ᠥᠪᠥᠷ ᠮᠣᠩᠭᠤᠯ ᠤᠨ ᠮᠢᠩᠭ᠎ᠠ ᠭᠠᠷᠤᠢ ᠲᠥᠷᠥᠯ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ︽ᠪᠦᠯᠬᠦᠮ︾ ᠬᠤᠷᠢᠨ ᠨᠢᠭᠡᠳᠦᠭᠡᠷ ᠬᠤᠭᠤᠴᠠᠭᠠᠨ ᠤ ᠲᠠᠷᠢᠶᠠᠯᠠᠩ ᠤᠨ ᠠᠷᠠᠯᠵᠢᠶᠠᠨ ᠤ ᠴᠤᠭᠯᠠᠭᠠᠨ ᠳᠤ ᠣᠷᠣᠯᠴᠠᠪᠠ
ᠨᠡᠶᠢᠲᠡᠯᠡᠭᠰᠡᠨ ᠴᠠᠭ᠄
2024/11/28
      11 ᠰᠠᠷ᠎ᠠ ᠶᠢᠨ 28 ᠤ ᠡᠳᠦᠷ ᠠᠴᠠ 12 ᠰᠠᠷ᠎ᠠ ᠶᠢᠨ 1 ᠤ ᠡᠳᠦᠷ ᠪᠣᠯᠲᠠᠯ᠎ᠠ᠂ ᠬᠤᠷᠢᠨ ᠨᠢᠭᠡᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠣᠯᠠᠨ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠴᠤᠭᠯᠠᠭᠠᠨ ︵ᠲᠠᠷᠢᠶᠠᠯᠠᠩ ᠤᠨ ᠠᠷᠠᠯᠵᠢᠶᠠᠨ ᠤ ᠴᠤᠭᠯᠠᠭᠠᠨ ᠭᠡᠵᠦ ᠲᠣᠪᠴᠢᠯᠠᠨ᠎ᠠ︶ ᠭᠤᠸᠠᠩᠳᠦ᠋ᠩ ᠮᠤᠵᠢ ᠶᠢᠨ ᠭᠤᠸᠠᠩᠵᠧᠦ ᠬᠤᠲᠠ ᠳᠤ ᠶᠠᠪᠤᠭᠳᠠᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ 170 ᠭᠠᠷᠤᠢ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠮᠢᠩᠭ᠎ᠠ ᠭᠠᠷᠤᠢ ᠵᠦᠢᠯ ᠤᠨ ᠪᠦᠲᠦᠭᠡᠭᠳᠡᠬᠦᠨ ᠢ ᠠᠪᠴᠤ ᠦᠵᠡᠭᠦᠯᠭᠡ ᠳᠤ ᠣᠷᠣᠯᠴᠠᠪᠠ᠃
1.png
      ᠳᠤᠮᠳᠠᠳᠤ ᠤᠯᠤᠰ ᠤᠨ ᠣᠯᠠᠨ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠴᠤᠭᠯᠠᠭᠠᠨ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠵᠥᠪᠰᠢᠶᠡᠷᠡᠯ ᠢᠶᠠᠷ ᠲᠠᠷᠢᠶᠠᠯᠠᠩ ᠬᠥᠳᠡᠭᠡ ᠲᠣᠰᠬᠤᠨ ᠤ ᠶᠠᠮᠤᠨ ᠠᠴᠠ ᠡᠷᠭᠢᠯᠡᠭᠰᠡᠨ ᠲᠣᠮᠣ ᠬᠡᠯᠪᠡᠷᠢ ᠶᠢᠨ ᠶᠡᠷᠦᠩᠬᠡᠶᠢᠯᠡᠭᠰᠡᠨ ᠲᠥᠷᠥᠯ ᠤᠨ ᠲᠠᠷᠢᠶᠠᠯᠠᠩ ᠤᠨ ᠦᠵᠡᠰᠬᠦᠯᠡᠩ ᠤᠨ ᠴᠤᠭᠯᠠᠭᠠᠨ ᠪᠠᠶᠢᠵᠤ᠂ ᠨᠢᠭᠡᠨᠲᠡ ᠬᠤᠷᠢᠨ ᠬᠤᠭᠤᠴᠠᠭ᠎ᠠ ᠠᠮᠵᠢᠯᠲᠠᠲᠠᠢ ᠡᠷᠭᠢᠯᠡᠪᠡ᠃ ᠲᠣᠰ ᠬᠤᠭᠤᠴᠠᠭᠠᠨ ᠤ ᠲᠠᠷᠢᠶᠠᠯᠠᠩ ᠤᠨ ᠠᠷᠠᠯᠵᠢᠶᠠᠨ ᠤ ᠴᠤᠭᠯᠠᠭᠠᠨ ᠨᠢ ︽ᠦᠵᠡᠭᠦᠯᠭᠡ︾ ᠪᠠᠷ ᠵᠠᠭᠤᠴᠢ ᠪᠣᠯᠭᠠᠵᠤ᠂ ᠰᠢᠨ᠎ᠡ ᠦᠢᠯᠡᠳᠬᠦᠨ ᠰᠢᠨ᠎ᠡ ᠦᠷ᠎ᠡ ᠪᠦᠲᠦᠭᠡᠯ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠵᠠᠭᠪᠤᠷ ᠢ ᠳᠡᠯᠭᠡᠨ ᠦᠵᠡᠭᠦᠯᠵᠦ ᠳᠡᠯᠭᠡᠷᠡᠭᠦᠯᠦᠨ᠂ ᠰᠢᠯᠢᠳᠡᠭ ᠲᠠᠷᠢᠶᠠᠯᠠᠬᠤ ᠰᠣᠶᠣᠯ ᠢ ᠪᠠᠳᠠᠷᠠᠭᠤᠯᠤᠨ ᠵᠠᠯᠭᠠᠮᠵᠢᠯᠠᠵᠤ᠂ ᠴᠢᠨᠠᠷ ᠰᠠᠶᠢᠲᠠᠢ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠢ ᠳᠡᠯᠭᠡᠨ ᠪᠣᠷᠣᠯᠠᠭᠤᠯᠵᠤ᠂ ︽ᠮᠢᠩᠭᠠᠨ ᠲᠦᠮᠡᠨ ᠢᠨᠵᠧᠨᠧᠷᠢᠩ︾ ᠢ ᠰᠤᠷᠤᠯᠴᠠᠨ ᠬᠡᠷᠡᠭᠯᠡᠬᠦ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠦᠷᠭᠦᠯᠵᠢᠯᠡᠨ ᠠᠬᠢᠭᠤᠯᠤᠨ᠎ᠠ᠃
2.png
      ᠥᠪᠥᠷ ᠮᠣᠩᠭᠤᠯ ᠤᠨ ᠦᠵᠡᠭᠦᠯᠭᠡ ᠶᠢᠨ ᠲᠣᠭᠤᠷᠢᠭ ᠤᠨ ᠶᠡᠷᠦᠩᠬᠡᠢ ᠲᠠᠯᠠᠪᠠᠶ ᠨᠢ 537 ᠲᠡᠭᠰᠢ ᠳᠥᠷᠪᠡᠯᠵᠢᠨ ᠮᠧᠲᠷ ᠪᠠᠶᠢᠵᠤ᠂ ᠨᠠᠷᠠᠲᠤ ᠲᠥᠷᠥᠯ ᠲᠡᠮᠳᠡᠭᠲᠦ᠂ ᠭᠠᠵᠠᠷ ᠤᠨ ᠲᠡᠮᠳᠡᠭ᠂ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ᠂ ᠬᠠᠪᠰᠤᠷᠤᠨ ᠲᠡᠳᠬᠦᠬᠦ ᠳᠥᠷᠪᠡᠨ ᠦᠵᠡᠭᠦᠯᠭᠡ ᠶᠢᠨ ᠲᠣᠭᠤᠷᠢᠭ ᠭᠡᠵᠦ ᠬᠤᠪᠢᠶᠠᠵᠠᠢ᠃ ᠨᠡᠷᠡᠲᠦ ᠲᠥᠷᠥᠯ ᠲᠡᠮᠳᠡᠭᠲᠦ ᠶᠢᠨ ᠦᠵᠡᠭᠦᠯᠭᠡ ᠶᠢᠨ ᠲᠣᠭᠤᠷᠢᠭ ᠨᠢ ︽ᠠᠮᠤ ᠪᠤᠳᠠᠭᠠᠨ ᠤ ᠬᠥᠮᠥᠷᠭᠡ︾᠂ ︽ᠮᠢᠬᠠᠨ ᠤᠬᠥᠮᠥᠷᠭᠡ︾᠂ ︽ᠰᠦ ᠶᠢᠨ ᠰᠠᠪᠠ︾᠂ ︽ᠨᠣᠯᠤᠤᠷ ᠤᠨ ᠬᠤᠲᠠ︾᠂ ︽ᠣᠨᠴᠠᠯᠢᠭ︾ ᠵᠡᠷᠭᠡ ᠲᠠᠪᠤᠨ ᠬᠡᠰᠡᠭ ᠢᠶᠠᠷ ᠪᠦᠷᠢᠯᠳᠦᠵᠡᠢ᠃ ᠨᠡᠷᠡᠲᠦ ᠲᠥᠷᠥᠯ ᠲᠡᠮᠳᠡᠭᠲᠦ ᠪᠠᠷ ᠲᠠᠷᠢᠶᠠᠯᠠᠩ ᠢ ᠳᠡᠮᠵᠢᠬᠦ᠂ ᠶᠠᠰᠤ ᠴᠢᠨᠠᠷ ᠢᠶᠠᠷ ᠲᠠᠷᠢᠶᠠᠯᠠᠩ ᠢ ᠬᠥᠭᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠲᠠᠷᠢᠶᠠᠯᠠᠩ ᠢ ᠬᠦᠴᠦᠷᠬᠡᠭᠵᠢᠭᠦᠯᠬᠦ ᠶᠢ ᠠᠬᠢᠭᠤᠯᠬᠤ ᠪᠠᠷ ᠭᠤᠣᠯ ᠪᠣᠯᠭᠠᠵᠤ᠂ ᠳᠡᠯᠭᠡᠨ ᠦᠵᠡᠭᠦᠯᠭᠡ᠂ ᠠᠷᠠᠯᠵᠢᠶᠠᠴᠢᠨ ᠤᠷᠢᠬᠤ ᠵᠦᠪᠳᠡᠯᠴᠡᠭᠡᠷ᠂ ᠠᠷᠠᠯᠵᠢᠶᠠᠨ ᠤ ᠬᠠᠮᠲᠤᠷᠠᠯᠴᠠᠭ᠎ᠠ᠂ ᠳᠡᠯᠭᠡᠷᠡᠭᠦᠯᠦᠨ ᠪᠣᠷᠣᠯᠠᠭᠤᠯᠬᠤ ᠶᠢ ᠣᠷᠭᠠᠨᠢᠭ ᠢᠶᠠᠷ ᠤᠶᠠᠯᠳᠤᠭᠤᠯᠵᠤ᠂ ᠥᠪᠥᠷ ᠮᠣᠩᠭᠤᠯ ᠤᠨ ᠰᠢᠨ᠎ᠡ ᠴᠠᠭ ᠦᠶ᠎ᠡ ᠶᠢᠨ ᠰᠢᠨ᠎ᠡ ᠠᠶᠠᠨ ᠵᠠᠮ ᠳᠠᠬᠢ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠶᠢᠨ ᠦᠷ᠎ᠡ ᠪᠦᠲᠦᠭᠡᠯ ᠢ ᠭᠦᠢᠴᠡᠳ ᠳᠡᠯᠭᠡᠨ ᠦᠵᠡᠭᠦᠯᠵᠦ᠂ ᠰᠣᠯᠢᠯᠴᠠᠭ᠎ᠠ ᠬᠠᠮᠲᠤᠷᠠᠯᠴᠠᠭ᠎ᠠ ᠶᠢᠨ ᠲᠠᠪᠴᠠᠩ ᠢ ᠪᠠᠶᠢᠭᠤᠯᠵᠤ᠂ ︽ᠥᠪᠥᠷ ᠮᠣᠩᠭᠤᠯ︾ ᠦᠰᠦᠭᠲᠦ ᠲᠡᠮᠳᠡᠭ ︱ ᠲᠠᠯ᠎ᠠ ᠨᠤᠲᠤᠭ ᠤᠨ ᠰᠢᠯᠢᠳᠡᠭ ᠪᠦᠲᠦᠭᠡᠭᠳᠡᠬᠦᠨ ᠤ ᠥᠪᠡᠷᠲᠡᠭᠡᠨ ᠵᠠᠰᠠᠬᠤ ᠣᠷᠣᠨ ᠤ ᠲᠡᠰ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭᠲᠦ ᠶᠢ ᠥᠷᠭᠡᠨ ᠢᠶᠠᠷ ᠤᠬᠠᠭᠤᠯᠤᠨ ᠲᠠᠨᠢᠯᠴᠠᠭᠤᠯᠵᠤ᠂ ︽ᠠᠮᠢ ᠠᠬᠤᠢ ᠶᠢᠨ ᠥᠪᠥᠷ ᠮᠣᠩᠭᠤᠯ᠂ ᠪᠣᠬᠢᠷᠲᠤᠯ ᠦᠭᠡᠢ ᠰᠠᠶᠢᠨ ᠦᠨᠦᠷ ᠠᠮᠲᠠ︾  ᠶᠢᠨ ᠠᠯᠳᠠᠨ ᠦᠰᠦᠭᠲᠦ ᠫᠠᠶᠢᠰᠠ ᠶᠢ ᠪᠦᠬᠦ ᠲᠠᠯ᠎ᠠ ᠪᠠᠷ ᠴᠤᠤᠷᠢᠶᠠᠲᠤᠭᠤᠯᠤᠨ᠎ᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠰᠦ ᠶᠢᠨ ᠦᠨᠦᠷ ᠬᠠᠩᠬᠤᠯᠤᠭᠰᠠᠨ ᠪᠢᠰᠢᠯᠠᠭ᠂ ᠲᠣᠰᠣ᠂ ᠥᠷᠥᠮ᠎ᠡ᠂ ᠬᠤᠷᠤᠳ᠂ ᠡᠭᠡᠳᠡᠭᠰᠡᠨ ᠰᠦ ᠵᠡᠷᠭᠡ ᠤᠯᠠᠮᠵᠢᠯᠠᠯᠲᠤ ᠴᠠᠭᠠᠨ ᠢᠳᠡᠭᠡᠨ᠂ ᠮᠢᠬ᠎ᠠ ᠨᠢ ᠰᠢᠨ᠎ᠡ ᠰᠣᠷᠭᠤᠭ᠂ ᠠᠮᠲᠠ ᠨᠢ ᠨᠠᠷᠢᠯᠢᠭ ᠬᠤᠨᠢᠨ ᠮᠢᠬᠠᠨ ᠤ ᠱᠣᠣ ᠮᠠᠢ᠂ ᠵᠥᠭᠡᠯᠡᠨ ᠠᠮᠲᠠᠲᠠᠢ᠂ ᠪᠣᠬᠢᠷᠲᠤᠯ ᠦᠭᠡᠢ ᠡᠷᠡᠭᠦᠯ ᠬᠢᠩᠭᠠᠨ ᠠᠶᠢᠮᠠᠭ ᠤᠨ ᠲᠤᠲᠤᠷᠭ᠎ᠠ᠂ ᠮᠥᠬᠦᠯᠢᠭ ᠳᠦᠭᠦᠷᠡᠩ ᠠᠮᠲᠠᠲᠠᠢ᠂ ᠠᠮᠳᠠ ᠨᠢ ᠬᠡᠦᠷᠡᠭ ᠪᠣᠷᠣᠳᠣᠬᠤᠢ ᠶᠢᠨ ᠨᠡᠷᠡᠨ ᠬᠤᠸᠠᠷ ᠤᠨ ᠦᠷ᠎ᠡ  ᠨᠢ ᠳᠡᠯᠭᠡᠨ ᠦᠵᠡᠭᠦᠯᠭᠡ ᠳᠤ ᠣᠷᠣᠯᠴᠠᠭᠰᠠᠨ ᠮᠠᠰᠢ ᠤᠯᠠᠨ ᠬᠤᠳᠠᠯᠳᠤᠭᠠᠴᠢᠳ ᠪᠣᠯᠣᠨ ᠬᠤᠳᠠ ᠶᠢᠨ ᠠᠷᠠᠳ ᠤᠨ ᠠᠩᠬᠠᠷᠤᠯ ᠢ ᠲᠠᠲᠠᠵᠠᠢ᠃
3.png
      ᠦᠵᠡᠭᠦᠯᠭᠡ ᠶᠢᠨ ᠬᠤᠭᠤᠴᠠᠭᠠᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠪᠠᠰᠠ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠤᠨ ᠲᠠᠨᠢᠯᠴᠠᠭᠤᠯᠬᠤ ᠠᠵᠢᠯᠯᠠᠭ᠎ᠠ ᠶᠢ ᠵᠡᠷᠭᠡ ᠪᠠᠷ ᠵᠣᠬᠢᠶᠠᠨ ᠪᠠᠶᠢᠭᠤᠯᠵᠤ᠂ ᠲᠤᠬᠠᠢ ᠶᠢᠨ ᠲᠠᠯᠠᠪᠤᠷ ᠲᠤ ᠲᠠᠨᠢᠯᠴᠠᠭᠤᠯᠬᠤ᠂ ᠵᠥᠪᠳᠡᠯᠴᠡᠨ ᠶᠠᠷᠢᠯᠴᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠥᠪᠥᠷ ᠮᠣᠩᠭᠤᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠲᠠᠯ᠎ᠠ ᠨᠤᠲᠤᠭ ᠠᠴᠠ ᠲᠦᠭ ᠲᠦᠮᠡᠨ ᠠᠶᠢᠯ ᠡᠷᠦᠬᠡ ᠳᠤ ᠬᠦᠷᠭᠡᠬᠦ ᠳᠤ ᠬᠦᠴᠦ ᠨᠡᠮᠡᠷᠢᠯᠡᠪᠡ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号