ᠥᠪᠥᠷ ᠮᠣᠩᠭᠤᠯ ᠤᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠥᠭᠡᠮᠨᠡᠷᠡᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠪᠥᠬᠦ ᠤᠯᠤᠰ ᠤᠨ ᠨᠡᠶᠢᠲᠡᠯᠢᠭ ᠲᠤᠷᠰᠢᠯᠭ᠎ᠠ ᠶᠢᠨ ᠰᠣᠯᠢᠯᠴᠠᠭᠠᠨ ᠳᠤ ᠰᠣᠩᠭᠤᠭᠳᠠᠪᠠ
ᠨᠡᠶᠢᠲᠡᠯᠡᠭᠰᠡᠨ ᠴᠠᠭ᠄
2024/11/28
      11 ᠰᠠᠷ᠎ᠠ ᠶᠢᠨ 27 ᠤ ᠡᠳᠦᠷ ᠠᠴᠠ 28 ᠤ ᠡᠳᠦᠷ ᠪᠣᠯᠲᠠᠯ᠎ᠠ᠂ ᠪᠥᠬᠦ ᠤᠯᠤᠰ ᠤᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠥᠭᠡᠮᠨᠡᠷᠡᠯ ᠤᠨ ᠪᠦᠲᠦᠭᠡᠨ ᠪᠠᠶᠢᠭᠤᠯᠤᠯᠲᠠ ᠶᠢᠨ ᠪᠣᠯᠪᠠᠰᠤᠷᠠᠯ ᠤᠨ ᠠᠩᠭᠢ ᠶᠢ ᠬᠤᠪᠧᠢ ᠮᠤᠵᠢ ᠶᠢᠨ ᠢᠴᠠᠩ ᠬᠤᠲᠠ ᠳᠤ ᠠᠮᠵᠢᠯᠲᠠᠲᠠᠢ ᠡᠷᠬᠢᠯᠡᠪᠡ᠃ ᠲᠣᠰ ᠤᠳᠠᠭᠠᠨ ᠤ ᠪᠣᠯᠪᠠᠰᠤᠷᠠᠯ ᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠠᠴᠠ ᠭᠤᠣᠯᠯᠠᠨ ᠡᠷᠭᠢᠯᠡᠵᠦ᠂ ᠡᠳ᠋ ᠤᠨ ᠵᠠᠰᠠᠭ ᠤᠨ ᠶᠠᠮᠤᠨ ᠵᠢᠴᠢ ᠡᠯ᠎ᠡ ᠮᠤᠵᠢ᠂ ᠬᠤᠲᠠ ︵ᠲᠣᠭᠤᠷᠢᠭ︶ ᠶᠢᠨ ᠲᠠᠷᠢᠶᠠᠯᠠᠩ ᠬᠥᠳᠡᠭᠡ ᠲᠣᠰᠬᠤᠨ ᠤ ᠰᠠᠯᠠᠭ᠎ᠠ ᠮᠥᠴᠢᠷ ᠬᠠᠮᠲᠤ ᠪᠠᠷ ᠪᠣᠯᠪᠠᠰᠤᠷᠠᠯ ᠳᠤ ᠣᠷᠣᠯᠴᠠᠵᠠᠢ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠨᠢ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠥᠭᠡᠮᠨᠡᠷᠡᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠭᠰᠠᠨ ᠰᠢᠯᠢᠳᠡᠭ ᠨᠡᠶᠢᠲᠡᠯᠢᠭ ᠲᠥᠯᠥᠭᠡᠯᠡᠭᠴᠢ ᠪᠣᠯᠤᠭᠰᠠᠨ ᠤ ᠬᠤᠪᠢ ᠳᠤ᠂ ᠪᠣᠯᠪᠠᠰᠤᠷᠠᠯ ᠳᠤ ᠨᠡᠶᠢᠲᠡᠯᠢᠭ ᠲᠤᠷᠰᠢᠯᠭ᠎ᠠ ᠰᠣᠯᠢᠯᠴᠠᠬᠤ ᠶᠠᠷᠢᠶ᠎ᠠ ᠲᠠᠯᠪᠢᠪᠠ᠃
1.png
      ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠪᠣᠯᠣᠨ ᠠᠲᠠᠷ ᠬᠠᠭᠠᠯᠪᠤᠷᠢᠯᠠᠯᠲᠠ ᠶᠢᠨ ᠭᠠᠵᠠᠷ ᠤᠨ ᠳᠠᠷᠤᠭ᠎ᠠ ᠬᠤᠸᠠᠩ ᠸᠧᠢ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠥᠭᠡᠮᠨᠡᠷᠡᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠤ ᠦᠵᠡᠭᠦᠯᠦᠭᠰᠡᠨ ᠴᠢᠬᠤᠯᠠ ᠦᠢᠯᠡᠳᠦᠯ ᠢ ᠨᠠᠷᠢᠨ ᠲᠠᠨᠢᠯᠴᠠᠭᠤᠯᠵᠠᠢ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠥᠭᠡᠮᠨᠡᠷᠡᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠳᠤᠮᠳᠠ ᠳ᠋ᠦᠩᠨᠡᠭᠰᠡᠨ ︽ᠨᠢᠭᠡ ᠬᠤᠶᠠᠷ ᠭᠤᠷᠪᠠ ᠳᠥᠷᠪᠡ ᠲᠠᠪᠤᠵᠢᠷᠭᠤᠭ᠎ᠠ︾ ᠶᠢᠨ ᠠᠵᠢᠯ ᠤᠨ ᠵᠠᠭᠪᠤᠷ ᠢ ᠬᠤᠪᠢᠶᠠᠯᠴᠠᠨ ᠡᠳ᠋ᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠥᠭᠡᠮᠨᠡᠷᠡᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠠᠯ᠎ᠠ ᠪᠠᠷ ᠣᠯᠣᠭᠰᠠᠨ ᠢᠯᠡᠳᠲᠡ ᠦᠷ᠎ᠡ ᠪᠦᠲᠦᠮᠵᠢ ᠶᠢ ᠳᠡᠯᠭᠡᠨ ᠦᠵᠡᠭᠦᠯᠵᠡᠢ᠃
2.png
      ᠣᠶᠢᠷ᠎ᠠ ᠶᠢᠨ ᠵᠢᠯ ᠤᠳ ᠲᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠵᠤ ᠦᠢᠯᠡᠰ ᠤᠨ ᠪᠥᠭᠡᠮᠨᠡᠷᠡᠯ ᠤᠨ ᠪᠦᠲᠦᠭᠡᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠤ ᠦᠢᠯᠡᠰ ᠤᠨ ᠪᠥᠭᠡᠮᠨᠡᠷᠡᠯ ᠤᠨ ᠲᠤᠰᠬᠠᠢ ᠱᠠᠩᠨᠠᠯ ᠤᠨ ᠪᠡᠯᠡ ᠮᠥᠩᠭᠦ ᠶᠢ ᠲᠤᠰᠬᠠᠶᠢᠯᠠᠨ ᠪᠠᠶᠢᠭᠤᠯᠵᠤ᠂ ᠪᠥᠬᠦ ᠣᠷᠣᠨ ᠤ ᠬᠦᠴᠦᠨ ᠢ ᠳᠠᠶᠢᠴᠢᠯᠠᠨ ᠠᠵᠤ ᠦᠢᠯᠡᠰ ᠤᠨ ᠪᠥᠭᠡᠮᠨᠡᠷᠡᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠰᠠᠶᠢᠲᠤᠷ ᠠᠳᠬᠤᠵᠠᠢ᠃ ︽ᠨᠢᠭᠡ ᠬᠠᠷᠠᠯᠳ᠋᠊︾ ᠶᠢ ᠲᠣᠭᠲᠠᠭᠠᠬᠤ ᠬᠡᠷᠡᠭᠲᠡᠢ︔ ︽ᠬᠤᠶᠠᠷ ᠳᠦᠷᠢ︾ ᠶᠢ ᠰᠠᠶᠢᠲᠤᠷ ᠪᠣᠯᠭᠠᠬᠤ ᠬᠡᠷᠡᠭᠲᠡᠢ︔ ︽ᠭᠤᠷᠪᠠᠨ ᠳᠦᠷᠢᠮ︾ ᠢ ᠪᠠᠶᠢᠭᠤᠯᠬᠤ ᠬᠡᠷᠡᠭᠲᠡᠢ︔ ︽ᠳᠥᠷᠪᠡᠨ ᠰᠢᠪᠲᠤᠯᠤᠯᠲᠠ︾ ᠶᠢ ᠪᠡᠶᠡᠯᠡᠭᠦᠯᠬᠦ ᠬᠡᠷᠡᠭᠲᠡᠢ︔ ︽ᠲᠠᠪᠤᠨ ᠪᠠᠲᠤᠯᠠᠭ᠎ᠠ︾ ᠶᠢ ᠴᠢᠩᠭᠠᠷᠠᠭᠤᠯᠬᠤ ᠬᠡᠷᠡᠭᠲᠡᠢ︔  ︽ᠵᠢᠷᠭᠤᠭᠠᠨ ᠵᠦᠢᠯ ᠤᠨ ᠵᠠᠩᠭᠢᠯᠠᠭ᠎ᠠ ᠶᠢᠨ ᠠᠷᠭ᠎ᠠ ᠬᠡᠮᠵᠢᠶ᠎ᠡ︾ ᠶᠢ ᠠᠪᠬᠤ ᠠᠵᠢᠯ ᠤᠨ ᠰᠢᠨ᠎ᠡ ᠶᠢ ᠡᠭᠦᠳᠬᠦ ᠵᠠᠭᠪᠤᠷ ᠢ ᠠᠪᠴᠤ᠂ ᠠᠵᠤ ᠦᠢᠯᠡᠰ ᠤᠨ ᠪᠥᠭᠡᠮᠨᠡᠷᠡᠯ ᠤᠨ ᠪᠦᠲᠦᠭᠡᠨ ᠪᠠᠶᠢᠭᠤᠯᠤᠯᠲᠠ ᠶᠢᠨ ᠪᠦᠬᠦ ᠶᠠᠪᠤᠴᠠ ᠶᠢᠨ ᠬᠠᠮᠢᠶᠠᠷᠤᠯᠲᠠ ᠶᠢ ᠪᠡᠶᠡᠯᠡᠭᠦᠯᠵᠡᠢ᠃ ᠣᠳᠣᠬᠠᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 8 ᠪᠥᠭᠡᠮᠨᠡᠷᠡᠯ ᠤᠨ ᠪᠥᠬᠦ ᠠᠵᠤ ᠦᠢᠯᠡᠰ ᠤᠨ ᠬᠡᠯᠬᠢᠶᠡᠨ ᠤ ᠦᠢᠯᠡᠳᠬᠦᠨ ᠤ ᠥᠷᠲᠡᠭ ᠨᠢᠭᠡᠨᠲᠡ 3488.12 ᠳ᠋ᠦᠩᠰᠢᠭᠤᠷ ᠲᠥᠭᠦᠷᠢᠭ ᠲᠤ ᠬᠦᠷᠴᠦ᠂ ᠰᠢᠨ᠎ᠡ ᠪᠠᠷ ᠨᠡᠮᠡᠭᠳᠡᠭᠰᠡᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ 12᠂ ᠪᠣᠬᠢᠷᠲᠤᠯ ᠦᠭᠡᠢ ᠢᠳᠡᠭᠡᠨ᠂ ᠣᠷᠭᠠᠨᠢᠭ ᠪᠦᠲᠦᠭᠡᠭᠳᠡᠬᠦᠨ ᠤ ᠭᠡᠷᠡᠴᠢᠯᠡᠯ 72᠂ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠢ ᠶᠢᠨ ᠲᠡᠮᠳᠡᠭ ᠤᠨ ᠭᠡᠷᠡᠴᠢᠯᠡᠯ 21 ᠪᠣᠶ︔ ᠲᠣᠯᠣᠭᠠᠶᠢᠯᠠᠭᠴᠢ ᠠᠵᠤ ᠠᠬᠤᠶᠢᠯᠠᠯ᠂ ᠵᠢᠱᠢᠶ᠎ᠡ ᠦᠵᠡᠭᠦᠯᠬᠦ ᠬᠤᠷᠰᠢᠶ᠎ᠠ᠂ ᠠᠵᠤ ᠦᠢᠯᠡᠰᠵᠢᠯᠲᠡ ᠶᠢᠨ ᠬᠤᠯᠪᠣᠭᠠᠲᠤ ᠴᠣᠭᠴᠠ ᠵᠡᠷᠭᠡ ᠪᠡᠶᠡᠴᠢ ᠴᠣᠭᠴᠠ ᠶᠢ 2369 ᠰᠢᠨ᠎ᠡ ᠪᠠᠷ ᠨᠡᠮᠡᠭᠳᠡᠭᠦᠯᠪᠡ︔ ᠮᠥᠩᠭᠦᠨ ᠭᠦᠢᠯᠭᠡᠭᠡ ᠪᠠ ᠨᠡᠶᠢᠭᠡᠮ ᠤᠨ ᠬᠥᠷᠥᠩᠭᠡ ᠶᠢᠨ ᠣᠷᠣᠭᠤᠯᠤᠯᠲᠠ ᠶᠢ 89.2 ᠳ᠋ᠦᠩᠰᠢᠭᠤᠷ ᠲᠥᠭᠦᠷᠢᠭ ᠬᠥᠳᠡᠯᠭᠡᠵᠦ᠂ ᠠᠵᠤ ᠦᠢᠯᠡᠰ ᠤᠨ ᠪᠥᠭᠡᠮᠨᠡᠷᠡᠯ ᠨᠢ ᠨᠢᠭᠡᠨᠲᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠡᠷᠡᠭᠵᠢᠭᠦᠯᠬᠦ ᠰᠢᠨ᠎ᠡ ᠲᠤᠯᠭᠠᠭᠤᠷᠢᠯᠠᠯ᠂ ᠮᠠᠯ ᠠᠵᠤ ᠠᠬᠤᠢ ᠲᠠᠷᠢᠶᠠᠯᠠᠩ ᠤᠨ ᠬᠡᠯᠪᠡᠷᠢ ᠶᠢ ᠬᠤᠪᠢᠷᠠᠭᠤᠯᠤᠨ ᠬᠥᠭᠵᠢᠭᠦᠯᠬᠦ ᠰᠢᠨ᠎ᠡ ᠬᠢᠯᠠᠰ ᠴᠡᠭ᠂ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠠᠴᠢᠶᠠᠯᠠᠪᠤᠷᠢ ᠪᠣᠯᠵᠠᠢ᠃
3.png
 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号