠂ ᠠᠵᠢᠯ ᠢᠶᠠᠨ ᠰᠠᠶᠢᠨ ᠬᠢᠬᠦ ᠢᠲᠡᠭᠡᠯ ᠵᠣᠷᠢᠭ ᠪᠠ ᠡᠷᠡᠰ ᠵᠣᠷᠢᠭ ᠲᠠᠢ ᠪᠠᠶᠢᠬᠤ ᠬᠡᠷᠡᠭᠲᠡᠢ᠃ ᠬᠤᠶᠠᠷ ᠲᠤ ᠤᠯᠤᠰ ᠲᠦᠷᠦ ᠶᠢᠨ ᠤᠨᠤᠯ ᠪᠠ ᠲᠤᠬᠠᠶᠢᠯᠠᠭᠰᠠᠨ ᠠᠵᠢᠯ ᠤᠨ ᠰᠤᠷᠤᠯᠴᠠᠯᠭ᠎ᠠ ᠶᠢ ᠴᠢᠩᠭᠠᠳᠬᠠᠬᠤ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ︽ᠲᠠᠷᠢᠶᠠᠯᠠᠩ ᠲᠠᠷᠢᠶᠠᠯᠠᠬᠤ ᠣᠷᠣᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠵᠤ᠂ ᠤᠯᠤᠰ ᠤᠨ ᠶᠡᠭᠡ ᠤᠴᠢᠷ ᠢ ᠪᠠᠲᠤ ᠴᠡᠭᠡᠵᠢᠯᠡᠵᠦ᠂ ᠡᠭᠦᠷᠢᠳᠡ ᠰᠤᠷᠤᠯᠴᠠᠵᠤ ᠡᠭᠦᠷᠢᠳᠡ ᠰᠢᠨ᠎ᠡ ᠶᠢ ᠡᠭᠦᠳᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠢᠯ ᠦᠢᠯᠡᠰ ᠤᠨ ᠨᠢᠭᠡᠴᠡ ᠶᠢᠨ ᠮᠡᠷᠭᠡᠵᠢᠯ ᠪᠣᠯ ᠵᠠᠩᠭᠢᠯᠠᠭ᠎ᠠ ᠪᠣᠯᠣᠨ᠎ᠠ᠂ ᠰᠤᠷᠤᠯᠴᠠᠬᠤ ᠠᠷᠭ᠎ᠠ ᠮᠠᠶ᠋ᠢᠭ ᠢᠶᠠᠨ ᠥᠷᠭᠡᠳᠬᠡᠵᠦ᠂ ᠦᠨᠳᠦᠰᠦᠨ ᠱᠠᠲᠤ᠂ ᠲᠠᠷᠢᠶᠠᠨ ᠭᠠᠵᠠᠷ᠂ ᠢᠨᠵᠧᠨᠧᠷᠢᠩ ᠤᠨ ᠲᠤᠬᠠᠢ ᠶᠢᠨ ᠲᠠᠯᠠᠪᠠᠶ ᠵᠢᠴᠢ ᠮᠠᠯᠴᠢᠨ ᠲᠠᠷᠢᠶᠠᠴᠢᠨ ᠤ ᠳᠤᠮᠳᠠ ᠭᠦᠨᠵᠡᠭᠡᠶᠢᠷᠡᠨ ᠰᠤᠷᠤᠯᠴᠠᠵᠤ᠂ ᠭᠠᠳᠠᠭᠰᠢ ᠭᠠᠷᠴᠤ ᠰᠤᠷᠤᠯᠴᠠᠬᠤ ᠬᠡᠷᠡᠭᠲᠡᠢ᠃ ᠰᠤᠷᠤᠯᠴᠠᠯᠭ᠎ᠠ ᠪᠠᠷ ᠳᠠᠮᠵᠢᠭᠤᠯᠤᠨ ᠡᠭᠦᠷᠭᠡᠯᠡᠨ ᠪᠣᠳᠠᠲᠠᠢ ᠶᠢ ᠡᠷᠬᠢᠮᠯᠡᠵᠦ᠂ ᠬᠠᠷᠠᠭ᠎ᠠ ᠪᠠᠨ ᠦᠷᠭᠡᠳᠭᠡᠬᠦ ᠬᠡᠷᠡᠭᠲᠡᠢ᠃ ᠭᠤᠷᠪᠠ ᠳᠤ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠬᠦ ᠬᠡᠷᠡᠭᠲᠡᠢ᠃ ᠰᠠᠶᠢᠨ ᠰᠠᠶᠢᠬᠠᠨ ᠬᠠᠮᠢᠶᠠᠷᠤᠯᠲᠠ ᠶᠢᠨ ᠪᠠᠶᠢᠭᠤᠯᠤᠯ᠂ ᠲᠣᠭᠲᠠᠴᠠ ᠶᠢ ᠪᠠᠶᠢᠭᠤᠯᠵᠤ᠂ ᠤᠳᠤᠷᠢᠳᠬᠤ ᠪᠠᠭ ᠢ ᠰᠠᠶᠢᠲᠤᠷ ᠠᠳᠬᠤᠵᠤ᠂ ᠡᠩᠨᠡᠭᠡ ᠶᠢ ᠰᠠᠶᠢᠲᠤᠷ ᠳᠠᠭᠠᠭᠤᠯᠵᠤ᠂ ᠵᠠᠯᠠᠭᠤᠴᠤᠳ ᠲᠤ ᠢᠯᠡᠭᠦᠬᠡᠨ ᠡᠭᠦᠷᠭᠡ ᠳᠠᠭᠠᠭᠠᠯᠭᠠᠵᠤ᠂ ᠠᠬᠠᠮᠠᠳ ᠨᠥᠬᠦᠳ ᠤᠨ ᠬᠠᠷᠠᠭᠠᠯᠵᠠᠯ ᠢ ᠯᠠᠪᠳᠠᠭᠤᠨ ᠢᠶᠠᠷ ᠨᠠᠶᠢᠳᠠᠪᠤᠷᠢᠵᠢᠭᠤᠯᠬᠤ ᠬᠡᠷᠡᠭᠲᠡᠢ︔ ᠲᠤᠰᠬᠠᠢ ᠮᠡᠷᠭᠡᠵᠢᠯ ᠤᠨ ᠴᠢᠨᠠᠷᠲᠠᠢ᠂ ᠬᠠᠮ ᠬᠡᠯᠪᠡᠷᠢ ᠶᠢᠨ ᠴᠢᠳᠠᠪᠤᠷᠢᠲᠠᠨ ᠢ ᠬᠥᠮᠥᠵᠢᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠴᠠᠭ ᠦᠶ᠎ᠡ ᠲᠠᠢ ᠵᠡᠷᠭᠡᠪᠡᠷ ᠤᠷᠤᠭᠰᠢᠯᠠᠵᠤ᠂ ᠠᠵᠢᠯ ᠤᠨ ᠬᠠᠷᠠᠯᠲᠠ ᠪᠣᠯᠣᠨ ᠬᠠᠷᠢᠭᠤᠴᠠᠯᠭ᠎ᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠬᠢᠨᠠᠯᠲᠠ ᠵᠢᠯᠣᠭᠤᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ᠃ ᠳᠥᠷᠪᠡ ᠳᠤ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠤᠬᠠᠮᠰᠠᠷ ᠢᠶᠠᠨ ᠳᠡᠭᠡᠭᠰᠢᠯᠡᠭᠦᠯᠵᠦ᠂ ᠤᠯᠤᠰ ᠲᠤᠶᠢᠷᠦ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ ᠂ ᠠᠮᠢᠳᠤᠷᠠᠯ ᠤᠨ ᠰᠠᠬᠢᠯᠭ᠎ᠠ ᠪᠠᠲᠤ ᠶᠢ ᠡᠷᠬᠢᠮᠯᠡᠬᠦ ᠬᠡᠷᠡᠭᠲᠡᠢ᠃ ᠲᠡᠷᠢᠭᠦᠨ ᠵᠡᠷᠭᠡ ᠶᠢᠨ ᠬᠠᠷᠠᠯᠲᠠ ᠶᠢ ᠲᠠᠭᠠᠷᠠᠭᠤᠯᠵᠤ ᠪᠠᠶᠢᠭᠠᠳ ᠴᠢᠷᠮᠠᠶᠢᠨ ᠲᠡᠮᠡᠴᠡᠵᠦ᠂ ᠴᠠᠭ ᠢ ᠠᠮᠵᠢᠨ᠂ ᠲᠡᠷᠢᠭᠦᠨ ᠵᠡᠷᠭᠡ ᠶᠢᠨ ᠬᠢ ᠶᠢ ᠴᠢᠷᠮᠠᠶᠢᠨ ᠡᠭᠦᠳᠬᠦ ᠬᠡᠷᠡᠭᠲᠡᠢ ᠭᠡᠪᠡ᠃
图片3.png
       ᠡᠷᠬᠢᠯᠡᠭᠴᠢ ᠸᠠᠩ ᠶᠤᠸᠠᠢ ᠹᠧᠢ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ ᠢ ᠲᠦᠯᠦᠭᠡᠯᠡᠨ ᠳᠡᠳ᠋ ᠲᠢᠩᠬᠢᠮ ᠤᠨ ᠳᠠᠷᠤᠭ᠎ᠠ ᠵᠠᠩ ᠢᠦᠢ ᠶᠢᠨ ᠶᠠᠭᠠᠷᠠᠯᠲᠠᠢ ᠠᠵᠢᠯ ᠤᠨ ᠳᠤᠮᠳᠠ ᠪᠠᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠳᠤ ᠲᠠᠯᠠᠷᠬᠠᠵᠤ᠂ ᠳᠡᠳ᠋ ᠲᠢᠩᠬᠢᠮ ᠤᠨ ᠳᠠᠷᠤᠭ᠎ᠠ ᠵᠠᠩ ᠢᠦᠢ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ ᠪᠠᠶᠢᠭᠤᠯᠤᠭᠳᠠᠭᠰᠠᠨ ᠠᠴᠠ ᠨᠠᠭᠠᠰᠢᠬᠢ ᠠᠵᠢᠯ ᠢ ᠨᠤᠲᠠᠯᠠᠭᠰᠠᠨ ᠪᠥᠭᠡᠳ ᠲᠥᠪ ᠤᠨ ᠬᠤᠶᠢᠰᠢᠳᠠ ᠶᠢᠨ ᠠᠵᠢᠯ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ᠂ ᠢᠯᠠᠩᠭᠤᠶ᠎ᠠ ᠭᠤᠣᠯᠳᠠᠯᠭ᠎ᠠ ᠲᠠᠢ ᠠᠵᠢᠯ ᠳᠤ ᠴᠢᠭᠯᠡᠭᠦᠯᠦᠨ ᠪᠣᠳᠠᠲᠠᠢ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ ᠤᠨ ᠥᠷᠭᠡᠨ ᠣᠯᠠᠨ ᠺᠠᠳ᠋ᠷ ᠠᠵᠢᠯᠲᠠᠨ ᠲᠣᠰ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠬᠤᠶᠢᠰᠢᠳᠠ ᠶᠢᠨ ᠠᠵᠢᠯ ᠳᠠᠭᠠᠨ ᠲᠢᠩᠬᠢᠮ ᠤᠨ ᠤᠳᠤᠷᠢᠳᠤᠯᠭ᠎ᠠ ᠶᠢᠨ ᠱᠠᠭᠠᠷᠳᠠᠯᠭ᠎ᠠ ᠶᠢ ᠢᠳᠡᠪᠬᠢᠲᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠪᠥᠬᠦ ᠣᠷᠣᠨ ᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠲᠠᠷᠢᠶᠠᠯᠠᠩ ᠤᠨ ᠠᠮᠢ ᠠᠬᠤᠢ ᠣᠷᠴᠢᠨ ᠠᠬᠤᠢ ᠶᠢᠨ ᠬᠠᠮᠠᠭᠠᠯᠠᠯᠲᠠ ᠶᠢᠨ ᠰᠢᠨ᠎ᠡ ᠪᠠᠶᠢᠳᠠᠯ ᠢ ᠴᠢᠷᠮᠠᠶᠢᠨ ᠪᠣᠶ ᠪᠣᠯᠭᠠᠨ᠎ᠠ ᠭᠡᠵᠦ ᠵᠤᠷᠢᠭ ᠢᠶᠠᠨ ᠢᠯᠡᠳᠭᠡᠵᠡᠭᠡᠵᠦ ᠪᠠᠶᠢᠯ᠎ᠠ︕
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号